ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/2/19
ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠳᠤ᠄        ᠲᠠᠨ ᠤ ᠺᠣᠮᠫᠠᠨᠢ ᠶᠢᠨ ︽ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠵᠠᠮ ᠬᠠᠷᠢᠯᠴᠠᠭ᠎ᠠ ᠪᠡᠯᠡ ᠤᠷᠤᠭᠤᠯᠤᠯᠳᠠ ᠲᠠᠷᠬᠠᠭᠠᠭᠰᠠᠨ ﹇2024﹈ 1 ᠳ᠋ᠤᠭᠡᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ ᠴᠤᠬᠤᠯᠠᠪᠤᠷᠢᠯᠠᠪᠠ᠄        ᠨᠢᠭᠡ᠂ ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠢ ᠲᠠᠨ ᠤ ᠺᠣᠮᠫᠠᠨᠢ ᠪᠠᠷ ᠡᠭᠦᠷᠭᠡᠯᠡᠭᠦᠯᠵᠦ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃        ᠬᠤᠶᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠰᠠᠮᠠᠯ ᠵᠠᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ﹇2023﹈ 6 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠢᠵᠦ᠂ ᠰᠢᠯᠢᠳᠡᠭ ᠲᠤᠰᠬᠠᠢ ᠮᠡᠷᠭᠡᠵᠢᠯᠲᠡᠨ ᠢ ᠨᠠᠷᠢᠨ ᠨᠢᠮᠪᠠᠢ ᠰᠣᠩᠭᠤᠨ ᠲᠣᠮᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠯ ᠢ ᠲᠦᠷᠭᠡᠳᠬᠡᠨ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃        ᠭᠤᠷᠪᠠ᠂ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠯᠤᠭ᠎ᠠ ᠲᠦᠷᠦᠯ ᠵᠦᠢᠯ ᠢ ᠵᠤᠯᠭᠠᠭᠤᠯᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃ ᠴᠣᠬᠤᠯᠠᠪᠤᠷᠢ ᠳᠤ ᠲᠣᠬᠢᠷᠠᠭᠤᠯᠤᠯᠲᠠ ᠬᠢᠭᠰᠡᠨ ᠡᠳᠦᠷ ᠠᠴᠠ ᠡᠬᠢᠯᠡᠨ᠂ ︽ᠤᠯᠤᠰ ᠤᠨ ᠵᠠᠮ 301  ᠱᠤᠭᠤᠮ ᠤᠨ ᠶᠠᠭᠰᠢ  ᠠᠴᠠ ᠬᠠᠶᠢᠯᠠᠷ ᠬᠦᠷᠬᠦ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠬᠦᠯᠦᠨ ᠵᠠᠰᠠᠭ ᠥᠰᠥᠭ ﹇2023﹈ 10 ᠳ᠋ᠤᠭᠠᠷ ᠲᠣᠭᠠᠲᠤ︶  ᠬᠦᠴᠦᠨ ᠦᠭᠡᠢ ᠪᠣᠯᠣᠨ᠎ᠠ᠃      ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                                2024 ᠣᠨ ᠤ 1 ᠰᠠᠷ᠎ᠠ ᠶᠢᠨ 22 ᠤᠨ ᠡᠳᠦᠷ       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ