ᠬᠤᠳᠠ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/12/5
       ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 1958 ᠣᠨ ᠳᠤ ᠪᠠᠶᠢᠭᠤᠯᠤᠭᠳᠠᠵᠤ᠂ ᠪᠦᠬᠦ ᠤᠯᠤᠰ ᠤᠨ ᠭᠤᠷᠪᠠᠨ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠢᠭᠡ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠲᠠᠯ᠎ᠠ᠂ ᠬᠥᠯᠥᠨ ᠪᠤᠶᠢᠷ ᠤᠨ ᠲᠠᠯ᠎ᠠ ᠨᠤᠲᠤᠭ ᠤᠨ ᠵᠡᠭᠦᠨ ᠡᠮᠦᠨ᠎ᠡ ᠬᠡᠰᠡᠭ ᠲᠤ ᠪᠠᠶᠢᠷᠢᠯᠠᠳᠠᠭ᠃ ᠵᠡᠭᠦᠨ ᠲᠠᠯ᠎ᠠ ᠪᠠᠷ ᠢᠶᠠᠨ ᠶᠠᠭᠰᠢ ᠬᠤᠲᠠ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠵᠠᠯᠠᠨ ᠠᠶᠢᠯ ᠬᠤᠲᠠ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠰᠢᠨ᠎ᠡ ᠪᠠᠷᠭᠤ ᠵᠡᠭᠦᠨ ᠬᠤᠰᠢᠭᠤ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠬᠠᠶᠢᠯᠠᠷ ᠲᠣᠭᠤᠷᠢᠭ᠂ ᠬᠠᠭᠤᠴᠢᠨ ᠪᠠᠷᠭᠤ ᠬᠤᠰᠢᠭᠤ ᠲᠠᠢ ᠬᠥᠷᠰᠢᠯᠡᠵᠦ ᠪᠠᠶᠢᠨ᠎ᠠ᠃ ᠬᠤᠰᠢᠭᠤᠨ ᠤ ᠬᠢᠯᠢ ᠳᠤ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠠ ᠶᠠᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠩᠭᠤᠯᠵᠢ ᠣᠶ ᠰᠢᠭᠤᠢ ᠶᠢᠨ ᠲᠣᠪᠴᠢᠶ᠎ᠠ ᠵᠡᠷᠭᠡ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠠᠵᠤ ᠠᠬᠤᠶᠢᠯᠠᠯ ᠤᠳ ᠰᠠᠭᠤᠭ᠎ᠠ ᠶᠣᠮ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯ ᠤᠷᠢᠳ ᠬᠤᠵᠢᠳ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ︾ ︽ᠪᠥᠬᠦ ᠤᠯᠤᠰ ᠤᠨ ᠪᠣᠯᠪᠠᠰᠤᠨ ᠬᠤᠰᠢᠭᠤ ᠰᠢᠶᠠᠨ︾ ︽ᠪᠥᠬᠦ ᠤᠯᠤᠰ ᠤᠨ ᠰᠣᠶᠣᠯ ᠤᠨ ᠲᠡᠷᠢᠭᠦᠨ ᠤ ᠰᠢᠶᠠᠨ︾ ︽ᠪᠥᠬᠦ ᠤᠯᠤᠰ ᠤᠨ ᠦᠨᠳᠦᠰᠦᠲᠡᠨ ᠤ ᠳᠠᠭᠤᠤ ᠪᠥᠵᠢᠭ ᠤᠨ ᠨᠤᠲᠤᠭ︾ ︽ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠡᠷᠢᠭᠦᠨ ᠤ ᠰᠢᠶᠠᠨ︾ ︽ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠬᠡᠭ ᠰᠢᠶᠠᠨ︾ ︽ᠪᠥᠬᠦ ᠤᠯᠤᠰ ᠤᠨ ᠪᠡᠶ᠎ᠡ ᠶᠢᠨ ᠲᠠᠮᠢᠷ ᠤᠨ ᠬᠦᠴᠦᠷᠬᠡᠭ ᠬᠤᠰᠢᠭᠤ︾ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠲᠡᠷᠢᠭᠦᠨ ᠤ ᠰᠢᠶᠠᠨ︾ ︽ᠤᠯᠤᠰ ᠤᠨ ᠲᠠᠰ ᠤᠨ ᠠᠮᠢ ᠠᠬᠤᠢ ᠶᠢᠨ ᠬᠤᠰᠢᠭᠤ︾ ᠵᠡᠷᠭᠡ ᠠᠯᠢ ᠣᠯᠠᠨ ᠢᠷᠠᠭᠤ ᠠᠯᠳᠠᠷ ᠤᠨ ᠴᠣᠯᠠ ᠶᠢ ᠭᠥᠷᠳᠡᠪᠡ ᠃       ᠪᠥᠬᠦ ᠬᠤᠰᠢᠭᠤᠨ ᠳᠤ 4 ᠪᠠᠯᠭᠠᠰᠤ 1 ᠰᠢᠶᠠᠩ 5 ᠰᠤᠮᠤ᠂ 44 ᠭᠠᠴᠠᠭ᠎ᠠ᠂ 29 ᠨᠡᠶᠢᠭᠡᠮ ᠲᠣᠭᠤᠷᠢᠭ ᠢ ᠬᠠᠷᠢᠶᠠᠯᠠᠵᠤ᠂ ᠰᠢᠶᠠᠨ ᠤ ᠲᠥᠪ ᠤᠨ ᠰᠠᠭᠤᠭ᠎ᠠ ᠭᠠᠵᠠᠷ ᠨᠢ ᠪᠠᠶᠠᠨᠲᠤᠬᠠᠢ ᠪᠠᠯᠭᠠᠰᠤ ᠪᠣᠯᠣᠨ᠎ᠠ᠃ ᠬᠠᠷᠢᠶᠠᠲᠤ ᠣᠷᠣᠨ ᠳᠤ ᠨᠡᠶᠢᠲᠡ 25 ᠦᠨᠳᠦᠰᠦᠲᠡᠨ ᠲᠠᠢ᠂ ᠶᠡᠷᠦᠩᠬᠡᠢ ᠬᠥᠮᠥᠨ ᠠᠮᠠ ᠨᠢ 134790 ᠬᠥᠮᠥᠨ ᠪᠠᠶᠢᠨ᠎ᠠ᠃ ᠡᠭᠦᠨ ᠤ ᠳᠣᠲᠣᠷ᠎ᠠ᠄ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 60984 ᠪᠠᠶᠢᠵᠤ᠂ ᠪᠦᠬᠦ ᠬᠥᠮᠥᠨ ᠠᠮᠠ ᠶᠢᠨ 45.2% ᠢ ᠡᠵᠡᠯᠡᠨ᠎ᠡ᠂ ᠡᠸᠡᠩᠬᠢ ᠦᠨᠳᠦᠰᠦᠲᠡᠨ ᠤ ᠬᠥᠮᠥᠨ ᠠᠮᠠ 12093᠂ ᠪᠥᠬᠦ ᠬᠥᠮᠥᠨ ᠠᠮᠠ ᠶᠢᠨ 9.0% ᠶᠢ ᠡᠵᠡᠯᠡᠨ᠎ᠡ᠃ ᠭᠠᠵᠠᠷ ᠰᠢᠷᠣᠢ ᠶᠢᠨ ᠶᠡᠷᠦᠩᠬᠡᠢ ᠲᠠᠯᠠᠪᠠᠶ  ᠨᠢ 19111 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠄ ᠨᠤᠲᠤᠭ ᠪᠡᠯᠴᠢᠭᠡᠷ ᠤᠨ ᠲᠠᠯᠠᠪᠠᠶ ᠨᠢ 11900 ᠲᠡᠭᠰᠢ ᠳᠥᠷᠪᠡᠯᠵᠢᠨ ᠺᠢᠯᠣᠮᠧᠲᠷ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 62.2% ᠢ ᠡᠵᠡᠯᠡᠨ᠎ᠡ︔ ᠣᠶᠢᠲᠤ ᠭᠠᠵᠠᠷ ᠤᠨ ᠲᠠᠯᠠᠪᠠᠶ ᠨᠢ 6462 ᠲᠡᠭᠰᠢ ᠳᠥᠷᠪᠡᠯᠵᠢᠨ ᠺᠢᠯᠣᠮᠧᠲᠷ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 33.8% ᠶᠢ ᠡᠵᠡᠯᠡᠵᠦ᠂ ᠪᠥᠬᠦ ᠤᠯᠤᠰ ᠤᠨ ᠬᠠᠮᠤᠭ ᠤᠨ ᠲᠣᠮᠣ ᠵᠢᠭᠠᠷᠲᠤ ᠨᠠᠷᠠᠰᠤᠨ ᠤ ᠡᠬᠡ ᠮᠣᠳᠣᠨ ᠤ ᠰᠠᠭᠤᠷᠢᠨ ᠭᠠᠵᠠᠷ ᠲᠠᠢ ᠪᠠᠶᠢᠵᠤ᠂ ᠳᠡᠯᠡᠬᠡᠢ ᠳᠤ ᠠᠯᠳᠠᠷᠰᠢᠭᠰᠠᠨ ᠡᠯᠡᠰᠦᠷᠬᠡᠭ ᠭᠠᠵᠠᠷ ᠤᠨ ᠵᠢᠭᠠᠷᠲᠤ ᠨᠠᠷᠠᠰᠤᠨ ᠤ ᠣᠶ ᠶᠢᠨ ᠪᠦᠰᠡ ᠪᠣᠯᠣᠨ᠎ᠠ᠃       ᠥᠪᠡᠷᠲᠡᠭᠡᠨ ᠵᠠᠰᠠᠬᠤ ᠬᠤᠰᠢᠭᠤ ᠪᠣᠯ ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠤᠨ ᠪᠠᠷᠠᠭᠤᠨ ᠬᠤᠶᠢᠲᠤ ᠪᠠᠯ ᠳᠤ ᠪᠠᠶᠢᠷᠢᠯᠠᠵᠤ᠂ ᠳᠠᠯᠠᠶ ᠶᠢᠨ ᠲᠦᠪᠰᠢᠨ ᠠᠴᠠ ᠳᠤᠮᠳᠠᠴᠢ ᠪᠠᠷ 800 ~ 1000 ᠮᠧᠲᠷ ᠡᠷᠭᠦᠭᠳᠡᠭᠰᠡᠨ ᠪᠠᠶᠢᠨ᠎ᠠ᠃ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠠᠳᠡᠬᠢ ᠡᠪᠦᠯ ᠤᠨ ᠤᠯᠠᠷᠢᠯ ᠣᠷᠳᠣ ᠪᠥᠭᠡᠳ ᠬᠠᠬᠢᠷ ᠬᠦᠢᠲᠡᠨ᠂ ᠵᠤᠨ ᠤ ᠤᠯᠠᠷᠢᠯ ᠨᠢ ᠳᠤᠯᠠᠭᠠᠨ ᠣᠬᠤᠷ᠂ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ ᠲᠡᠭ ᠠᠴᠠ ᠳᠣᠷᠣᠭᠰᠢ 2.2 ᠭᠷᠡᠳᠦ᠋ᠰ ᠠᠴᠠ ᠳᠡᠭᠡᠭᠰᠢ 0.7 ᠭᠷᠡᠳᠦ᠋ᠰ ᠤᠨ ᠬᠤᠭᠤᠷᠣᠨᠳᠤ ᠪᠠᠶᠢᠳᠠᠭ᠃ ᠬᠢᠯᠢ ᠶᠢᠨ ᠳᠣᠲᠣᠷ᠎ᠠ ᠢᠮᠢᠨ ᠭᠤᠣᠯ᠂ ᠬᠤᠢ ᠭᠤᠣᠯ᠂ ᠮᠡᠭᠡᠷᠲᠦ ᠭᠤᠣᠯ᠂ ᠰᠢᠨᠡᠭᠡᠨ ᠭᠤᠣᠯ᠂ ᠤᠭᠤᠨᠤ ᠭᠤᠣᠯ ᠵᠡᠷᠭᠡ 263 ᠭᠤᠣᠯ ᠮᠥᠷᠡᠨ ᠪᠠᠶᠢᠵᠤ᠂ ᠭᠤᠣᠯ ᠤᠰᠤᠨ ᠣᠷᠣᠨ ᠤ ᠲᠠᠯᠠᠪᠠᠶ ᠨᠢ ᠪᠠᠷᠤᠭ 108.8 ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃ ᠬᠡᠭᠡᠷ᠎ᠡ ᠶᠢᠨ ᠠᠮᠢᠲᠠᠨ ᠨᠡᠶᠢᠲᠡ 4 ᠵᠦᠢᠯ ᠤᠨ 14 ᠢᠵᠠᠭᠤᠷ ᠤᠨ 49 ᠵᠦᠢᠯ ᠪᠠᠶᠢᠵᠤ᠂ ᠡᠭᠦᠨ ᠤ ᠳᠣᠲᠣᠷ᠎ᠠ ᠤᠯᠤᠰ ᠤᠨ ᠳᠡᠰ ᠤᠨ ᠬᠠᠮᠠᠭᠠᠯᠠᠯᠲᠠ ᠶᠢᠨ ᠠᠮᠢᠲᠠᠨ 12 ᠵᠦᠢᠯ ᠪᠤᠶ᠃ ᠰᠢᠪᠠᠭᠤᠨ ᠤ ᠲᠥᠷᠥᠯ ᠨᠡᠶᠢᠲᠡ 16 ᠵᠦᠢᠯ ᠤᠨ 34 ᠲᠥᠷᠥᠯ ᠤᠨ 140 ᠵᠦᠢᠯ ᠪᠣᠶ᠂ ᠡᠭᠦᠨ ᠳᠤ ᠤᠯᠤᠰ ᠤᠨ ᠲᠠᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 49 ᠵᠦᠢᠯ ᠪᠣᠶ᠃ ᠬᠡᠭᠡᠷ᠎ᠡ ᠶᠢᠨ ᠤᠷᠭᠤᠮᠠᠯ ᠨᠡᠶᠢᠲᠡ 72 ᠢᠵᠠᠭᠤᠷ ᠤᠨ 284 ᠲᠥᠷᠥᠯ ᠤᠨ 621 ᠵᠦᠢᠯ ᠪᠤᠶ᠃ ᠡᠭᠦᠨ ᠤ ᠳᠣᠲᠣᠷ᠎ᠠ ᠠᠵᠤ ᠠᠬᠤᠢ ᠶᠢᠨ ᠦᠨ᠎ᠡ ᠥᠷᠲᠡᠭ ᠢᠶᠠᠷ ᠨᠡᠯᠢᠶᠡᠳ ᠥᠨᠳᠥᠷ ᠤᠷᠭᠤᠮᠠᠯ᠂ ᠢᠳᠡᠰᠢᠨ ᠤ ᠤᠷᠭᠤᠮᠠᠯ ᠪᠠ ᠬᠤᠪᠣᠷ ᠴᠤᠬᠠᠭ ᠡᠮ ᠤᠨ ᠮᠠᠲ᠋ᠧᠷᠢᠶᠠᠯ ᠪᠤᠶ᠃ ᠵᠢᠱᠢᠶᠡᠯᠡᠬᠦ ᠳᠤ᠂ ᠱᠦᠭᠦᠷᠭᠡᠨ᠎ᠡ᠂ ᠮᠤᠬᠤᠷ ᠴᠠᠭᠠᠨ᠂ ᠲᠡᠮᠡᠭᠡᠨ ᠰᠡᠭᠦᠯ᠂  ᠪᠠᠪᠤ᠂ ᠰᠢᠷ᠎ᠠ  ᠴᠡᠴᠡᠭ᠂ ᠤᠯᠤᠰᠤ᠂ ᠰᠠᠷᠠᠨ᠎ᠠ᠂ ᠲᠠᠯ᠎ᠠ ᠨᠤᠲᠤᠭ ᠤᠨ ᠴᠠᠭᠠᠨ ᠮᠥᠭᠦ ᠭᠡᠬᠦ ᠮᠡᠲᠦ ᠪᠤᠶ᠃ ᠡᠭᠦᠨ ᠤ ᠳᠣᠲᠣᠷ᠎ᠠ ᠠᠵᠤ ᠠᠬᠤᠢ ᠶᠢᠨ ᠦᠨ᠎ᠡ ᠥᠷᠲᠡᠭ ᠢᠶᠠᠷ ᠨᠡᠯᠢᠶᠡᠳ ᠥᠨᠳᠥᠷ ᠤᠷᠭᠤᠮᠠᠯ᠂ ᠢᠳᠡᠰᠢᠨ ᠤ ᠤᠷᠭᠤᠮᠠᠯ ᠪᠠ ᠬᠤᠪᠣᠷ ᠴᠤᠬᠠᠭ ᠡᠮ ᠤᠨ ᠮᠠᠲ᠋ᠧᠷᠢᠶᠠᠯ ᠪᠤᠶ᠃ ᠭᠠᠵᠠᠷ ᠳᠣᠣᠷᠠᠬᠢ ᠡᠬᠢ ᠪᠠᠶᠠᠯᠢᠭ ᠨᠢ ᠨᠡᠭᠦᠷᠡᠰᠦ ᠪᠠᠷ ᠭᠤᠣᠯᠯᠠᠵᠤ᠂ ᠬᠠᠶᠢᠨ ᠲᠣᠳᠣᠯᠠᠭᠰᠠᠨ ᠡᠬᠢ ᠪᠠᠶᠠᠯᠢᠭ ᠤᠨ ᠬᠡᠮᠵᠢᠶ᠎ᠡ ᠨᠢ 455.46 ᠳ᠋ᠦᠩᠰᠢᠭᠤᠷ ᠲᠣᠨ ᠪᠠᠶᠢᠵᠤ᠂ ᠪᠠᠰᠠ ᠲᠡᠮᠦᠷ᠂ ᠴᠣᠬᠤᠢ ᠶᠢᠨ ᠴᠢᠯᠠᠭᠤᠯᠢᠭ᠂ ᠭᠠᠨᠳᠢᠭ ᠴᠢᠯᠠᠭᠤ᠂ ᠴᠠᠶᠢᠷ᠂ ᠬᠥᠩᠭᠡᠨ ᠴᠠᠭᠠᠨ᠂ ᠪᠧᠷᠢᠯᠢ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠠᠶᠢᠨ᠎ᠠ᠃       2023 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 183.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 32.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 14.60 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.2% ᠨᠡᠮᠡᠭᠳᠡᠪᠡ︔ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 38873 ᠲᠥᠭᠦᠷᠢᠭ ᠪᠠ 33349 ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.6% ᠪᠠ 7.4% ᠨᠡᠮᠡᠭᠳᠡᠪᠡ᠃ 
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ