ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠶᠡᠷᠡᠨ ᠳᠣᠯᠣᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠪᠠᠷ ᠡᠭᠦᠰᠬᠦ | ᠳᠦᠷᠢᠮ ᠢᠶᠠᠷ ᠰᠠᠭᠤᠷᠢ ᠪᠣᠯᠭᠠᠭᠰᠠᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠣᠨ ᠤ ᠵᠢᠯ ᠢᠶᠠᠷ ᠨᠠᠶᠢᠷᠠᠭᠤᠯᠤᠨ | ᠵᠣᠬᠢᠶᠠᠵᠤ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠶᠡᠷᠦᠩᠬᠡᠢ ᠪᠠᠶᠢᠳᠠᠯ᠂ ᠠᠵᠢᠯᠯᠠᠭᠠᠨ ᠤ ᠪᠠᠶᠢᠳᠠᠯ ᠪᠠ ᠡᠳ᠋ ᠤᠨ ᠵᠠᠰᠠᠭ ᠤᠨ ᠤᠷᠲᠤ | ᠬᠤᠭᠤᠴᠠᠭᠠᠨ ᠤ ᠦᠷᠭᠦᠯᠵᠢᠯᠡᠬᠦ ᠴᠢᠨᠠᠷ ᠢ ᠮᠡᠳᠡᠭᠦᠯᠵᠦ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠶᠡᠷᠡᠨ ᠨᠠᠢᠮᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠲᠤᠰ ᠬᠠᠤᠯᠢ ᠶᠢ ᠦᠨᠳᠦᠰᠦᠯᠡᠨ ᠬᠡᠷᠡᠭᠵᠢᠭᠦᠯᠬᠦ ᠲᠦᠷᠢᠮ ᠲᠣᠭᠲᠠᠭᠠᠨ᠎ᠠ᠃ | ᠶᠡᠷᠡ ᠶᠢᠰᠦᠳᠦᠭᠡᠷ ᠵᠦᠢᠯ᠂ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ ᠤ ᠲᠥᠰᠦᠪ ᠤᠨ ᠬᠠᠮᠢᠶᠠᠷᠤᠯᠲᠠ ᠶᠢ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ ᠳᠤ ᠲᠣᠭᠲᠠᠭᠠᠭᠰᠠᠨ ᠤᠢᠭᠡᠢ ᠪᠣᠯ ᠲᠤᠰ ᠬᠠᠤᠯᠢ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠵᠠᠭᠤᠳᠤᠭᠠᠷ ᠵᠦᠢᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠵᠦ᠂ ᠬᠠᠮᠢᠶ᠎ᠠ ᠪᠦᠬᠦᠢ ᠲᠥᠰᠦᠪ ᠢ ᠬᠢᠨᠠᠨ ᠪᠠᠶᠢᠴᠠᠭᠠᠬᠤ ᠰᠢᠢᠳᠪᠦᠷᠢ ᠪᠣᠶᠣ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠵᠤ ᠪᠣᠯᠤᠨ᠎ᠠ᠃ | ᠵᠠᠭᠤ ᠨᠢᠭᠡᠳᠦᠭᠡᠷ ᠵᠦᠢᠯ᠂ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1991 ᠣᠨ ᠤ 10 | ᠰᠠᠷ᠎ᠠ ᠶᠢᠨ 21 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠠᠴᠠ ᠨᠡᠶᠢᠲᠡᠯᠡᠭᠰᠡᠨ ︽ᠤᠯᠤᠰ ᠤᠨ ᠲᠥᠰᠦᠪ ᠤᠨ ᠬᠠᠮᠢᠶᠠᠷᠤᠯᠲᠠ ᠶᠢᠨ ᠲᠦᠷᠢᠮ︾ ᠢ | ᠳᠠᠭᠠᠤ ᠳᠤᠨᠢ ᠬᠦᠴᠦᠨ ᠤᠢᠭᠡᠢ ᠪᠣᠯᠭᠠᠨ᠎ᠠ᠃ | |