ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠬᠦ ᠭᠡᠵᠦ ᠪᠤᠶ᠃ 2 ᠰᠠᠷ᠎ᠠ ᠶᠢᠨ | 15 ᠤ ᠦᠳᠡ ᠶᠢᠨ ᠬᠤᠶᠢᠨ᠎ᠠ ᠠᠴᠠ 16 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠵᠠᠯᠠᠨ | ᠠᠶᠢᠯ ᠬᠤᠲᠠ᠂ ᠬᠠᠶᠢᠯᠠᠷ ᠲᠣᠭᠤᠷᠢᠭ ᠲᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠬᠠᠮᠤᠭ ᠤᠨ ᠰᠡᠭᠦᠯᠴᠢ ᠶᠢᠨ ᠱᠠᠲᠤᠨ ᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠪᠡᠯᠡᠳᠬᠡᠯ ᠠᠵᠢᠯ ᠳᠤ ᠣᠷᠣᠯᠴᠠᠬᠰᠠᠨ ᠠᠵᠢᠯᠲᠠᠳ ᠢ ᠡᠷᠭᠢᠨ | ᠦᠵᠡᠬᠦ ᠶᠢᠨ ᠬᠠᠮᠲᠤ ᠲᠡᠳᠡᠨᠤᠰ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠵᠠᠢ᠃ | | | ᠶᠢᠨ ᠯᠦᠩ ᠱᠠᠨ ᠴᠠᠨᠠᠯᠠᠯᠲᠠ ᠶᠢᠨ ᠲᠠᠯᠠᠪᠠᠢ ᠳᠤ᠂ ᠰᠦᠨ ᠱᠤᠤ ᠴᠧᠩ ᠤᠷᠢᠳ ᠬᠤᠵᠢᠳ ᠴᠠᠨᠠᠯᠠᠯᠲᠠ ᠶᠢᠨ ᠲᠠᠯᠠᠪᠠᠢ᠂ ᠰᠠᠶᠢᠨ ᠲᠤᠷᠠᠴᠤᠳ ᠤᠨ ᠦᠷᠦᠭᠡ | ᠪᠣᠯᠣᠨ ᠠᠮᠤᠷ ᠢ ᠬᠠᠮᠠᠭᠠᠯᠠᠬᠤ᠂ ᠴᠠᠭᠢᠯᠭᠠᠨ ᠬᠦᠴᠦᠨ᠂ ᠴᠠᠭ ᠠᠭᠤᠷ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠬᠦᠷᠴᠦ᠂ ᠲᠠᠯᠠᠪᠤᠷ ᠣᠷᠳᠣᠨ ᠤ | ᠬᠠᠮᠢᠶᠠᠷᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠠᠵᠢᠯᠯᠠᠭᠠᠨ ᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠲᠤᠨᠤᠭ | ᠲᠥᠬᠦᠭᠡᠷᠦᠮᠵᠢ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠠᠵᠢᠯᠯᠠᠭᠠᠨ ᠢ ᠵᠢᠯᠣᠭᠤᠳᠤᠨ ᠲᠣᠬᠢᠷᠠᠭᠤᠯᠬᠤ ᠲᠥᠪ ᠲᠤ᠂ ᠰᠦᠨ ᠱᠤᠤ ᠴᠧᠩ ᠸᠢᠳᠢᠤ᠋ ᠪᠠᠷ ᠬᠤᠯᠪᠤᠭ᠎ᠠ ᠠᠪᠬᠤ ᠪᠠᠷ ᠲᠠᠮᠵᠢᠨ ᠡᠯ᠎ᠡ | ᠤᠷᠤᠯᠳᠤᠭᠠᠨ ᠤ ᠲᠣᠭᠤᠷᠢᠭ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠠᠵᠢᠯ ᠤᠨ | ᠪᠠᠶᠢᠳᠠᠯ ᠳᠤ ᠲᠣᠬᠢᠷᠠᠭᠤᠯᠤᠯᠲᠠ ᠬᠢᠪᠡ᠃ ᠲᠡᠷᠡ ᠭᠦᠷᠦᠭᠰᠡᠨ ᠭᠠᠵᠠᠷ ᠪᠣᠯᠭᠠᠨ ᠳᠤ ᠴᠥᠮ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠨᠠᠷᠢᠨ ᠨᠢᠮᠪᠠᠢ ᠪᠠᠶᠢᠴᠠᠭᠠᠨ | ᠦᠵᠡᠵᠦ᠂ ᠬᠤᠯᠪᠣᠭᠳᠠᠯ ᠪᠦᠬᠦᠢ ᠨᠠᠷᠢᠨ ᠵᠦᠢᠯᠡᠰ ᠤᠨ ᠠᠰᠠᠭᠤᠳᠠᠯ ᠤᠨ ᠲᠤᠬᠠᠢ ᠪᠠᠶᠢᠨ ᠪᠠᠶᠢᠨ ᠤᠯᠠᠨ ᠲᠠᠢ ᠶᠠᠷᠢᠯᠴᠠᠨ ᠰᠣᠯᠢᠯᠴᠠᠵᠤ ᠪᠠᠶᠢᠯ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ᠂ ᠤᠷᠤᠯᠳᠤᠭᠠᠨ ᠪᠠ | ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠭᠦ ᠪᠣᠯ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠲᠤᠰᠢᠶᠠᠭᠰᠠᠨ ᠴᠢᠬᠤᠯᠠ ᠶᠡᠭᠡ ᠡᠭᠦᠷᠭᠡ ᠮᠥᠨ᠂ ᠣᠯᠠᠨ ᠢᠶᠠᠷ ᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡᠨᠲᠡ ᠲᠣᠭᠲᠠᠭᠠᠭᠰᠠᠨ | ᠲᠣᠬᠢᠷᠠᠭᠤᠯᠤᠯᠲᠠ ᠶᠣᠰᠣᠭᠠᠷ ᠪᠦᠭᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠨᠢᠭᠡ ᠯᠡ ᠠᠮᠢᠰᠬᠤᠭ᠎ᠠ ᠪᠠᠷ ᠡᠴᠦᠰ ᠤᠨ ᠢᠯᠠᠯᠲᠠ ᠶᠢ ᠲᠡᠮᠡᠴᠡᠨ ᠣᠯᠵᠤ᠂ | ᠪᠦᠭᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠡᠯᠭᠡᠨ ᠦᠵᠡᠭᠦᠯᠭᠦ ᠬᠡᠷᠡᠭᠲᠡᠢ᠃ | ᠬᠠᠮᠤᠭ ᠤᠨ ᠰᠡᠭᠦᠯᠴᠢ ᠶᠢᠨ ᠵᠠᠩᠭᠢᠯᠠᠭ᠎ᠠ ᠶᠢᠨ ᠦᠶ᠎ᠡ ᠪᠤᠯᠬᠤ ᠲᠤᠲᠤᠮ ᠥᠴᠥᠬᠡᠨ ᠴᠤ ᠬᠥᠩᠭᠡᠨ ᠬᠠᠭᠤᠳᠠᠮ ᠪᠠᠶᠢᠵᠤ ᠪᠤᠯᠬᠤ ᠦᠭᠡᠢ᠂ ᠡᠯ᠎ᠡ ᠭᠤᠭᠴᠤᠭ᠎ᠠ ᠶᠢ | ᠡᠷᠬᠡᠪᠰᠢ ᠵᠠᠪᠰᠠᠷ ᠦᠭᠡᠢ ᠨᠢᠭᠲᠠ ᠵᠣᠯᠭᠠᠭᠤᠯᠵᠤ᠂ ᠡᠯ᠎ᠡ ᠲᠠᠯ᠎ᠠ ᠶᠢᠨ ᠨᠠᠷᠢᠨ ᠵᠦᠢᠯᠡᠰ ᠲᠤ ᠡᠷᠬᠡᠪᠰᠢ ᠨᠢᠭᠲᠠ ᠠᠴᠠ ᠨᠢᠭᠲᠠ ᠣᠪᠣᠷ ᠢᠶᠠᠷ ᠬᠠᠨᠳᠤᠬᠤ ᠬᠡᠷᠡᠭᠲᠡᠢ᠃ | ᠡᠭᠢᠯᠡᠯᠲᠡ ᠶᠢᠨ ᠶᠣᠰᠣᠯᠠᠯ ᠵᠡᠷᠭᠡ ᠴᠢᠬᠤᠯᠠ ᠶᠡᠭᠡ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ | ᠪᠠ ᠭᠥᠯᠢᠶᠡᠨ ᠠᠪᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠠᠵᠢᠯ ᠢᠶᠠᠨ ᠰᠠᠶᠢᠲᠤᠷ ᠬᠤᠪᠢᠶᠠᠷᠢᠯᠠᠨ ᠪᠣᠭᠤᠮᠲᠠ ᠶᠢ | ᠰᠠᠶᠢᠲᠤᠷ ᠰᠠᠬᠢᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠥᠴᠥᠬᠡᠨ ᠴᠦ ᠰᠤᠯᠠᠷᠠᠭᠤᠯᠤᠯ ᠦᠭᠡᠢ | ᠪᠠᠲᠤ ᠰᠠᠬᠢᠬᠤ ᠬᠡᠷᠡᠭᠲᠡᠢ᠃ ᠤᠬᠠᠭᠤᠯᠤᠨ ᠮᠡᠳᠡᠭᠡᠯᠡᠬᠦ ᠠᠵᠢᠯ ᠢ ᠠᠮᠢᠳᠤᠯᠢᠭ ᠰᠠᠶᠢᠬᠠᠨ ᠬᠢᠵᠦ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ | ᠢᠯᠡᠷᠡᠭᠦᠯᠵᠦ᠂ ᠨᠠᠩ ᠣᠯᠠᠨ ᠵᠢᠭᠤᠯᠴᠢᠯᠠᠭᠴᠢ ᠪᠠ ᠮᠥᠰᠥ ᠴᠠᠰᠤᠨ ᠤ ᠳᠤᠷ᠎ᠠ ᠪᠠᠭ᠋ᠠᠲᠠᠳ ᠤᠨ ᠮᠠᠨ ᠤ ᠣᠷᠣᠨ ᠳᠤ ᠢᠷᠡᠵᠦ ᠤᠷᠤᠯᠳᠤᠭᠠᠨ ᠰᠣᠨᠢᠷᠬᠠᠨ | ᠵᠢᠭᠤᠯᠴᠢᠯᠠᠬᠤ ᠶᠢ ᠲᠠᠲᠠᠬᠤ ᠬᠡᠷᠡᠭᠲᠡᠢ᠃ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠮᠠᠨ ᠤ ᠣᠷᠣᠨ ᠤ ᠲᠠᠮᠢᠷᠴᠢᠳ ᠢ ᠵᠣᠬᠢᠶᠠᠨ ᠪᠠᠶᠢᠭᠤᠯᠵᠤ ᠤᠷᠤᠯᠳᠤᠭᠠᠨ ᠳᠤ | ᠪᠡᠯᠡᠳᠬᠡᠨ ᠤᠷᠤᠯᠳᠤᠭᠠᠨ ᠳᠤ ᠣᠷᠣᠯᠴᠠᠭᠤᠯᠵᠤ᠂ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠤᠷᠤᠯᠳᠤᠭᠠᠨ ᠤ ᠳᠠᠷᠠᠭᠠᠬᠢ ᠠᠵᠢᠯ ᠢ | ᠤᠷᠢᠳᠴᠢᠯᠠᠨ ᠲᠥᠯᠥᠪᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠤᠷ | ᠣᠷᠳᠣᠨ ᠤ ᠲᠤᠨᠤᠭ ᠲᠥᠬᠦᠭᠡᠷᠦᠮᠵᠢ ᠪᠣᠯᠣᠨ ᠨᠥᠯᠥᠭᠡᠯᠡᠬᠦ ᠬᠦᠴᠦᠨ ᠢ ᠨᠠᠩ ᠰᠠᠶᠢᠲᠤᠷ ᠠᠰᠢᠭᠯᠠᠨ ᠮᠠᠨ ᠤ ᠣᠷᠣᠨ ᠤ ᠮᠥᠰᠥ ᠴᠠᠰᠤᠨ ᠤ ᠠᠵᠤ ᠦᠢᠯᠡᠰ ᠢ | ᠬᠥᠭᠵᠢᠭᠦᠯᠬᠦ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠣᠣ ᠶᠦᠩ ᠪᠦᠸᠧ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠵᠠᠢ᠃ | |