ᠣᠶᠢᠷ᠎ᠠ ᠳᠤ᠂ ᠰᠦᠨ ᠱᠣᠣ ᠴᠧᠩ ᠬᠥᠯᠥᠨ ᠪᠤᠶᠢᠷ ᠬᠤᠲᠠ ᠳᠤ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠨ ᠱᠠᠲᠤᠨ ᠤ ᠵᠠᠰᠠᠯᠲᠠ ᠵᠡᠷᠭᠡ | ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ | ᠰᠦᠨ ᠱᠣᠣ ᠴᠧᠩ ᠤᠯᠤᠰ ᠤᠨ ᠥᠮᠴᠢᠯᠡᠯ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠮᠠᠰᠢ ᠬᠠᠯᠠᠮᠵᠢᠯᠠᠵᠤ ᠪᠠᠶᠢᠪᠠ᠂ | ᠲᠡᠷᠡ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠰᠢᠩ ᠾᠧ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠨᠢ ᠠᠵᠤ ᠠᠬᠤᠶᠢᠯᠠᠯ ᠤᠨ ᠬᠥᠭᠵᠢᠯᠲᠡ ᠳᠤ ᠲᠦᠢᠯ ᠤᠨ ᠴᠢᠬᠤᠯᠠ | ᠶᠤᠮ᠂ ᠡᠨᠡ ᠲᠠᠯ᠎ᠠ ᠪᠠᠷ ᠵᠠᠪᠠᠯ ᠭᠦᠨᠵᠡᠭᠡᠢ ᠰᠤᠳᠤᠯᠵᠤ᠂ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ | ᠰᠢᠪᠲᠤᠯᠬᠤ ᠪᠠᠷ ᠳᠠᠮᠵᠢᠭᠤᠯᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠬᠡᠪᠴᠢᠶᠡᠵᠢᠭᠰᠡᠨ᠂ ᠡᠷᠴᠢᠮᠵᠢᠭᠰᠡᠨ | ᠡᠵᠡᠩᠨᠡᠯᠲᠡ ᠶᠢ ᠠᠬᠢᠭᠤᠯᠵᠤ᠂ ᠮᠧᠬᠠᠨᠢᠭᠵᠢᠭᠤᠯᠤᠨ ᠠᠵᠢᠯᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠠᠲᠠᠷ ᠬᠠᠭᠠᠯᠪᠤᠷᠢᠯᠠᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠢᠯᠲᠠᠨ ᠠᠵᠢᠯᠴᠢᠨ ᠤ | ᠢᠳᠡᠪᠬᠢᠵᠢᠯ ᠢ ᠰᠠᠶᠢᠲᠤᠷ ᠳᠠᠶᠢᠴᠢᠯᠠᠵᠤ᠂ ᠠᠷᠭ᠎ᠠ ᠪᠥᠬᠦᠨ ᠢ ᠰᠦᠪᠡᠭᠴᠢᠯᠡᠨ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠵᠠᠯᠠᠨ | ᠠᠶᠢᠯ ᠤᠨ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠳᠤ᠂ ᠰᠦᠨ ᠱᠣᠣ ᠴᠧᠩ ᠲᠤᠬᠠᠢ ᠶᠢᠨ ᠭᠠᠵᠠᠷ ᠤᠨ ᠬᠢᠨ ᠢ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠠᠷᠠᠳ ᠣᠯᠠᠨ ᠢ ᠬᠢᠬᠦ ᠠᠵᠢᠯ ᠲᠠᠢ ᠪᠣᠯᠭᠠᠵᠤ᠂ ᠵᠣᠭᠤᠰ ᠣᠯᠬᠤ | ᠠᠷᠭ᠎ᠠ ᠵᠠᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠪᠥᠸᠧ ᠱᠢ ᠮᠠᠰᠢᠨ ᠲᠡᠷᠭᠡᠨ ᠤ ᠰᠢᠯᠭᠠᠨ ᠲᠤᠷᠰᠢᠬᠤ ᠮᠡᠷᠭᠡᠵᠢᠯ ᠤᠨ ᠲᠥᠪ | ᠪᠣᠯᠣᠨ ᠹᠧᠩ ᠬᠤᠸᠠᠩ ᠱᠠᠨ ᠠᠭᠤᠯᠠᠨ ᠤ ᠪᠢᠨᠳᠡᠷᠠᠶᠠ ᠠᠭᠤᠳᠠᠮ ᠲᠠᠯᠠᠪᠠᠢ ᠳᠤ ᠬᠦᠷᠴᠦ ᠰᠢᠨᠵᠢᠯᠡᠨ ᠪᠠᠶᠢᠴᠠᠭᠠᠵᠤ᠂ ᠬᠥᠯᠥᠨ ᠪᠤᠶᠢᠷ ᠮᠥᠰᠥ ᠴᠠᠰᠤᠨ ᠤ ᠡᠬᠢ | ᠪᠠᠶᠠᠯᠢᠭ ᠢᠶᠠᠷ ᠡᠯᠪᠡᠭ ᠶᠤᠮ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠠᠶᠢᠴᠢᠯᠠᠬᠤ | ᠬᠦᠴᠦᠨ ᠳᠤ ᠲᠦᠰᠢᠭᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠵᠢᠭᠤᠯᠴᠢᠯᠠᠯ ᠢ ᠬᠥᠷ ᠬᠥᠭᠵᠢᠶᠡᠨ ᠲᠠᠢ ᠪᠣᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | | | 2 ᠰᠠᠷ᠎ᠠ ᠶᠢᠨ 16 ᠤ ᠡᠳᠦᠷ᠂ ᠰᠦᠨ ᠱᠣᠣ ᠴᠧᠩ ᠵᠠᠯᠠᠨ ᠠᠶᠢᠯ ᠬᠤᠲᠠ ᠶᠢᠨ ᠢᠯᠴᠢ ᠬᠠᠩᠭᠠᠬᠤ ᠺᠣᠮᠫᠠᠨᠢ ᠳᠤ ᠢᠯᠴᠢ ᠬᠠᠩᠭᠠᠬᠤ ᠪᠠᠲᠤᠯᠠᠭ᠎ᠠ ᠪᠠ | ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠤᠷᠪᠤᠯᠵᠢᠯᠠᠭᠴᠢ ᠮᠠ ᠵᠢᠶᠠᠨ ᠴᠢᠤᠸᠠᠨ ᠰᠡᠭᠦᠳᠡᠷᠯᠡᠪᠡ᠃ | ᠠᠷᠣᠨ ᠬᠤᠰᠢᠭᠤ ᠪᠣᠯᠣᠨ ᠶᠠᠭᠰᠢ ᠬᠤᠲᠠ ᠳᠤ᠂ ᠰᠦᠨ ᠱᠣᠣ ᠴᠧᠩ ᠨᠠᠮ ᠤᠨ ᠭᠡᠰᠢᠭᠦᠨ ᠪᠣᠯᠣᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠬᠦᠷᠴᠦ᠂ ᠵᠢᠵᠢᠭᠦᠷᠯᠡᠵᠦ ᠪᠠᠶᠢᠭᠰᠠᠨ ᠺᠠᠳ᠋ᠷ ᠲᠠᠢ ᠭᠦᠨᠵᠡᠭᠡᠢ ᠶᠠᠷᠢᠯᠴᠠᠵᠤ ᠰᠣᠯᠢᠯᠴᠠᠪᠠ᠃ ᠲᠡᠷᠡ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠨᠢ ᠦᠨᠳᠦᠰᠦᠨ | ᠱᠠᠲᠤᠨ ᠳᠤ ᠪᠣᠢ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ | ᠴᠢᠨᠠᠭᠰᠢᠳᠠ ᠰᠢᠯᠢᠳᠡᠭᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠬᠡᠨ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠢᠯᠢᠳᠡᠭᠵᠢᠭᠦᠯᠦᠨ ᠴᠣᠮᠬᠠᠳᠬᠠᠭᠰᠠᠨ ᠥᠨᠳᠥᠷ ᠪᠦᠲᠦᠮᠵᠢᠲᠡᠢ᠂ ᠠᠷᠠᠳ ᠲᠤ ᠳᠥᠭᠦᠮ | ᠦᠵᠡᠭᠦᠯᠬᠦ ᠠᠷᠠᠳ ᠤᠨ ᠲᠥᠯᠥᠭᠡ ᠵᠢᠳᠬᠦᠬᠦ ᠤᠳᠤᠷᠢᠳᠤᠮᠵᠢ ᠶᠢ ᠳᠣᠪᠤᠶᠢᠯᠭᠠᠨ᠂ ᠣᠯᠠᠨ ᠲᠦᠮᠡᠨ ᠳᠤ ᠬᠦᠷᠢᠶᠡᠯᠡᠭᠳᠡᠬᠦ ᠠᠵᠢᠯ ᠢ ᠢᠯᠡᠭᠦᠬᠡᠨ ᠬᠢᠵᠦ᠂ ᠣᠯᠠᠨ | ᠲᠦᠮᠡᠨ ᠢ ᠬᠠᠷᠰᠢᠯᠠᠨ ᠲᠦᠢᠪᠡᠭᠡᠬᠦ ᠶᠠᠪᠤᠳᠠᠯ ᠢ ᠴᠥᠭᠡᠨ ᠬᠢᠵᠦ᠂ ᠬᠡᠯᠪᠡᠷᠢᠴᠢ ᠦᠵᠡᠯ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃ | ᠵᠠᠯᠠᠨ ᠠᠶᠢᠯ ᠬᠤᠲᠠ ᠶᠢᠨ ᠢᠯᠴᠢ ᠬᠠᠩᠭᠠᠬᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠣᠣ ᠴᠧᠩ᠂ ᠢᠯᠴᠢ ᠬᠠᠩᠭᠠᠬᠤ ᠪᠣᠯ ᠦᠨᠳᠦᠰᠦᠨ | ᠠᠷᠠᠳ ᠤᠨ ᠠᠮᠢᠳᠤᠷᠠᠯ ᠮᠥᠨ᠂ ᠳᠤᠯᠠᠭᠠᠯᠠᠭ᠎ᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠢᠯᠴᠢ ᠬᠠᠩᠭᠠᠬᠤ ᠠᠵᠢᠯᠯᠠᠭ᠎ᠠ | ᠪᠠ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠶᠣᠰᠣᠭᠠᠷ ᠢᠯᠴᠢ ᠬᠠᠩᠭᠠᠬᠤ ᠵᠡᠷᠭᠡ | ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠢᠯᠴᠢ ᠶᠢ ᠭᠦᠢᠴᠡᠳ ᠬᠠᠩᠭᠠᠵᠤ ᠰᠠᠶᠢᠲᠤᠷ ᠬᠠᠩᠭᠠᠬᠤ ᠮᠥᠷᠲᠡᠭᠡᠨ ᠪᠠᠰᠠ ᠬᠡᠷᠡᠭᠯᠡᠭᠴᠢᠳ ᠤᠨ ᠭᠡᠷ ᠤᠨ ᠳᠣᠲᠣᠷᠠᠬᠢ | ᠳᠤᠯᠠᠭᠠᠨ ᠤ ᠬᠡᠮᠵᠢᠶ᠎ᠡ ᠶᠢ ᠰᠠᠶᠢᠲᠤᠷ ᠲᠡᠩᠴᠡᠭᠦᠷᠢᠰᠢᠭᠦᠯᠵᠦ᠂ ᠢᠯᠴᠢ ᠬᠠᠩᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠢᠯᠴᠢ ᠬᠠᠩᠭᠠᠬᠤ ᠦᠨ᠎ᠡ | ᠬᠠᠩᠰᠢ ᠶᠢ ᠲᠣᠭᠲᠠᠭᠠᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡ ᠪᠠ ᠡᠵᠡᠩᠨᠡᠯᠲᠡ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | 2 ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠰᠦᠨ ᠱᠣᠣ ᠴᠧᠩ ᠪᠠᠰᠠ ᠳᠤᠮᠳᠠᠳᠤ ᠤᠯᠤᠰ ᠤᠨ ᠳᠣᠷᠣᠨᠠᠲᠤ ᠶᠢᠨ ᠲᠡᠮᠦᠷ ᠵᠠᠮ ᠤᠨ ᠮᠦᠽᠸᠢ᠂ | ᠡᠸᠡᠩᠬᠢ ᠮᠦᠽᠧᠢ ᠳᠤ ᠬᠦᠷᠴᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠥᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠠᠷᠠᠳ ᠤᠨ ᠵᠠᠩ ᠦᠢᠯᠡᠰ ᠰᠣᠶᠣᠯ ᠢ | ᠤᠯᠠᠮᠵᠢᠯᠠᠨ ᠵᠠᠯᠭᠠᠮᠵᠢᠯᠠᠭᠰᠠᠨ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠣᠢ ᠰᠢᠭᠤᠢ ᠶᠢᠨ ᠠᠵᠢᠯᠲᠠᠨ ᠠᠵᠢᠯᠴᠢᠨ ᠪᠣᠯᠣᠨ ᠡᠸᠡᠩᠬᠢ ᠦᠨᠳᠦᠰᠦᠲᠡᠨ ᠤ | ᠮᠠᠯᠴᠢᠳ ᠤᠨ ᠭᠡᠷ ᠲᠤ ᠬᠦᠷᠴᠦ ᠡᠷᠭᠢᠨ ᠦᠵᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | |