10 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ
ᠨᠡᠶᠢᠲᠡᠯᠡᠭᠰᠡᠨ ᠴᠠᠭ᠄
2024/12/6
       ᠠᠷᠪᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ        ᠶᠡᠷᠡᠨ ᠬᠤᠶᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ᠄        ︵ᠨᠢᠭᠡ︶ ᠲᠤᠰ ᠬᠠᠤᠯᠢ ᠶᠢᠨ ᠲᠣᠭᠲᠠᠭᠠᠯ ᠤᠨ ᠶᠣᠰᠣᠭᠠᠷ᠂ ᠲᠥᠰᠦᠪ ᠤᠨ ᠲᠥᠰᠦᠯ᠂ ᠲᠥᠰᠦᠪ ᠤᠨ ᠲᠤᠭᠢᠷᠠᠭᠤᠯᠤᠯᠳᠠ ᠶᠢᠨ ᠲᠥᠰᠦᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠰᠠᠯᠠᠭ᠎ᠠ ᠮᠥᠴᠢᠷ ᠤᠨ ᠲᠥᠰᠦᠪ᠂ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠵᠤ ᠮᠡᠳᠡᠭᠦᠯᠦᠨ ᠬᠦᠷᠭᠡᠭᠰᠡᠨ ᠦᠭᠡᠢ ᠪᠠ ᠲᠥᠰᠦᠪ᠂ ᠲᠥᠰᠦᠪ ᠤᠨ ᠭᠦᠢᠴᠡᠳᠬᠡᠯ ᠢ ᠴᠤᠬᠤᠯᠠᠪᠤᠷᠢᠯᠠᠨ ᠬᠠᠷᠢᠭᠤᠯᠤᠭᠰᠠᠨ ᠦᠭᠡᠢ︔        ︵ᠬᠤᠶᠠᠷ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠲᠤᠭᠢᠷᠠᠭᠤᠯᠤᠯᠳᠠ ᠬᠢᠭᠰᠡᠨ︔        ︵ᠭᠤᠷᠪᠠ︶ ᠲᠤᠰ ᠬᠠᠤᠯᠢ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠥᠰᠦᠪ ᠤᠨ ᠵᠦᠢᠯᠡᠰ ᠢ ᠢᠯᠠ ᠵᠠᠷᠯᠠᠵᠤ ᠲᠣᠳᠣᠷᠬᠠᠶᠢᠯᠠᠭᠰᠠᠨ ᠦᠭᠡᠢ︔        ︵ᠳᠦᠷᠪᠡ︶ ᠲᠣᠭᠲᠠᠭᠠᠯ ᠢ ᠵᠥᠷᠢᠴᠡᠵᠦ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠦᠢᠯᠡᠰ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠶᠢᠨ ᠵᠦᠢᠯᠡᠰ ᠢ ᠪᠠᠶᠢᠭᠤᠯᠤᠭᠰᠠᠨ︔        ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ ᠲᠥᠰᠦᠪ ᠤᠨ ᠪᠡᠯᠡᠳᠬᠡᠯ ᠵᠠᠷᠤᠳᠠᠯ᠂ ᠲᠥᠰᠦᠪ ᠤᠨ ᠡᠷᠭᠢᠯᠲᠡ ᠶᠢᠨ ᠮᠥᠩᠭᠦ᠂ ᠲᠥᠰᠦᠪ ᠤᠨ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ᠂ ᠳᠠᠪᠠᠭᠤᠯᠤᠨ ᠬᠤᠷᠢᠶᠠᠭᠰᠠᠨ ᠣᠷᠣᠯᠭ᠎ᠠ ᠶᠢ ᠬᠡᠷᠡᠭᠯᠡᠭᠰᠡᠨ︔        ︵ᠵᠢᠷᠭᠤᠭ᠎ᠠ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠡᠳ᠋ ᠤᠨ ᠵᠠᠰᠠᠭ ᠤᠨ ᠲᠤᠰᠬᠠᠢ ᠳᠠᠩᠰᠠ ᠪᠠᠶᠢᠭᠤᠯᠤᠭᠰᠠᠨ᠃        ᠶᠡᠷᠡᠨ ᠭᠤᠷᠪᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠠᠴᠠ ᠳᠣᠣᠷ᠎ᠠ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠄        ︵ᠨᠢᠭᠡ︶ ᠵᠠᠰᠠᠭ ᠤᠨ ᠣᠷᠳᠣᠨ ᠤ ᠪᠦᠬᠦ ᠣᠷᠣᠯᠭ᠎ᠠ ᠪᠠ ᠵᠠᠷᠤᠯᠭ᠎ᠠ ᠶᠢ ᠲᠥᠰᠦᠪ ᠲᠤ ᠵᠢᠭᠰᠠᠭᠠᠨ ᠣᠷᠣᠭᠤᠯᠤᠭᠰᠠᠨ ᠦᠭᠡᠢ ᠪᠤᠶᠤ ᠣᠷᠣᠯᠭ᠎ᠠ ᠪᠠ ᠵᠠᠷᠤᠯᠭ᠎ᠠ ᠶᠢ ᠬᠤᠳᠠᠯ ᠢᠶᠠᠷ ᠵᠢᠭᠰᠠᠭᠠᠭᠰᠠᠨ︔        ︵ᠬᠤᠶᠠᠷ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ ᠲᠠᠲᠠᠪᠤᠷᠢᠯᠠᠬᠤ ᠶᠣᠰᠣᠲᠠᠢ ᠲᠥᠰᠦᠪ ᠤᠨ ᠣᠷᠣᠯᠭ᠎ᠠ ᠶᠢ ᠢᠯᠡᠭᠦᠦ ᠲᠠᠲᠠᠪᠤᠷᠢᠯᠠᠭᠰᠠᠨ᠂ ᠤᠷᠢᠳᠴᠢᠯᠠᠨ ᠲᠠᠲᠠᠪᠤᠷᠢᠯᠠᠭᠰᠠᠨ ᠪᠤᠶᠤ ᠬᠥᠩᠭᠡᠯᠡᠨ ᠲᠠᠲᠠᠪᠤᠷᠢᠯᠠᠭᠰᠠᠨ᠂ ᠲᠠᠲᠠᠪᠤᠷᠢᠯᠠᠬᠤ ᠠᠴᠠ ᠬᠡᠯᠲᠦᠷᠢᠭᠦᠯᠦᠭᠰᠡᠨ᠂ ᠬᠤᠶᠢᠰᠢᠯᠠᠭᠤᠯᠤᠨ ᠲᠠᠲᠠᠪᠤᠷᠢᠯᠠᠭᠰᠠᠨ︔        ︵ᠭᠤᠷᠪᠠ︶ ᠤᠯᠤᠰ ᠤᠨ ᠰᠠᠩ ᠳᠤ ᠲᠤᠰᠢᠶᠠᠬᠤ ᠶᠣᠰᠣᠲᠠᠢ ᠲᠥᠰᠦᠪ ᠤᠨ ᠣᠷᠣᠯᠭ᠎ᠠ ᠶᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ ᠪᠤᠶᠤ ᠤᠳᠠᠭᠠᠰᠢᠷᠠᠭᠤᠯᠤᠨ ᠥᠷᠢᠲᠦᠭᠰᠡᠨ︔       ︵ᠳᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠵᠠᠷᠤᠯᠭ᠎ᠠ ᠶᠢᠨ ᠬᠡᠷᠡᠭᠴᠡᠭᠡ ᠶᠢ ᠬᠤᠪᠢᠷᠠᠭᠤᠯᠤᠭᠰᠠᠨ︔        ︵ᠲᠠᠪᠤ︶ ᠳᠡᠭᠡᠳᠦ ᠱᠠᠲᠤᠨ ᠤ ᠵᠠᠰᠠᠭ ᠤᠨ ᠣᠷᠳᠣᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦᠨ ᠤ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔        ︵ᠵᠢᠷᠭᠤᠭ᠎ᠠ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠵᠠᠷᠤᠯᠭ᠎ᠠ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ᠂ ᠲᠥᠰᠦᠪ ᠤᠨ ᠣᠷᠣᠯᠭ᠎ᠠ ᠶᠢ ᠬᠤᠷᠢᠶᠠᠵᠤ ᠠᠪᠬᠤ᠂ ᠬᠤᠪᠢᠷᠡᠷᠢᠯᠠᠯᠳᠠ᠂ ᠦᠯᠡᠳᠡᠭᠡᠬᠦ ᠲᠤᠰᠢᠶᠠᠬᠤ᠂ ᠪᠤᠴᠠᠭᠠᠨ ᠥᠭᠬᠦ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠯᠤᠰ ᠤᠨ ᠰᠡᠩ ᠤᠨ ᠵᠣᠭᠤᠰ ᠢ ᠴᠡᠪᠳᠡᠭᠯᠡᠬᠦ᠂ ᠬᠥᠳᠡᠯᠭᠡᠨ ᠬᠡᠷᠡᠭᠯᠡᠬᠦ ᠪᠤᠶᠤ ᠨᠢᠭᠡᠨᠲᠡ ᠤᠯᠤᠰ ᠤᠨ ᠰᠠᠩ ᠳᠤ ᠤᠷᠤᠭᠰᠠᠨ ᠰᠠᠩ ᠤᠨ ᠮᠥᠩᠭᠦ ᠶᠢ ᠪᠤᠰᠤᠳ ᠠᠷᠭ᠎ᠠ ᠮᠠᠶ᠋ᠢᠭ ᠢᠶᠠᠷ ᠲᠤᠭᠢᠷᠠᠭᠤᠯᠤᠨ ᠬᠡᠷᠡᠭᠯᠡᠭᠰᠡᠨ᠃        ᠶᠡᠷᠡᠨ ᠳᠥᠷᠪᠡᠳᠦᠭᠡᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠵᠢᠭᠡᠯᠡᠯᠭᠡ ᠠᠪᠬᠤ ᠪᠤᠶᠤ ᠪᠤᠰᠤᠳ ᠬᠥᠮᠦᠨ ᠤ ᠥᠷᠢ ᠥᠭᠴᠡᠭᠡᠨ ᠳᠤ ᠳᠠᠭᠠᠭᠠᠯᠲᠠ ᠬᠠᠩᠭᠠᠭᠰᠠᠨ᠂ ᠡᠰᠡᠬᠦᠯ᠎ᠡ ᠭᠤᠣᠯᠳᠠᠯᠭ᠎ᠠ ᠲᠠᠢ ᠵᠠᠷᠤᠯᠭ᠎ᠠ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ᠂ ᠡᠰᠡᠬᠦᠯ᠎ᠡ ᠲᠥᠰᠦᠪ ᠠᠴᠠ ᠭᠠᠳᠠᠨ᠎ᠠ ᠪᠤᠶᠤ ᠲᠥᠰᠦᠪ ᠤᠨ ᠪᠠᠷᠢᠮᠵᠢᠶ᠎ᠠ ᠠᠴᠠ ᠬᠡᠲᠦᠷᠡᠭᠦᠯᠵᠦ ᠠᠰᠠᠷ ᠲᠠᠩᠬᠢᠮ ᠣᠷᠳᠣᠨ ᠪᠠᠭᠤᠳᠠᠯ ᠪᠠᠶᠢᠭᠤᠯᠤᠭᠰᠠᠨ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠃        ᠶᠡᠷᠡᠨ ᠲᠠᠪᠤᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠴᠢ ᠲᠡᠭᠦᠨ ᠤ ᠠᠵᠢᠯᠳᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ᠂ ᠮᠡᠬᠡᠯᠡᠨ ᠠᠪᠤᠭᠰᠠᠨ ᠪᠠ ᠬᠡᠷᠡᠭᠯᠡᠭᠰᠡᠨ ᠪᠡᠯᠡ ᠮᠥᠩᠭᠦ ᠶᠢ ᠨᠡᠬᠡᠮᠵᠢᠯᠡᠨ ᠠᠪᠴᠢᠷᠠᠵᠤ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠦ᠂ ᠨᠢᠭᠡᠴᠢ ᠶᠢ ᠨᠢ ᠳᠣᠩᠭᠤᠳᠬᠤ ᠪᠤᠶᠤ ᠵᠠᠷᠯᠠᠨ ᠰᠢᠭᠦᠮᠵᠢᠯᠡᠨ᠎ᠡ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠰ ᠲᠤ ᠬᠠᠤᠯᠢ ᠶᠣᠰᠣᠭᠠᠷ ᠰᠢᠳᠬᠡᠯ ᠥᠭᠭᠦᠨ᠎ᠡ᠄        ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠲᠥᠰᠦᠪ ᠤᠨ ᠣᠷᠣᠯᠭ᠎ᠠ ᠶᠢᠨ ᠳᠡᠭᠡᠭᠰᠢ ᠲᠤᠰᠢᠶᠠᠬᠤ ᠠᠷᠭ᠎ᠠ ᠮᠠᠶ᠋ᠢᠭ ᠢ ᠬᠤᠪᠢᠷᠠᠭᠤᠯᠤᠭᠰᠠᠨ︔        ︵ᠬᠤᠶᠠᠷ︶ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠢᠶᠠᠷ ᠲᠥᠰᠦᠪ ᠤᠨ ᠪᠡᠯᠡ ᠮᠥᠩᠭᠦ ᠶᠢ ᠮᠡᠬᠡᠯᠡᠨ ᠠᠪᠤᠭᠰᠠᠨ︔        ︵ᠭᠤᠷᠪᠠ︶ ᠲᠣᠭᠲᠠᠭᠠᠯ ᠢ ᠵᠥᠷᠢᠴᠡᠵᠦ ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠵᠠᠷᠤᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ︔        ︵ᠳᠦᠷᠪᠡ︶ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃        ᠶᠡᠷᠡᠨ ᠵᠢᠷᠭᠤᠳᠤᠭᠠᠷ ᠵᠦᠢᠯ᠂ ᠲᠤᠰ ᠬᠠᠤᠯᠢ ᠶᠢᠨ ᠶᠡᠷᠡᠨ ᠬᠤᠶᠠᠳᠤᠭᠠᠷ ᠵᠦᠢᠯ᠂ ᠶᠡᠷᠡᠨ ᠭᠤᠷᠪᠠᠳᠤᠭᠠᠷ ᠵᠦᠢᠯ᠂ ᠶᠡᠷᠡᠨ ᠳᠥᠷᠪᠡᠳᠦᠭᠡᠷ ᠵᠦᠢᠯ᠂ ᠶᠡᠷᠡᠨ ᠲᠠᠪᠤᠳᠤᠭᠠᠷ ᠵᠦᠢᠯ ᠳᠤ ᠵᠢᠭᠰᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ᠂ ᠪᠤᠰᠤᠳ ᠬᠠᠤᠯᠢ ᠴᠠᠭᠠᠵᠠ ᠠᠴᠠ ᠲᠡᠭᠦᠨ ᠢ ᠰᠢᠢᠳᠪᠦᠷᠢᠯᠡᠵᠦ᠂ ᠰᠢᠳᠬᠡᠬᠦ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ ᠲᠤᠰ ᠬᠠᠤᠯᠢ ᠶᠢᠨ ᠲᠣᠭᠲᠠᠭᠠᠯ ᠢ ᠵᠥᠷᠢᠴᠡᠭᠡᠳ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ