1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ | ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠶᠠᠷᠢᠯᠴᠠᠭ᠎ᠠ ᠶᠢᠨ ᠠᠬᠤᠢ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠢᠳᠡᠪᠬᠢᠲᠡᠢ ᠪᠠᠷ ᠦᠭᠡ ᠬᠡᠯᠡᠵᠡᠭᠡᠵᠦ᠂ | ᠦ᠋ ᠶᠠᠨ ᠫᠢᠩ᠂ ᠵᠧᠩ ᠵᠢᠶᠠᠨ ᠬᠤᠩ ᠵᠡᠷᠭᠡ 9 ᠭᠡᠰᠢᠭᠦᠨ ᠶᠠᠷᠢᠶ᠎ᠠ ᠬᠡᠯᠡᠵᠦ᠂ ᠸᠠᠩ ᠯᠢ ᠰᠢᠶᠠ ᠭᠡᠰᠢᠭᠦᠳ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠢ ᠤᠯᠠᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠵᠠᠰᠠᠭ ᠤᠨ ᠣᠷᠳᠣᠨ ᠤ ᠠᠵᠢᠯ ᠤᠨ ᠳᠤᠮᠳᠠ ᠪᠠᠨ | ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | | | ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠭᠡᠰᠢᠭᠦᠳ | ᠢᠳᠡᠪᠬᠢᠲᠡᠢ ᠪᠠᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ | ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠂ ᠪᠢᠳᠡ ︽ᠬᠠᠷᠠᠬᠠᠨ ᠬᠥᠭᠵᠢᠭᠡᠳᠦᠢ | ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ ᠤᠷᠤᠭᠰᠢᠯᠠᠵᠤ ᠬᠦᠴᠦᠯᠡᠨ ᠨᠡᠬᠡᠬᠦ ᠬᠡᠷᠡᠭᠲᠡᠢ᠃ ᠣᠷᠣᠭᠤᠯᠤᠯᠲᠠ ᠪᠠᠨ | ᠴᠢᠩᠭᠠᠳᠬᠠᠵᠤ᠂ ᠵᠠᠰᠠᠭ ᠤᠨ ᠣᠷᠳᠣᠨ ᠲᠦᠷᠦᠭᠦᠯᠡᠨ ᠦᠨᠡᠨ ᠪᠣᠳᠠᠲᠠᠢ ᠪᠡᠯᠡ ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠵᠦ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ᠂ ᠠᠵᠤ ᠠᠬᠤᠶᠢᠯᠠᠯ᠂ ᠨᠡᠶᠢᠭᠡᠮ ᠤᠨ ᠤᠯᠠᠨ ᠡᠰᠢᠲᠦ ᠣᠷᠣᠭᠤᠯᠤᠯᠲᠠ ᠶᠢᠨ ᠪᠠᠶᠢᠷᠢᠰᠢᠯ ᠢ | ᠪᠦᠷᠢᠯᠳᠦᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠰᠢᠨ᠎ᠡ ᠶᠢ ᠡᠭᠦᠳᠬᠦ ︽ᠪᠤᠤᠬᠢᠶ᠎ᠠ ᠤᠷᠤᠯᠳᠤᠭᠠᠨ︾ ᠢ ᠰᠠᠶᠢᠲᠤᠷ ᠬᠢᠵᠦ᠂ ᠰᠤᠳᠤᠯᠬᠤ᠂ ᠦᠷ᠎ᠡ | ᠪᠦᠲᠦᠭᠡᠯ ᠢ ᠣᠨᠳᠣᠣᠰᠢᠭᠤᠯᠬᠤ᠂ ᠬᠡᠷᠡᠭᠯᠡᠬᠦ ᠵᠡᠷᠭᠡ ᠪᠦᠬᠦ ᠭᠤᠭᠴᠤᠭ᠎ᠠ ᠳᠤ ᠪᠤᠤᠬᠢᠶ᠎ᠠ ᠵᠠᠯᠭᠠᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠪᠡᠯᠡ | ᠮᠥᠩᠭᠦ ᠶᠢ ᠨᠢᠭᠡ ᠴᠣᠭᠴᠠᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠤᠬᠠᠮᠰᠠᠷ ᠢ | ᠴᠢᠩᠭᠠᠷᠠᠭᠤᠯᠵᠤ᠂ ᠰᠢᠨ᠎ᠡ ᠶᠢ ᠡᠭᠦᠳᠬᠦ ᠬᠦᠰᠡᠯ ᠡᠷᠡᠮᠡᠯᠵᠡᠯ ᠢ ᠨᠢ ᠴᠢᠩᠭᠠᠷᠠᠭᠤᠯᠤᠨ᠂ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠣᠭᠲᠠᠴᠠ ᠶᠢ | ᠪᠦᠷᠢᠨᠰᠢᠭᠦᠯᠵᠦ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠵᠦ ᠪᠣᠭᠤᠮᠲᠠ ᠰᠢᠪᠲᠤᠯᠬᠤ ᠶᠢ | ᠳᠡᠮᠵᠢᠬᠦ ᠬᠡᠷᠡᠭᠲᠡᠢ᠃ ᠲᠠᠪᠴᠠᠩ ᠢ ᠰᠠᠶᠢᠲᠤᠷ ᠪᠠᠶᠢᠭᠤᠯᠵᠤ᠂ ︽ᠤᠯᠤᠰ ᠤᠨ ᠠᠩᠭᠢ︾᠂ ︽ᠣᠷᠣᠨ ᠨᠤᠲᠤᠭ ᠤᠨ ᠠᠩᠭᠢ︾ ᠨᠢ ᠴᠥᠮ ᠦᠨᠡᠨ ᠪᠣᠳᠠᠲᠠᠢ ᠪᠠᠷ | ᠠᠮᠵᠢᠯᠲᠠ ᠪᠦᠲᠦᠮᠵᠢ ᠭᠠᠷᠭᠠᠵᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠨᠢ ︽ᠴᠤᠭᠯᠠᠷᠠᠭᠤᠯᠬᠤ︾ | ᠦᠢᠯᠡᠳᠦᠯ ᠢᠶᠠᠨ ᠪᠠᠳᠠᠷᠠᠭᠤᠯᠵᠤ᠂ ︽ᠬᠤᠷᠠᠮᠳᠤᠵᠤ ᠶᠡᠭᠡ ᠡᠨᠧᠷᠭᠢ ᠶᠢ ᠡᠭᠦᠰᠬᠡᠬᠦ︾ ᠨᠥᠯᠥᠭᠡ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠴᠤᠭᠯᠠᠷᠠᠭᠤᠯᠤᠨ ᠴᠢᠳᠠᠪᠤᠷᠢᠲᠠᠨ ᠢ | ᠬᠡᠷᠡᠭᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢᠲᠠᠨ ᠪᠠ ᠡᠮᠡᠭᠲᠡᠶᠢᠴᠦᠳ᠂ ᠵᠠᠯᠠᠭᠤᠴᠤᠳ ᠤᠨ ᠳᠠᠭᠠᠭᠤᠯᠤᠭᠴᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ | ᠨᠡᠩ ᠤᠯᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠭᠠᠵᠠᠷ ᠣᠷᠣᠨ ᠠᠯᠤᠰᠯᠠᠭᠰᠠᠨ ᠴᠢᠳᠠᠪᠤᠷᠢᠲᠠᠨ ᠤ | ᠥᠨᠳᠦᠷᠯᠢᠭ ᠢ ᠴᠣᠭᠴᠠᠯᠠᠬᠤ ᠬᠡᠷᠡᠭᠲᠡᠢ᠃ ᠰᠣᠯᠢᠯᠴᠠᠭ᠎ᠠ ᠶᠢ ᠴᠢᠬᠤᠯᠠᠴᠢᠯᠠᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠬᠤᠯᠪᠣᠭᠠᠨ ᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠣᠨᠴᠠᠭᠠᠶᠢᠯᠠᠨ ᠪᠡᠭᠡᠵᠢᠩ ᠲᠢᠶᠠᠨᠵᠢᠨ ᠾᠧᠪᠧᠢ ᠲᠠᠢ ᠣᠶᠢᠷ᠎ᠠ ᠪᠠᠶᠢᠭ᠎ᠠ ᠳᠠᠪᠠᠭᠤᠯᠢᠭ ᠢ ᠰᠠᠶᠢᠲᠤᠷ ᠠᠰᠢᠭᠯᠠᠵᠤ᠂ ᠮᠠᠨ ᠤ ᠣᠷᠣᠨ ᠤ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ | ᠸᠠᠩ ᠯᠢ ᠰᠢᠶᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠢᠯᠡᠭᠦᠬᠡᠨ ᠠᠷᠭ᠎ᠠ | ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠂ ᠵᠠᠰᠠᠭ ᠤᠨ ᠣᠷᠳᠣᠨ ᠠᠴᠠ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠲᠦᠷᠦ ᠶᠢᠨ ᠵᠥᠪᠯᠡᠯᠭᠡᠨ ᠪᠣᠯᠣᠨ | ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠬᠡᠯᠡᠪᠡ᠃ | ᠪᠠᠢ ᠴᠢᠩ ᠶᠤᠸᠠᠨ᠂ ᠯᠥᠸᠧ ᡁᠢ ᠬᠤ᠋᠂ ᠠᠨ ᠷᠦᠨ ᠱᠧᠩ᠂ ᠰᠦᠨ ᠵᠢᠶᠦ᠋ᠨ ᠴᠢᠩ ᠶᠠᠷᠢᠯᠴᠠᠭ᠎ᠠ ᠳᠤ ᠣᠷᠣᠯᠴᠠᠵᠠᠢ᠃ |