ᠳ᠋ᠦᠸᠧ ᠰᠦᠩ ᠨᠢᠶᠠᠨ ︵1905 — 1927︶᠂ ᠤᠤᠯ ᠨᠡᠷ᠎ᠡ ᠨᠢ ᠳ᠋ᠦᠸᠧ ᠱᠸᠥ᠂ ᠡᠷᠡᠭᠳᠡᠢ᠂ ᠮᠤᠩᠭᠤᠯ ᠦᠨᠳᠦᠰᠦᠳᠡᠨ᠂ ᠦᠪᠦᠷ ᠮᠤᠩᠭᠤᠯ ᠤᠨ | ᠲᠦᠮᠡᠳ ᠬᠤᠰᠢᠭᠤᠨ ᠤ ᠬᠦᠮᠦᠨ᠂ ᠭᠦᠢ ᠰᠦᠢ ᠬᠤᠲᠠ ᠶᠢᠨ ᠬᠤᠶᠢᠳᠤ ᠲᠡᠭᠦᠷᠭᠡ ᠶᠢᠨ ᠮᠠᠶᠢᠬᠠᠨ ᠪᠠᠶᠢᠰᠢᠩ ᠲᠤᠰᠬᠤᠨ ᠤ ᠨᠢᠭᠡ ᠶᠠᠳᠠᠭᠤ ᠲᠠᠷᠢᠶᠠᠴᠢᠨ ᠤ ᠭᠡᠷ ᠲᠤ | ᠲᠦᠷᠦᠵᠡᠢ᠃ | 1918 ᠣᠨ ᠠᠴᠠ 1923 ᠣᠨ ᠪᠣᠯᠲᠠᠯ᠎ᠠ᠂ ᠳ᠋ᠦᠸᠧ ᠰᠦᠩ ᠨᠢᠶᠠᠨ ᠤᠷᠢᠳ ᠬᠤᠵᠢᠳ ᠬᠦᠬᠡᠬᠤᠲᠠ ᠶᠢᠨ ᠱᠢ ᠸᠠᠩ ᠮᠢᠶᠣᠤ ᠮᠤᠩᠭᠤᠯ ᠬᠡᠯᠡᠨ ᠤ | ᠪᠠᠭ᠎ᠠ ᠰᠤᠷᠭᠠᠭᠤᠯᠢ᠂ ᠲᠦᠮᠡᠳ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠳᠤ ᠰᠤᠷᠤᠯᠴᠠᠪᠠ᠃ ︽ᠲᠠᠪᠤᠨ ᠰᠠᠷ᠎ᠠ ᠶᠢᠨ ᠲᠦᠷᠪᠡᠨ ︾ ᠤ ᠬᠦᠳᠡᠯᠭᠡᠭᠡᠨ ᠤ ᠦᠶ᠎ᠡ ᠳᠤ | ᠬᠦᠬᠡᠬᠤᠲᠠ ᠶᠢᠨ ᠰᠤᠷᠤᠭᠴᠢᠳ ᠤᠨ ᠡᠵᠡᠷᠭᠡᠭ ᠲᠦᠷᠢᠮᠡᠬᠡᠶᠢᠳᠡᠨ ᠢ ᠡᠰᠡᠷᠭᠦᠴᠡᠵᠦ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠳᠤ ᠤᠷᠤᠯᠴᠠᠵᠤ ᠥᠩᠭᠡᠷᠡᠵᠡᠢ᠃ | 1923 ᠣᠨ ᠤ ᠨᠠᠮᠤᠷ᠂ ᠳ᠋ᠦᠸᠧ ᠰᠦᠩ ᠨᠢᠶᠠᠨ ᠪᠡᠭᠡᠵᠢᠩ ᠤᠨ ᠮᠤᠩᠭᠤᠯ ᠲᠦᠪᠡᠳ ᠰᠤᠷᠭᠠᠭᠤᠯᠢ ᠳᠤ ᠰᠢᠯᠭᠠᠨ ᠣᠷᠤᠪᠠ᠃ ᠤᠳᠠᠯ ᠦᠭᠡᠢ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠨᠠᠮ ᠤᠨ ᠵᠤᠬᠢᠶᠠᠨ ᠪᠠᠶᠢᠭᠤᠯᠤᠯᠳᠠ ᠮᠤᠩᠭᠤᠯ ᠲᠦᠪᠡᠳ ᠰᠤᠷᠭᠠᠭᠤᠯᠢ ᠳᠤ ᠠᠵᠢᠯ ᠥᠷᠨᠢᠬᠦᠯᠵᠦ᠂ | ᠳ᠋ᠦᠸᠧ ᠰᠦᠩ ᠨᠢᠶᠠᠨ ᠮᠠᠷᠺᠰ ᠤᠨ ᠦᠵᠡᠯ ᠲᠠᠢ ᠡᠬᠢᠯᠡᠵᠦ ᠤᠶᠢᠷᠠᠳᠤᠨ᠂ ︽ᠡᠪ ᠬᠠᠮᠳᠤ ᠨᠠᠮ ᠤᠨ ᠲᠤᠩᠬᠠᠭ︾ ︽ᠰᠢᠨ᠎ᠡ ᠵᠠᠯᠠᠭᠤᠴᠤᠳ︾ ︽ᠵᠢᠯᠣᠭᠤ︾ ︽ | ᠤᠯᠤᠰ ᠲᠥᠷᠥ ᠶᠢᠨ ᠠᠮᠢᠳᠤᠷᠠᠯ︾ ᠵᠡᠷᠭᠡ ᠬᠤᠪᠢᠰᠬᠠᠯ ᠤᠨ ᠨᠣᠮ ᠰᠡᠳᠬᠦᠯ ᠢ ᠤᠩᠰᠢᠵᠤ᠂ ᠮᠤᠩᠭᠤᠯ ᠦᠨᠳᠦᠰᠦᠳᠡᠨ ᠤ ᠴᠢᠯᠦᠭᠡᠯᠡᠯᠲᠡ ᠪᠠ ᠲᠤᠮᠳᠠᠳᠤ ᠤᠯᠤᠰ ᠤᠨ | ᠬᠤᠪᠢᠰᠬᠠᠯ ᠤᠨ ᠠᠰᠠᠭᠤᠳᠠᠯ ᠢ ᠰᠤᠳᠤᠯᠵᠤ ᠡᠬᠢᠯᠡᠵᠡᠢ᠃ | 1924 ᠣᠨ ᠤ ᠡᠬᠢᠨ ᠳᠤ᠂ ᠳ᠋ᠦᠸᠧ ᠰᠦᠩ ᠨᠢᠶᠠᠨ ᠲᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠤᠭᠰᠠᠨ ᠪᠦᠭᠡᠳ | ᠮᠤᠩᠭᠤᠯ ᠲᠥᠪᠡᠳ ᠰᠤᠷᠭᠠᠭᠤᠯᠢ ᠶᠢᠨ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠪᠣᠯᠪᠠ᠃ ᠤᠳᠠᠯ ᠦᠭᠡᠢ᠂ ᠲᠤᠮᠳᠠᠳᠤ ᠤᠯᠤᠰ ᠤᠨ ᠡᠪ | ᠬᠠᠮᠳᠤ ᠨᠠᠮ ᠤᠨ ᠭᠡᠰᠢᠭᠦᠨ ᠪᠣᠯᠪᠠ᠃ 1925 ᠣᠨ ᠤ ᠡᠬᠢᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠪᠠ ᠯᠢ ᠳ᠋ᠠ | ᠵᠤᠤ ᠨᠦᠬᠦᠷ ᠤᠨ ᠤᠳᠤᠷᠢᠳᠤᠯᠭ᠎ᠠ ᠲᠤᠤᠷ᠎ᠠ᠂ ᠳ᠋ᠦᠸᠧ ᠰᠦᠩ ᠨᠢᠶᠠᠨ ᠤᠯᠠᠭᠠᠨᠬᠦᠦ᠂ ᠺᠦᠢ ᠪᠢ ᠨᠠᠷ ᠲᠠᠢ ᠦᠪᠦᠷ ᠮᠤᠩᠭᠤᠯ ᠤᠨ ᠬᠠᠮᠤᠭ ᠤᠨ ᠡᠷᠲᠡᠨ ᠤ | ᠬᠤᠪᠢᠰᠬᠠᠯ ᠤᠨ ᠰᠡᠳᠬᠦᠯ — ︽ᠮᠤᠩᠭᠤᠯ ᠤᠨ ᠲᠠᠷᠢᠶᠠᠯᠠᠩ ᠠᠷᠠᠳ︾ ᠰᠡᠳᠬᠦᠯ ᠢ ᠡᠷᠬᠢᠯᠡᠨ᠂ ᠦᠪᠦᠷ ᠮᠤᠩᠭᠤᠯ ᠤᠨ ᠪᠤᠳᠠᠳᠠᠢ ᠲᠠᠢ ᠨᠢᠭᠲᠠ ᠤᠶᠠᠯᠳᠤᠭᠤᠯᠵᠤ᠂ | ᠬᠤᠪᠢᠰᠬᠠᠯ ᠤᠨ ᠤᠨᠤᠯ ᠢ ᠤᠬᠠᠭᠤᠯᠤᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳᠴᠢᠯᠠᠭᠰᠠᠨ ᠬᠤᠪᠢᠰᠬᠠᠯ ᠤᠨ ᠬᠦᠳᠦᠯᠪᠦᠷᠢ ᠶᠢ ᠤᠬᠠᠭᠤᠯᠵᠤ᠂ | ᠦᠪᠦᠷ ᠮᠤᠩᠭᠤᠯ ᠤᠨ ᠮᠤᠩᠭᠤᠯ ᠬᠢᠲᠠᠳ ᠡᠯ᠎ᠡ ᠦᠨᠳᠦᠰᠦᠳᠡᠨ ᠤ ᠠᠷᠠᠳ ᠲᠦᠮᠡᠨ ᠪᠦᠯᠬᠦᠮᠳᠡᠨ ᠨᠢᠭᠲᠠᠷᠠᠵᠤ᠂ ᠬᠠᠮᠳᠤᠪᠡᠷ ᠬᠤᠪᠢᠰᠬᠠᠯ ᠬᠢᠵᠦ᠂ ᠬᠠᠮᠳᠤ ᠪᠠᠷ | ᠴᠢᠯᠦᠭᠡᠯᠡᠯᠳᠡ ᠶᠢ ᠡᠷᠢᠯᠬᠢᠯᠡᠬᠦ ᠶᠢ ᠬᠦᠴᠦᠳᠡᠢ ᠤᠷᠢᠶᠠᠯᠠᠪᠠ᠃ ᠲᠡᠷᠡ ᠮᠤᠩᠭᠤᠯ ᠲᠦᠪᠡᠳ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠲᠦᠪᠡᠳ | ᠬᠦᠷᠢᠶᠡᠯᠡᠩ ᠤᠨ ᠰᠤᠷᠭᠠᠭᠤᠯᠢ ᠶᠢᠨ ᠠᠯᠪᠠᠨ ᠤ ᠵᠠᠷᠤᠳᠠᠯ ᠢ ᠬᠦᠴᠦᠨ ᠦᠭᠡᠢ ᠪᠣᠯᠭᠠᠬᠤ ᠶᠢ ᠡᠰᠡᠷᠬᠦᠴᠡᠬᠦ ᠪᠠ ᠲᠡᠷᠰᠯᠡᠭᠦᠦ ᠰᠤᠷᠭᠠᠭᠤᠯᠢ ᠶᠢᠨ ᠵᠠᠬᠢᠷᠤᠯ ᠢ ᠭᠦᠭᠡᠭᠡᠵᠦ | ᠶᠠᠪᠤᠭᠤᠯᠬᠤ ᠲᠡᠮᠡᠴᠡᠯ ᠳᠤ ᠤᠷᠤᠯᠴᠠᠵᠤ ᠵᠤᠬᠢᠶᠠᠨ ᠪᠠᠶᠢᠭᠤᠯᠵᠠᠢ᠃ ᠪᠡᠭᠡᠵᠢᠩ ᠤᠨ ︽ᠲᠠᠪᠤᠨ ᠰᠠᠷ᠎ᠠ ᠶᠢᠨ ᠲᠦᠷᠪᠡᠨ ᠤ ᠬᠦᠳᠡᠯᠭᠡᠭᠡᠨ︾ ᠳᠤ ᠤᠷᠤᠯᠴᠠᠪᠠ᠃ | ᠡᠪᠦᠯ ᠤᠨ ᠡᠬᠢ ᠪᠠᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠠᠴᠠ ᠳ᠋ᠦᠸᠧ ᠰᠦᠩ ᠨᠢᠶᠠᠨ ᠢ ᠵᠦᠪᠯᠡᠯᠳᠦ ᠬᠤᠯᠪᠤᠭᠠᠳᠤ | ᠤᠯᠤᠰ ᠤᠨ ᠮᠤᠰᠺᠸᠠ ᠶᠢᠨ ᠵᠦᠩ ᠱᠠᠨ ᠶᠡᠭᠡ ᠰᠤᠷᠭᠠᠭᠤᠯᠢ ᠳᠤ ᠰᠤᠷᠤᠯᠴᠠᠭᠤᠯᠪᠠ᠃ | 1926 ᠣᠨ ᠤ ᠨᠠᠮᠤᠷ᠂ ᠳ᠋ᠦᠸᠧ ᠰᠦᠩ ᠨᠢᠶᠠᠨ ᠲᠤᠮᠢᠯᠠᠯᠲᠠ ᠪᠠᠷ ᠤᠯᠤᠰ ᠲᠠᠭᠠᠨ ᠪᠤᠴᠠᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠴᠠᠬᠠᠷ | ᠤᠨᠴᠠᠭᠠᠢ ᠤᠷᠤᠨ ᠤ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠪᠠ᠃ ᠲᠡᠷᠡ ᠴᠠᠬᠠᠷ ᠤᠨ ᠬᠦᠳᠡᠭᠡ ᠲᠤᠰᠬᠤᠨ᠂ ᠮᠠᠯᠵᠢᠬᠤ ᠤᠷᠤᠨ ᠢᠶᠠᠷ | ᠶᠠᠪᠤᠵᠤ᠂ ᠮᠠᠯᠴᠢᠨ ᠲᠠᠷᠢᠶᠠᠴᠢᠨ ᠤ ᠬᠦᠳᠡᠯᠭᠡᠭᠡᠨ ᠢ ᠡᠭᠦᠰᠭᠡᠵᠦ᠂ ᠴᠢᠭᠤᠯᠤᠯᠳᠤ ᠬᠠᠭᠠᠯᠭ᠎ᠠ ᠤᠷᠤᠨ ᠤ ᠦᠢᠯᠡᠳᠪᠦᠷᠢ᠂ ᠰᠤᠷᠭᠠᠭᠤᠯᠢ ᠪᠠᠷ ᠬᠦᠨᠵᠡᠭᠡᠶᠢᠷᠡᠵᠦ᠂ ᠬᠤᠲᠠ | ᠲᠤᠳᠤᠷᠠᠬᠢ ᠬᠤᠪᠢᠰᠬᠠᠯᠳᠤ ᠲᠡᠮᠡᠴᠡᠯ ᠢ ᠤᠳᠤᠷᠢᠳᠤᠪᠠ᠃ | 1927 ᠣᠨ ᠤ 4 ᠳ᠋ᠤᠭᠡᠷ ᠰᠠᠷ᠎ᠠ ᠳᠤ᠂ ᠳ᠋ᠦᠸᠧ ᠰᠦᠩ ᠨᠢᠶᠠᠨ ᠦᠬᠠᠨ ᠳᠤ ᠬᠦᠷᠴᠦ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠪᠤᠳᠤᠭᠠᠷ | ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠪᠠ᠃ ᠲᠡᠷᠡ ᠬᠤᠷᠠᠯ ᠲᠡᠭᠡᠷ᠎ᠡ ᠮᠠᠥ ᠽᠧ ᠳ᠋ᠦᠩ᠂ ᠵᠸᠦ ᠡᠸ᠋ᠨ ᠯᠠᠢ᠂ ᠴᠢᠥᠢ | ᠴᠢᠦ ᠪᠠᠢ ᠵᠡᠷᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠮᠠᠰᠢ ᠤᠯᠠᠨ ᠴᠢᠬᠤᠯᠠ ᠤᠳᠤᠷᠢᠳᠬᠤ ᠬᠦᠮᠦᠰ ᠪᠠ ᠬᠤᠪᠢᠰᠬᠠᠯᠳᠤ ᠵᠢᠳᠬᠦᠯᠲᠡᠨ ᠲᠠᠢ ᠲᠠᠨᠢᠯᠴᠠᠪᠠ᠃ | 5 ᠳ᠋ᠤᠭᠠᠷ ᠰᠠᠷ᠎ᠠ ᠶᠢᠨ ᠲᠤᠮᠳᠠᠴᠢ ᠪᠠᠷ ᠲᠡᠷᠡ ᠪᠡᠭᠡᠵᠢᠩ ᠳᠤ ᠬᠠᠷᠢᠵᠠᠢ᠃ ᠪᠡᠭᠡᠵᠢᠩ ᠳᠤ ᠪᠠᠶᠢᠬᠤ ᠦᠶ᠎ᠡ ᠳᠤ ᠪᠠᠨ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ | ᠶᠠᠭ ᠴᠢᠭᠤᠯᠤᠯᠳᠤ ᠬᠠᠭᠠᠯᠭ᠎ᠠ ᠳᠤ ᠱᠠᠩ ᠲᠠᠯᠪᠢᠵᠤ ᠲᠡᠭᠦᠨ ᠢ ᠪᠠᠷᠢᠵᠤ ᠠᠪᠬᠤ ᠭᠡᠵᠦ ᠪᠠᠶᠢᠭ᠎ᠠ ᠶᠢ ᠳ᠋ᠦᠸᠧ ᠰᠦᠩ ᠨᠢᠶᠠᠨ ᠨᠢᠭᠡᠨᠲᠡ ᠮᠡᠳᠡᠪᠡ᠃ ᠭᠡᠪᠡᠴᠦ᠂ ᠨᠠᠮ ᠤᠨ | ︽ᠲᠠᠪᠤᠨ ᠶᠡᠭᠡ︾ ᠵᠣᠷᠢᠭ ᠰᠠᠨᠠᠭ᠎ᠠ ᠶᠢ ᠴᠠᠭ ᠲᠤᠬᠠᠢ ᠳᠤ ᠨᠢ ᠤᠯᠠᠮᠵᠢᠯᠠᠬᠤ ᠪᠠ ᠬᠤᠪᠢᠷᠠᠯᠳᠠ ᠶᠢ ᠠᠷᠭᠠᠴᠠᠭᠠᠬᠤ ᠠᠷᠭ᠎ᠠ ᠪᠤᠳᠤᠯᠭ᠎ᠠ ᠠᠪᠬᠤ ᠶᠢᠨ ᠲᠦᠯᠦᠭᠡ᠂ | ᠲᠡᠷᠡ ᠮᠦᠨ ᠯᠡ ᠴᠢᠭᠤᠯᠤᠯᠳᠤ ᠬᠠᠭᠠᠯᠭ᠎ᠠ ᠳᠤ ᠪᠤᠴᠠᠪᠠ᠃ ᠤᠷᠪᠠᠭᠴᠢ ᠲᠡᠭᠦᠨ ᠢ ᠬᠤᠳᠠᠯᠳᠤᠭᠰᠠᠨ ᠠᠴᠠ ᠤᠳᠠᠯ ᠦᠭᠡᠢ ᠴᠢᠭᠤᠯᠤᠯᠳᠤ ᠬᠠᠭᠠᠯᠭ᠎ᠠ ᠳᠤ | ᠪᠠᠷᠢᠪᠴᠢᠯᠠᠭᠳᠠᠵᠠᠢ᠃ ᠳ᠋ᠦᠸᠧ ᠰᠦᠩ ᠨᠢᠶᠠᠨ ᠬᠢᠨᠳᠠᠨ ᠳᠤ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ ᠤ ᠴᠢᠭᠤᠯᠤᠯᠳᠤ ᠬᠠᠭᠠᠯᠭ᠎ᠠ ᠳᠠᠬᠢ ᠤᠷᠤᠯᠠᠨ | ᠬᠦᠢᠴᠡᠳᠭᠡᠭᠴᠢ᠂ ᠴᠠᠬᠠᠷ ᠤᠨᠴᠠᠭᠠᠢ ᠤᠷᠤᠨ ᠤ ᠬᠤᠰᠢᠭᠤ ᠵᠠᠬᠢᠷᠤᠭᠴᠢ ᠰᠠᠶᠢᠳ ᠭᠤᠤ ᠸᠧᠢ ᠶᠤᠸᠠᠢ ᠲᠠᠢ ᠲᠦᠢᠯ ᠤᠨ ᠡᠷᠡᠯᠬᠡᠭ ᠪᠠᠭᠠᠳᠤᠷᠯᠢᠭ ᠲᠡᠮᠡᠴᠡᠯ | ᠶᠠᠪᠤᠭᠤᠯᠪᠠ᠃ ᠮᠦᠨ ᠵᠢᠯ ᠤᠨ 8 ᠳ᠋ᠤᠭᠠᠷ ᠰᠠᠷ᠎ᠠ ᠶᠢᠨ ᠲᠤᠮᠳᠠᠴᠢ ᠪᠠᠷ᠂ ᠬᠠᠷᠬᠢᠰ ᠬᠡᠷᠴᠡᠭᠡᠢ ᠲᠤᠭᠰᠢᠨ ᠪᠠᠯᠠᠮᠠᠳ ᠮᠦᠭᠳᠡᠨ ᠤ ᠪᠦᠯᠦᠭ ᠤᠨ ᠴᠡᠷᠢᠭ ᠤᠨ ᠡᠷᠭᠡᠳᠡᠨ | ᠳ᠋ᠦᠸᠧ ᠰᠦᠩ ᠨᠢᠶᠠᠨ ᠨᠦᠭᠦᠷ ᠢ ᠴᠢᠭᠤᠯᠤᠯᠳᠤ ᠬᠠᠭᠠᠯᠭ᠎ᠠ ᠶᠢᠨ ᠳ᠋ᠠ ᠵᠢᠩ ᠮᠧᠨ ᠤ ᠡᠮᠦᠨ᠎ᠡ ᠲᠠᠷᠤᠵᠤ ᠠᠪᠠᠴᠢᠭᠠᠳ ᠲᠤᠬᠤᠢ ᠬᠢᠷᠢ ᠤᠷᠳᠤ ᠲᠠᠪᠤᠨ ᠲᠤᠮᠤ ᠲᠡᠮᠦᠷ | ᠬᠠᠳᠠᠭᠠᠰᠤ ᠪᠠᠷ ᠮᠤᠩᠭᠤᠯ ᠦᠨᠳᠦᠰᠦᠳᠡᠨ ᠤ ᠰᠢᠯᠢᠳᠡᠭ ᠬᠦᠪᠡᠭᠦᠨ᠂ ᠦᠨᠡᠨᠴᠢ ᠰᠢᠳᠤᠷᠭᠤ ᠡᠪ ᠬᠠᠮᠳᠤ ᠶᠤᠰᠤᠨ ᠤᠨ ᠪᠠᠶᠢᠯᠳᠤᠭᠴᠢ ᠳ᠋ᠦᠸᠧ ᠰᠦᠩ ᠨᠢᠶᠠᠨ | ᠨᠦᠬᠦᠷ ᠢ ᠳ᠋ᠠ ᠵᠢᠩ ᠮᠧᠨ ᠤ ᠬᠤᠲᠠ ᠶᠢᠨ ᠬᠠᠭᠠᠯᠭᠠᠨ ᠲᠡᠭᠡᠷ᠎ᠡ ᠬᠠᠳᠠᠵᠤ ᠠᠯᠠᠵᠠᠢ᠃ ᠳ᠋ᠦᠸᠧ ᠰᠦᠩ ᠨᠢᠶᠠᠨ ᠨᠦᠬᠦᠷ ᠪᠠᠭᠠᠳᠤᠷᠯᠢᠭ ᠢᠶᠠᠷ ᠪᠡᠶ᠎ᠡ ᠦᠷᠡᠭᠳᠡᠬᠦ | ᠦᠶ᠎ᠡ ᠳᠡᠭᠡᠨ ᠬᠤᠷᠢᠨ ᠬᠤᠶᠠᠷᠬᠠᠨ ᠨᠠᠰᠤᠳᠠᠢ ᠪᠠᠶᠢᠯ᠎ᠠ᠃ | |