7 ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ
ᠨᠡᠶᠢᠲᠡᠯᠡᠭᠰᠡᠨ ᠴᠠᠭ᠄
2024/12/6
       ᠳᠣᠯᠣᠳᠣᠭᠠᠷ ᠪᠦᠯᠦᠭ ᠣᠷᠣᠯᠳᠣᠭᠠᠨ ᠤ ᠳᠦᠷᠦᠯ ᠵᠦᠢᠯ ᠤᠨ ᠰᠡᠳᠦᠪ ᠳᠣᠭᠳᠠᠭᠠᠯᠳᠠ        ᠬᠤᠷᠢᠳᠣᠭᠠᠷ ᠵᠣᠷᠪᠣᠰ ᠫᠣᠣᠵᠢᠩ᠂ ᠮᠣᠳᠣᠨ ᠪᠦᠮᠪᠦᠭᠡ᠂ ᠳᠡᠪᠡᠭ᠂ ᠯᠣᠣᠳᠣ ᠣᠩᠭᠤᠴᠠ᠂ ᠳᠡᠬᠦᠵᠢᠩ᠂ ᠭᠠᠭᠴᠠ ᠬᠤᠯᠣᠰᠣᠨ ᠤ ᠬᠦᠪᠪᠣᠯᠳᠠ ᠶᠢᠨ ᠣᠷᠣᠯᠳᠣᠭᠠᠨ᠂ ᠬᠤᠯᠬᠤᠪᠴᠢ ᠨᠣᠮᠣ᠂ ᠳᠣᠭᠤᠷᠢᠭᠤᠯ᠂ ᠵᠢᠳᠬᠦᠯᠬᠡ  ᠶᠢᠨ ᠣᠷᠣᠯᠳᠣᠭᠠᠨ᠂ ᠮᠣᠳᠣᠨ ᠬᠦᠯ ᠬᠢᠰᠬᠢᠬᠦ ᠣᠷᠣᠯᠳᠣᠭᠠᠨ᠂ ᠬᠠᠪᠳᠠᠰᠣᠨ ᠱᠠᠬᠠᠢ ᠶᠢᠨ ᠣᠷᠣᠯᠳᠣᠭᠠᠨ᠂ ᠦᠨᠳᠦᠰᠦᠳᠡᠨ ᠤ ᠦᠱᠦ᠂ ᠦᠨᠳᠦᠰᠦᠳᠡᠨ ᠤ ᠪᠦᠬᠡ᠂ ᠦᠨᠳᠦᠰᠦᠳᠡᠨ ᠤ ᠮᠣᠷᠢᠨ ᠮᠡᠷᠬᠡᠵᠢᠯ᠂ ᠦᠨᠳᠦᠰᠦᠳᠡᠨ ᠤ ᠪᠡᠶ᠎ᠡ ᠴᠢᠬᠢᠷᠠᠭᠵᠢᠭᠤᠯᠬᠤ ᠳᠠᠮᠢᠷ ᠵᠡᠷᠬᠡ 17 ᠳᠦᠷᠦᠯ ᠵᠦᠢᠯ ᠢ ᠨᠢᠬᠡᠨᠳᠠ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ ᠪᠠᠶᠢᠩᠭᠤ ᠶᠢᠨ ᠳᠦᠷᠦᠯ ᠵᠦᠢᠯ ᠢᠶᠠᠷ ᠳᠣᠭᠳᠠᠭᠠᠭᠰᠠᠨ ᠪᠠᠶᠢᠨ᠎ᠠ᠃ ᠰᠡᠳᠦᠪ ᠳᠣᠭᠳᠠᠭᠠᠬᠤ ᠳᠣᠭᠳᠠᠭᠠᠯ ᠳᠤ ᠨᠡᠶᠢᠴᠡᠭᠰᠡᠨ ᠪᠣᠰᠣᠳ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠦᠯ ᠵᠦᠢᠯ ᠢ ᠭᠤᠶᠣᠴᠢᠯᠠᠬᠤ ᠪᠠᠷ ᠳᠠᠮᠵᠢᠨ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ ᠨᠡᠮᠡᠭᠳᠡᠭᠰᠡᠨ ᠳᠦᠷᠦᠯ ᠵᠦᠢᠯ᠂ ᠪᠠᠶᠢᠩᠭᠤ ᠶᠢᠨ ᠪᠣᠰᠣ ᠳᠦᠷᠦᠯ ᠵᠦᠢᠯ ᠪᠣᠯᠣᠨ ᠪᠠᠶᠢᠩᠭᠤ ᠶᠢᠨ ᠳᠦᠷᠦᠯ ᠵᠦᠢᠯ ᠪᠣᠯᠭᠠᠨ᠎ᠠ᠃ ᠪᠠᠶᠢᠩᠭᠤ ᠶᠢᠨ ᠲᠦᠷᠦᠯ ᠵᠦᠢᠯ ᠢ ᠳᠡᠰ ᠪᠠᠭᠤᠷᠠᠭᠤᠯᠤᠨ ᠪᠠᠶᠢᠩᠭᠤ ᠶᠢᠨ ᠪᠣᠰᠣ ᠳᠦᠷᠦᠯ ᠵᠦᠢᠯ ᠪᠣᠯᠭᠠᠵᠣ ᠪᠣᠯᠣᠨ᠎ᠠ᠃        ᠬᠤᠷᠢᠨ ᠨᠢᠬᠡᠳᠦᠬᠡᠷ ᠵᠣᠷᠪᠣᠰ ᠨᠡᠮᠡᠭᠳᠡᠭᠰᠡᠨ ᠳᠦᠷᠦᠯ ᠵᠦᠢᠯ ᠤᠨ ᠰᠡᠳᠤᠪ ᠳᠣᠭᠳᠠᠭᠠᠯᠳᠠ        ︵ᠨᠢᠬᠡ︶ ᠵᠦᠪᠬᠡᠨ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠠᠭᠠᠭᠠᠴᠢᠯᠠᠨ ᠡᠷᠬᠢᠯᠡᠬᠦ ᠬᠡᠵᠣ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠳᠠᠭᠠᠨ ᠨᠡᠮᠡᠭᠳᠡᠭᠰᠡᠨ ᠳᠦᠷᠦᠯ ᠵᠦᠢᠯ ᠢ ᠭᠤᠶᠣᠴᠢᠯᠠᠬᠤ ᠬᠢᠷᠢ ᠬᠡᠮ ᠲᠠᠢ᠃ ᠨᠡᠮᠡᠭᠳᠡᠭᠰᠡᠨ ᠳᠦᠷᠦᠯ ᠵᠦᠢᠯ ᠨᠢ ᠵᠦᠪᠬᠡᠨ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠂ ᠳᠤᠭ᠎ᠠ ᠬᠡᠮᠵᠢᠶ᠎ᠡ ᠨᠢ 1 ᠳᠦᠷᠦᠯ ᠠᠴᠠ ᠬᠡᠳᠦᠷᠡᠬᠦ ᠦᠬᠡᠢ᠃        ︵ᠬᠤᠶᠠᠷ︶ ᠭᠤᠶᠣᠴᠢᠯᠠᠭᠰᠠᠨ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠬᠠᠩᠭᠠᠭᠰᠠᠨ ᠪᠠᠶᠢᠬᠤ ᠬᠡᠷᠡᠭᠳᠡᠢ᠄ 1. ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ᠂ ᠦᠷᠬᠡᠨ ᠳᠡᠯᠬᠡᠷ ᠣᠯᠠᠨ ᠳᠦᠮᠡᠨᠴᠢ ᠰᠠᠭᠤᠷᠢ ᠲᠠᠢ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠶᠢᠬᠤ 2. ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠪᠠᠶᠢᠬᠤ 3. 3 ᠣᠳᠠᠭᠠᠨ ᠤ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠡᠷᠬᠢᠯᠡᠭᠰᠡᠨ ᠪᠠᠶᠢᠬᠤ ᠪᠥᠭᠡᠳ ᠣᠳᠠᠭ᠎ᠠ ᠪᠣᠯᠭᠠᠨ ᠤ ᠪᠦᠬᠦ ᠤᠯᠤᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 4 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ 4. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃ 5. ᠣᠷᠣᠯᠳᠣᠭᠠᠨ ᠤ ᠬᠡᠷᠡᠭᠰᠡᠯ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠯ ᠳᠤ ᠬᠦᠷᠦᠭᠰᠡᠨ ᠪᠠᠶᠢᠬᠤ᠃        ︵ᠭᠤᠷᠪᠠ︶ ᠰᠡᠳᠤᠪ ᠳᠣᠭᠳᠠᠭᠠᠯᠳᠠ ᠶᠢᠨ ᠠᠯᠬᠤᠮ ᠲᠠᠷᠠᠭᠠᠯᠠᠯ 1. ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠶᠠᠪᠤᠭᠳᠠᠬᠤ ᠠᠴᠠ 3 ᠵᠢᠯ ᠤᠨ ᠡᠮᠣᠨ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ ᠬᠦᠷᠬᠡᠨ᠎ᠡ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ ᠳᠤ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠶᠢᠨ ᠮᠠᠲ᠋ᠧᠷᠢᠶᠠᠯ ᠢ ᠲᠠᠭᠠᠯᠳᠤᠭᠤᠯᠤᠨ᠎ᠠ᠃ 2. ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ ᠳᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ  ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠮᠡᠯᠳᠡ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃        ᠬᠤᠷᠢᠨ ᠬᠤᠶᠠᠳᠣᠭᠠᠷ ᠵᠣᠷᠪᠣᠰ ᠪᠠᠶᠢᠩᠭᠤ ᠶᠢᠨ ᠪᠤᠰᠤ ᠳᠦᠷᠦᠯ ᠵᠦᠢᠯ ᠤᠨ ᠰᠡᠳᠦᠪ ᠳᠣᠭᠳᠠᠭᠠᠯᠳᠠ ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠢ ᠲᠤᠬᠢᠷᠠᠭᠤᠯᠬᠤ ᠶᠢ ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠪᠤᠰᠤ ᠳᠦᠷᠦᠯ ᠵᠦᠢᠯ ᠵᠦᠪᠬᠡᠨ ᠭᠤᠶᠣᠴᠢᠯᠠᠭᠰᠠᠨ ᠳᠣᠰ ᠬᠤᠭᠤᠴᠠᠭᠠᠨ ᠤ ᠪᠠᠨ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠃ ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠴᠦᠮ ᠪᠦᠷᠢᠯᠳᠦᠬᠦᠯᠬᠦ ᠬᠡᠷᠡᠭᠳᠡᠢ᠄ 1. ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ᠂ ᠦᠷᠬᠡᠨ ᠲᠠᠯᠭᠡᠷ ᠣᠯᠠᠨ ᠲᠦᠮᠡᠨᠴᠢ ᠰᠠᠭᠤᠷᠢ ᠲᠠᠢ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠶᠢᠬᠤ 2. ᠳᠠᠷᠠᠭᠠᠯᠠᠨ ᠬᠤᠶᠠᠷ ᠬᠤᠭᠤᠴᠠᠭ᠎ᠠ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠤᠷᠤᠯᠳᠤᠭᠠᠨ ᠤ ᠴᠢᠨᠠᠷ ᠲᠠᠢ ᠦᠵᠡᠬᠦᠯᠦᠯᠬᠡ ᠶᠢᠨ ᠳᠦᠷᠦᠯ ᠵᠦᠢᠯ ᠪᠣᠯᠤᠭᠰᠠᠨ ᠪᠦᠭᠡᠳ ᠣᠯᠣᠭᠰᠠᠨ ᠬᠢᠷᠢ ᠪᠦᠳᠤᠮᠵᠢ ᠨᠢ ᠳᠣᠰ ᠳᠦᠷᠦᠯ ᠤᠨ ᠡᠮᠣᠨ᠎ᠠ 40% ︵40% ᠢ ᠪᠠᠭᠲᠠᠭᠠᠨ᠎ᠠ︶ ᠲᠤ ᠵᠢᠭᠰᠠᠭᠠᠭᠳᠠᠵᠣ ᠪᠠᠶᠢᠬᠤ ᠬᠡᠷᠡᠭᠳᠡᠢ᠃ 3.. ᠳᠠᠷᠠᠭᠠᠯᠠᠨ ᠬᠤᠶᠠᠷ ᠬᠤᠭᠤᠴᠠᠭ᠎ᠠ ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠤᠷᠤᠯᠳᠤᠭᠠᠨ ᠤ ᠳᠦᠷᠦᠯ ᠵᠦᠢᠯ ᠪᠣᠯᠣᠭᠰᠠᠨ 4. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4 ᠤᠳᠠᠭ᠎ᠠ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ ᠣᠳᠠᠭ᠎ᠠ ᠪᠣᠯᠭᠠᠨ ᠤ ᠬᠢᠨᠢ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠨᠠᠭᠠᠳᠤ ᠵᠠᠬ᠎ᠠ  ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ 5. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃ 6. ᠣᠷᠣᠯᠳᠣᠭᠠᠨ ᠤ ᠳᠠᠯᠠᠪᠣᠷ ᠨᠢ ᠣᠯᠠᠷᠢᠯ ᠪᠣᠯᠣᠨ ᠭᠠᠵᠠᠷ ᠣᠷᠣᠨ ᠤ ᠨᠦᠬᠦᠴᠡᠯ ᠳᠤ ᠬᠢᠵᠠᠭᠠᠷᠯᠠᠬᠳᠠᠬᠤ ᠦᠬᠡᠢ᠃ 7. ᠣᠷᠣᠯᠳᠣᠭᠠᠨ ᠤ ᠬᠡᠷᠡᠭᠰᠡᠯ ᠢ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠵᠤ ᠪᠤᠯᠠᠬᠤ ᠪᠦᠭᠡᠳ ᠣᠯᠠᠷᠢᠯ ᠪᠣᠯᠣᠨ ᠭᠠᠵᠠᠷ ᠣᠷᠣᠨ ᠤ ᠨᠦᠬᠦᠴᠡᠯ ᠳᠤ ᠬᠢᠵᠠᠭᠠᠷᠠᠯᠭ᠍ᠳᠠᠬᠤ ᠦᠬᠡᠢ ᠪᠠᠶᠢᠬᠤ᠃ ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ 1. ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠬᠡᠵᠦ ᠪᠠᠶᠢᠭ᠎ᠠ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ ᠬᠡᠵᠦ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠠᠴᠠ ᠡᠮᠣᠨᠠᠬᠢ ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ ᠲᠠᠢ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠶᠢᠨ ᠮᠠᠲ᠋ᠧᠷᠢᠶᠠᠯ ᠲᠠᠭᠠᠯᠳᠤᠭᠤᠯᠤᠨ᠎ᠠ᠃ 2. ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ ᠲᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ  ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃ ︵ᠳᠦᠷᠪᠡ︶ ᠨᠡᠮᠡᠭᠳᠡᠭᠰᠡᠨ ᠳᠦᠷᠦᠯ ᠵᠦᠢᠯ ᠪᠠ ᠪᠠᠶᠢᠩᠭᠤ ᠶᠢᠨ ᠪᠤᠰᠤ ᠳᠦᠷᠦᠯ ᠵᠦᠢᠯ ᠨᠢ ᠬᠡᠷᠪᠡ ᠲᠠᠷᠠᠭ᠎ᠠ ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠳᠤ ᠪᠠᠰᠠ ᠪᠠᠶᠢᠩᠭᠤ ᠶᠢᠨ ᠳᠦᠷᠦᠯ ᠵᠦᠢᠯ ᠢᠶᠠᠷ ᠭᠤᠶᠣᠴᠢᠯᠠᠭᠰᠠᠨ ᠪᠣᠯ ᠭᠤᠶᠣᠴᠢᠯᠠᠬᠤ ᠨᠦᠬᠦᠴᠡᠯ ᠨᠢ ᠵᠦᠪᠬᠡᠨ ᠳᠣᠰ ᠵᠣᠷᠪᠣᠰ ᠤᠨ ᠬᠤᠶᠠᠳᠣᠭᠠᠷ ᠵᠦᠢᠯ ᠤᠨ ᠳᠦᠷᠪᠡᠳᠦᠬᠡᠷ ᠨᠦᠬᠦᠴᠡᠯ ᠢ ᠪᠦᠷᠢᠯᠳᠦᠬᠦᠯᠪᠠᠯ ᠪᠤᠯᠴᠢᠬᠠᠨ᠎ᠠ᠂ ᠬᠡᠪᠡᠴᠣ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠡᠷᠬᠢᠯᠡᠭᠰᠡᠨ ᠤᠳᠠᠭ᠎ᠠ ᠶᠢᠨ ᠳᠤᠭ᠎ᠠ ᠶᠢ ᠠᠩᠬ᠎ᠠ ᠤᠳᠠᠭᠠᠨ ᠤ ᠰᠡᠳᠦᠪ ᠳᠣᠭᠳᠠᠭᠠᠯᠳᠠ ᠶᠢᠨ ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠶᠢᠨ ᠳᠤᠭ᠎ᠠ ᠲᠠᠢ ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ ᠨᠢ ᠪᠠᠶᠢᠩᠭᠤ ᠶᠢᠨ ᠪᠤᠰᠤ ᠳᠦᠷᠦᠯ ᠵᠦᠢᠯ ᠠᠩᠬ᠎ᠠ ᠤᠳᠠᠭ᠎ᠠ ᠶᠢᠨ ᠰᠡᠳᠦᠪ ᠳᠣᠭᠳᠠᠭᠠᠯᠳᠠ ᠤᠨ ᠬᠢ ᠲᠠᠢ ᠠᠳᠠᠯᠢ᠃ ᠬᠡᠷᠪᠡ ᠳᠠᠷᠠᠭᠠᠯᠠᠭᠰᠠᠨ ᠪᠣᠰᠣ ᠪᠡᠶ᠎ᠡ ᠶᠢᠨ ᠳᠠᠮᠢᠷ ᠤᠨ ᠴᠣᠭᠯᠠᠭᠠᠨ ᠳᠤ ᠳᠠᠬᠢᠨᠳᠠ ᠪᠠᠶᠢᠩᠭᠤ ᠶᠢᠨ ᠳᠦᠷᠦᠯ ᠵᠦᠢᠯ ᠢᠶᠠᠷ ᠭᠤᠶᠣᠴᠢᠯᠠᠭᠰᠠᠨ ᠪᠣᠯ ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠠᠩᠬ᠎ᠠ ᠣᠳᠠᠭ᠎ᠠ ᠰᠡᠳᠣᠪ ᠳᠣᠭᠳᠠᠭᠠᠵᠤ ᠪᠠᠶᠢᠭ᠎ᠠ ᠲᠠᠢ ᠠᠳᠠᠯᠢ᠃        ᠬᠤᠷᠢᠨ ᠭᠤᠷᠪᠠᠳᠣᠭᠠᠷ ᠵᠣᠷᠪᠣᠰ ᠪᠠᠶᠢᠩᠭᠤ ᠶᠢᠨ ᠳᠦᠷᠦᠯ ᠵᠦᠢᠯ ᠤᠨ ᠰᠡᠳᠤᠪ ᠳᠣᠭᠳᠠᠭᠠᠯᠳᠠ ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠷ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠳᠦᠷᠦᠯ ᠵᠦᠢᠯ ᠢ ᠲᠤᠬᠢᠷᠠᠭᠤᠯᠬᠤ ᠶᠢ ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠳᠦᠷᠦᠯ ᠵᠦᠢᠯ ᠨᠢ ᠪᠦᠬᠦ ᠣᠯᠣᠰ ᠤᠨ ᠪᠡᠶ᠎ᠡ ᠶᠢᠨ ᠳᠠᠮᠢᠷ ᠤᠨ ᠴᠣᠭᠯᠠᠭᠠᠨ ᠳᠤ ᠣᠷᠳᠣ ᠬᠤᠭᠤᠴᠠᠭᠠᠨ ᠤ ᠬᠦᠴᠦᠨ ᠲᠠᠢ᠃ ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠴᠦᠮ ᠪᠦᠷᠢᠯᠳᠦᠬᠦᠯᠬᠦ ᠬᠡᠷᠡᠭᠳᠡᠢ᠄ 1. ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠣᠭᠰᠠᠨ᠃ 2. ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠬᠤᠶᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠳᠤ ᠤᠷᠤᠬᠤ ᠳᠤᠨᠢ ᠣᠷᠣᠯᠴᠠᠭᠰᠠᠨ ᠣᠷᠣᠯᠳᠣᠭᠠᠨ ᠤ ᠠᠩᠬᠢ ᠨᠢ ᠵᠢᠷᠭᠤᠭ᠎ᠠ ᠠᠴᠠ ᠴᠦᠭᠡᠨ ᠪᠠᠶᠢᠬᠰᠠᠨ ᠦᠭᠡᠢ᠃ 3. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4 ᠤᠳᠠᠭ᠎ᠠ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ ᠣᠳᠠᠭ᠎ᠠ ᠪᠣᠯᠭᠠᠨ ᠤ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠨᠠᠭᠠᠳᠤ ᠵᠠᠬ᠎ᠠ ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ︔ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠡᠷᠬᠢᠯᠡᠭᠰᠡᠨ ᠤᠳᠠᠭ᠎ᠠ ᠶᠢᠨ ᠳᠤᠭ᠎ᠠ ᠶᠢ ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠬᠤ ᠪᠠᠷ ᠭᠤᠶᠤᠴᠢᠯᠠᠬᠤ ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠶᠢᠨ ᠳᠤᠭ᠎ᠠ ᠲᠠᠢ ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃ ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ 1. ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠣᠭᠰᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ ᠲᠠᠢ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ ᠪᠠᠭᠳᠠᠭᠠᠨ᠎ᠠ᠃ 2. ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ ᠲᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ 4. ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠭᠤᠯᠤᠨ᠎ᠠ᠃        ᠬᠤᠷᠢᠨ ᠳᠦᠷᠪᠡᠳᠦᠬᠡᠷ ᠵᠣᠷᠪᠣᠰ ᠪᠠᠶᠢᠩᠭᠤ ᠶᠢᠨ ᠳᠦᠷᠦᠯ ᠵᠦᠢᠯ ᠳᠤ ᠤᠯᠭᠤᠭᠰᠠᠨ ᠬᠠᠮᠤᠭ ᠤᠨ ᠳᠡᠬᠡᠳᠣ ᠱᠠᠩᠨᠠᠯ ᠤᠨ ᠮᠧᠲᠠᠯ ᠤᠨ ᠳᠤᠭ᠎ᠠ ᠨᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠢᠮ ᠳᠣᠭᠳᠠᠭᠠᠯ ᠳᠤ ᠳᠣᠭᠳᠠᠭᠠᠭᠰᠠᠨ ᠳᠤᠭ᠎ᠠ ᠶᠢᠨ 50% ᠲᠤ ᠬᠦᠷᠬᠦ ᠦᠬᠡᠢ ᠪᠣᠯ ᠳᠣᠰ ᠳᠦᠷᠦᠯ ᠵᠦᠢᠯ ᠢ ᠳᠠᠷᠠᠭ᠎ᠠ ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠳᠤ ᠳᠡᠰ ᠪᠠᠭᠤᠷᠠᠭᠤᠯᠣᠨ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ