ᠬᠠᠶᠢᠯᠠᠷ ᠲᠣᠭᠤᠷᠢᠭ ᠤᠨ ︽ᠠᠷᠪᠠᠨ ᠳᠦᠷᠪᠡᠳᠦᠭᠡᠷ ᠡᠪᠦᠯ︾ ᠤᠨ ᠴᠤᠭᠯᠠᠭᠠᠨ ᠤ ᠭᠤᠣᠯ ᠲᠠᠯᠠᠪᠤᠷ ᠣᠷᠳᠣᠨ ᠤ ᠡᠷᠭᠢᠨ ᠲᠤᠭᠤᠷᠢᠨ ᠤ ᠵᠠᠮ ᠤᠨ ᠨᠡᠷ᠎ᠡ ᠶᠢ ᠬᠠᠯᠠᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/2/19
ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄        ᠲᠠᠨ ᠤ ᠲᠣᠭᠤᠷᠢᠭ ᠤᠨ ︽︿ᠠᠷᠪᠠᠨ ᠳᠥᠷᠪᠡᠳᠦᠭᠡᠷ ᠡᠪᠦᠯ﹀ ᠤᠨ ᠭᠤᠣᠯ ᠲᠠᠯᠠᠪᠤᠷ ᠣᠷᠳᠣᠨ ᠤ ᠡᠷᠬᠢᠨ ᠲᠣᠭᠤᠷᠢᠨ ᠤ ᠵᠠᠮ ᠤᠨ ᠨᠡᠷ᠎ᠡ ᠶᠢ ᠬᠠᠯᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠠᠶᠢᠯᠠᠷ ᠵᠠᠰᠠᠭ ᠲᠠᠷᠬᠠᠭᠠᠭᠰᠠᠨ 〔2024〕 3 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠭᠠᠳ᠂ ︽ᠡᠪᠦᠯ ᠤᠨ ᠴᠤᠭᠯᠠᠭᠠᠨ ᠤ ᠶᠡᠭᠡ ᠵᠠᠮ︾ ︽ᠲᠤᠭᠤᠷᠢᠭ ᠤᠨ ᠣᠷᠳᠣᠨ ᠤ ᠶᠡᠭᠡ ᠵᠠᠮ︾ ᠨᠢ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠦ᠂ ᠬᠠᠶᠢᠯᠠᠷ ᠲᠣᠭᠤᠷᠢᠭ ᠤᠨ ᠤᠤᠯ ᠤᠨ ᠲᠣᠭᠤᠷᠢᠭ ᠤᠨ ᠣᠷᠳᠣᠨ ᠤ ᠵᠡᠭᠦᠨ ᠵᠠᠮ ᠤᠨ ᠪᠥᠬᠦ ᠬᠡᠰᠡᠭ ᠢ ︽ᠡᠪᠦᠯ ᠤᠨ ᠴᠤᠭᠯᠠᠭᠠᠨ ᠤ ᠶᠡᠭᠡ ᠵᠠᠮ︾᠂ ᠤᠤᠯ ᠤᠨ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠵᠠᠮ ᠤᠨ ᠪᠥᠬᠦ ᠬᠡᠰᠡᠭ ᠢ ︽ᠲᠤᠭᠤᠷᠢᠭ ᠤᠨ ᠣᠷᠳᠣᠨ ᠤ ᠶᠡᠭᠡ ᠵᠠᠮ︾ ᠭᠡᠵᠦ ᠬᠠᠯᠠᠬᠤ ᠶᠢ ᠵᠥᠪᠰᠢᠶᠡᠷᠡᠵᠦ ᠪᠠᠶᠢᠨ᠎ᠠ᠃ ᠵᠠᠮ ᠤᠨ ᠫᠠᠶᠢᠰᠠ ᠶᠢ ᠰᠣᠯᠢᠬᠤ ᠪᠠ ᠳᠤᠮᠳᠠᠳᠤ ᠤᠯᠤᠰ · ᠤᠯᠤᠰ ᠤᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠬᠥᠮᠥᠷᠭᠡ ᠵᠢᠴᠢ ᠡᠯᠧᠺᠲᠷᠣᠨ ᠭᠠᠵᠠᠷ ᠤᠨ ᠵᠢᠷᠤᠭ ᠢ ᠰᠢᠨᠡᠳᠬᠡᠬᠦ ᠵᠡᠷᠭᠡ ᠵᠠᠯᠭᠠᠮᠵᠢ ᠠᠵᠢᠯ ᠢ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠰᠠᠶᠢᠲᠤᠷ ᠬᠢᠲᠦᠭᠡᠢ᠃        ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                               2024 ᠣᠨ ᠤ 2 ᠰᠠᠷ᠎ᠠ ᠶᠢᠨ 2 ᠤᠨ ᠡᠳᠦᠷ       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ