ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠶᠢᠨ ︽ᠪᠦᠬᠦ ᠣᠯᠣᠰ ᠤᠨ ᠴᠦᠬᠡᠨ ᠳᠣᠭᠠᠳᠣ | ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ︾ ᠶᠢ ᠳᠠᠷᠣᠮᠯᠠᠨ ᠳᠠᠷᠬᠠᠭᠠᠬᠤ | ᠳᠣᠬᠠᠢ ᠮᠡᠳᠡᠭᠳᠡᠯ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠠᠯ ᠪᠦᠳᠦᠬᠡᠨ | ᠪᠠᠶᠢᠭᠤᠯᠣᠯᠳᠠ ᠶᠢᠨ ᠪᠢᠩᠲ᠋ᠣᠸᠠᠨ ᠤ ᠬᠡᠷᠡᠭ ᠡᠷᠬᠢᠯᠡᠬᠦ ᠵᠦᠪᠯᠡᠯ ︵ᠳᠢᠩᠬᠢᠮ᠂ ᠳᠣᠪᠴᠢᠶ᠎ᠠ︶᠂ ᠪᠡᠶ᠎ᠡ ᠶᠢᠨ ᠳᠠᠮᠢᠷ ᠤᠨ ᠲᠣᠪᠴᠢᠶ᠎ᠠ᠄ | ᠡᠳᠦᠬᠡ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ | ᠬᠠᠮᠢᠶᠠᠷᠣᠯᠳᠠ ᠶᠢᠨ ᠠᠷᠭ᠎ᠠ︾ ᠶᠢ ᠲᠠ ᠨᠠᠷ ᠲᠤ ᠳᠠᠷᠣᠮᠠᠯᠯᠠᠨ ᠳᠠᠷᠬᠠᠭᠠᠪᠠ᠃ ᠵᠢᠷᠣᠮᠯᠠᠨ ᠬᠡᠷᠡᠭᠵᠢᠬᠦᠯᠬᠦ ᠪᠣᠯᠪᠠᠤ︕ | ᠣᠯᠣᠰ ᠤᠨ ᠬᠡᠷᠡᠭ ᠡᠷᠬᠢᠯᠡᠬᠦ ᠵᠦᠪᠯᠡᠯ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ | 2018 ᠣᠨ ᠤ 5 ᠰᠠᠷ᠎ᠠ ᠶᠢᠨ 29 ᠤ ᠡᠳᠦᠷ | ᠳᠠᠭᠠᠯᠳᠣᠭᠤᠯᠣᠯ᠄ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ | ᠬᠠᠮᠢᠶᠠᠷᠣᠯᠳᠠ ᠶᠢᠨ ᠠᠷᠭ᠎ᠠ︾ | | | ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ | ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ | | | ᠨᠢᠬᠡᠳᠦᠬᠡᠷ ᠪᠦᠯᠦᠭ ᠶᠡᠷᠦᠩᠬᠡᠢ ᠳᠦᠷᠢᠮ | ᠨᠢᠬᠡᠳᠦᠬᠡᠷ ᠵᠣᠷᠪᠣᠰ ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ | ᠪᠠᠶᠢᠭᠤᠯᠣᠯᠳᠠ ᠶᠢᠨ ᠠᠵᠢᠯ ᠢ ᠤᠯᠠᠮ ᠨᠢᠬᠡ ᠠᠯᠬᠤᠮ ᠳᠦᠷᠢᠮᠵᠢᠬᠦᠯᠵᠣ᠂ ᠬᠠᠮᠢᠶᠠᠷᠣᠯᠳᠠ ᠶᠢᠨ ᠳᠦᠪᠰᠢᠨ ᠢᠶᠠᠨ ᠳᠡᠬᠡᠭᠰᠢᠯᠡᠬᠦᠯᠬᠦ ᠶᠢᠨ ᠳᠣᠯᠠᠳᠠ᠂ ︽ᠪᠦᠬᠦᠳᠠ | ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠡᠶ᠎ᠡ ᠶᠢᠨ ᠳᠠᠮᠢᠷ ᠤᠨ ᠬᠠᠤᠯᠢ︾ ᠪᠠ ︽ᠳᠦᠷᠦ ᠶᠢᠨ ᠶᠠᠪᠣᠳᠠᠯ ᠤᠨ ᠬᠤᠷᠢᠶᠠᠠ ᠤ ᠬᠡᠷᠡᠭᠵᠢᠬᠦᠯᠦᠭᠰᠡᠨ ︿ᠪᠦᠬᠦᠳᠠ | ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠳᠡᠨ ᠤ ᠣᠷᠣᠨ ᠨᠣᠳᠤᠭ ᠤᠨ ᠦᠪᠡᠷᠳᠡᠬᠡᠨ ᠵᠠᠰᠠᠬᠤ ᠬᠠᠤᠯᠢ﹀ ᠶᠢᠨ ᠳᠣᠭᠳᠠᠭᠠᠯ︾ ᠢ ᠦᠨᠳᠦᠰᠦᠯᠡᠨ᠂ | ᠳᠣᠰ ᠠᠷᠭ᠎ᠠ ᠶᠢ ᠳᠣᠭᠳᠠᠭᠠᠭᠰᠠᠨ ᠪᠠᠶᠢᠨ᠎ᠠ᠃ | ᠬᠤᠶᠠᠳᠣᠭᠠᠷ ᠵᠣᠷᠪᠣᠰ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠣᠯᠣᠰ ᠤᠨ ᠬᠡᠷᠡᠭ ᠡᠷᠬᠢᠯᠡᠬᠦ ᠵᠦᠪᠯᠡᠯ᠂ | ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠭᠤᠣᠯᠯᠠᠨ ᠡᠷᠬᠢᠯᠡᠵᠣ᠂ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ | ᠬᠤᠳᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠣ᠂ ᠳᠦᠷᠪᠡᠨ ᠵᠢᠯ ᠪᠣᠯᠭᠠᠨ ᠳᠤ ᠨᠢᠬᠡ ᠣᠳᠠᠭ᠎ᠠ ᠵᠣᠬᠢᠶᠠᠨ ᠪᠠᠶᠢᠭᠤᠯᠣᠨ᠎ᠠ᠃ | ᠭᠤᠷᠪᠠᠳᠣᠭᠠᠷ ᠵᠣᠷᠪᠣᠰ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ ︽ᠡᠷᠬᠡ ᠳᠡᠭᠰᠢ᠂ ᠪᠦᠯᠬᠦᠮᠳᠡᠯ᠂ ᠮᠠᠷᠡᠶᠢᠨ | ᠳᠡᠮᠡᠴᠡᠬᠦ᠂ ᠡᠷᠡᠯᠬᠡᠭᠯᠡᠨ ᠣᠷᠣᠭᠰᠢᠯᠠᠬᠤ︾ ᠵᠣᠷᠢᠯᠭ᠎ᠠ ᠪᠠᠷ ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠳᠡᠨ ᠤ ᠬᠠᠮᠳᠣ ᠶᠢᠨ ᠴᠣᠭᠴᠠ ᠶᠢᠨ | ᠣᠬᠠᠮᠰᠠᠷ ᠢ ᠪᠠᠬᠢᠵᠢᠬᠦᠯᠬᠦ ᠶᠢ ᠬᠦᠷᠢᠶᠡᠯᠡᠨ᠂ ᠡᠯ᠎ᠡ ᠦᠨᠳᠦᠰᠦᠳᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠴᠢᠩᠭᠠᠳᠬᠠᠨ᠂ ᠦᠨᠳᠦᠰᠦᠳᠡᠨ ᠤ | ᠪᠦᠯᠬᠦᠮᠳᠡᠯ ᠳᠡᠪᠰᠢᠯᠳᠠ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠬᠦᠭᠵᠢᠯᠳᠡ ᠶᠢ ᠠᠬᠢᠭᠤᠯᠬᠤ ᠪᠠᠷ ᠬᠠᠷᠠᠯᠳᠠ ᠪᠣᠯᠭᠠᠵᠣ᠂ ︽ | ᠦᠪᠡᠷᠮᠢᠴᠠ ᠳᠣᠳᠣ ᠣᠨᠴᠠᠯᠢᠭ᠂ ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ︾ ᠴᠣᠭᠯᠠᠭᠠᠨ ᠵᠣᠬᠢᠶᠠᠨ ᠪᠠᠶᠢᠭᠤᠯᠬᠤ ᠵᠠᠷᠴᠢᠮ ᠢ ᠪᠠᠷᠢᠮᠳᠠᠯᠠᠨ᠎ᠠ᠃ | ᠳᠦᠷᠪᠡᠳᠦᠬᠡᠷ ᠵᠣᠷᠪᠣᠰ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠪᠠ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠡᠷᠬᠡᠪᠰᠢ ᠪᠦᠬᠦ ᠣᠯᠣᠰ ᠤᠨ | ᠦᠨᠳᠦᠰᠦᠳᠡᠨ ᠤ ᠪᠡᠶ᠎ᠡ ᠶᠢᠨ ᠳᠠᠮᠢᠷ ᠤᠨ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠤᠨ ᠭᠤᠣᠯ ᠴᠣᠭᠴᠠ ᠶᠢᠨ ᠡᠬᠦᠷᠬᠡ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠬᠡᠷᠡᠭᠵᠢᠬᠦᠯᠦᠨ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠠᠯ ᠢ ᠡᠰᠡᠷᠬᠦᠴᠡᠬᠦ ᠠᠵᠢᠯ ᠢ ᠴᠢᠩᠭᠠᠳᠬᠠᠨ᠂ ᠠᠷᠢᠭᠤᠨ | ᠴᠢᠬᠡᠴᠢ ᠪᠠᠷ ᠣᠷᠣᠯᠳᠣᠭᠠᠨ ᠬᠢᠬᠦ ᠳᠦᠷᠢᠮ ᠪᠣᠯᠣᠨ ᠳᠣᠭᠳᠠᠯᠴᠠᠭ᠎ᠠ ᠶᠢ ᠪᠠᠶᠢᠭᠤᠯᠣᠨ ᠳᠡᠬᠦᠯᠳᠡᠷᠵᠢᠬᠦᠯᠵᠣ᠂ ᠨᠠᠮ ᠤᠨ ᠰᠠᠬᠢᠯᠭ᠎ᠠ ᠨᠠᠮ ᠤᠨ ᠳᠦᠷᠢᠮ ᠪᠣᠯᠣᠨ | ᠣᠯᠣᠰ ᠤᠨ ᠡᠯ᠎ᠡ ᠲᠦᠷᠦᠯ ᠤᠨ ᠬᠠᠤᠯᠢ ᠴᠠᠭᠠᠵᠠ ᠳᠦᠷᠢᠮ ᠳᠣᠭᠳᠠᠭᠠᠯ ᠢ ᠳᠦᠪ ᠴᠢᠩᠭ᠎ᠠ ᠪᠠᠷ ᠬᠡᠷᠡᠭᠵᠢᠬᠦᠯᠦᠨ᠂ ᠪᠡᠯᠡᠳᠬᠡᠯ ᠠᠵᠢᠯ ᠤᠨ ᠠᠷᠢᠭᠤᠨ | ᠴᠢᠬᠡᠴᠢ ᠦᠷ᠎ᠡ ᠪᠦᠳᠦᠮᠵᠢ ᠲᠠᠢ ᠪᠠᠶᠢᠬᠤ ᠶᠢ ᠪᠠᠳᠣᠯᠠᠨ᠎ᠠ᠃ |