ᠸᠠᠩ ᠯᠢ ᠰᠢᠶᠠ ᠮᠥᠩᠭᠦᠨ ᠭᠦᠢᠯᠭᠡᠭᠡ ᠬᠢᠨᠠᠨ ᠪᠣᠳᠣᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/20
       2 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠢᠩᠬᠢᠮ ᠪᠣᠯᠣᠨ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠶᠠᠷ ᠲᠣᠭᠤᠷᠢᠨ ᠦᠵᠡᠵᠦ᠂ ᠠᠵᠢᠯ ᠢ ᠪᠠᠶᠢᠴᠠᠭᠠᠨ ᠰᠤᠳᠤᠯᠵᠤ᠂ ᠺᠠᠳ᠋ᠷ ᠠᠵᠢᠯᠲᠠᠳ ᠢ ᠲᠣᠬᠤᠨᠢᠭᠤᠯᠪᠠ᠃
20240220-1.jpg   
              ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠳᠤ᠂ ᠸᠠᠩ ᠯᠢ ᠰᠢᠶᠠ ᠮᠥᠩᠭᠦᠨ ᠭᠦᠢᠯᠭᠡᠭᠡᠨ ᠤ ᠬᠦᠴᠢᠷ ᠢ ᠲᠤᠭᠤᠯᠤᠨ ᠪᠠᠶᠢᠳᠠᠯ ᠢ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠯ᠎ᠡ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠪᠠ᠃ ᠲᠡᠷᠡ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠢᠷ ᠢ ᠲᠤᠭᠤᠯᠤᠨ ᠪᠠᠶᠢᠳᠠᠯ ᠢ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠳᠤᠯ ᠦᠭᠡᠢ᠂ ᠲᠦᠭᠡᠮᠡᠯ ᠬᠠᠷᠠᠭᠠᠯᠵᠠᠯᠲᠤ᠂ ᠨᠠᠰᠤᠵᠢᠯ ᠤᠨ ᠠᠰᠠᠷᠠᠮᠵᠢ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠠᠩᠬᠢ ᠶᠢᠨ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ᠂ ᠥᠨᠳᠥᠷ ᠠᠶᠤᠯ ᠲᠦᠭᠰᠢᠭᠦᠷᠢ ᠳᠤ ᠣᠶᠢᠷᠠᠲᠤᠭᠰᠠᠨ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠡᠢ᠃
20240220-1.jpg    
             ᠬᠢᠨᠠᠨ ᠪᠤᠳᠤᠬᠤ ᠲᠢᠩᠬᠢᠮ ᠳᠤ᠂ ᠸᠠᠩ ᠯᠢ ᠰᠢᠶᠠ ᠬᠢᠨᠠᠨ ᠪᠤᠳᠤᠬᠤ ᠲᠥᠷᠥᠯ ᠵᠦᠢᠯ ᠤᠨ ︽ᠰᠢᠯᠢᠳᠡᠭ ᠪᠠ ᠮᠠᠭᠤ ᠶᠢ ᠦᠨᠡᠯᠡᠬᠦ︾ ᠲᠣᠭᠲᠠᠴᠠ᠂ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠬᠤᠷᠢᠶ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠥᠷᠥ ᠶᠢᠨ ᠪᠠᠶᠢᠭᠤᠯᠭ᠎ᠠ ᠪᠤᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠬᠢᠨᠠᠨ ᠪᠤᠳᠤᠬᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠨᠠᠨ ᠪᠣᠳᠣᠯᠲᠠ ᠶᠢ ᠴᠢᠩᠭᠠᠳᠬᠠᠬᠤ︾ ᠠᠵᠢᠯ ᠢ ᠬᠦᠴᠦᠯᠡᠨ ᠰᠠᠶᠢᠲᠤᠷ ᠠᠳᠬᠤᠵᠤ᠂ ᠴᠢᠩᠭ᠎ᠠ ᠬᠦᠴᠦᠲᠡᠢ ᠬᠢᠨᠠᠨ ᠪᠤᠳᠤᠬᠤ ᠡᠩᠨᠡᠭᠡ ᠶᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠬᠢᠨᠠᠨ ᠪᠣᠳᠣᠯᠲᠠ ᠶᠢᠨ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
20240220-2.jpg
             ᠸᠠᠩ ᠯᠢ ᠰᠢᠶᠠ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠢᠷᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠲᠠᠯ᠎ᠠ ᠪᠠᠷ ᠵᠣᠷᠢᠭᠲᠠᠢ ᠪᠠᠷ ᠤᠷᠤᠭᠰᠢᠯᠠᠨ ᠬᠥᠭᠡᠭᠡᠵᠦ ᠭᠦᠢᠴᠡᠨ᠂ ᠮᠠᠨ ᠤ ᠣᠷᠣᠨ ᠤ ᠵᠠᠬ᠎ᠠ ᠳᠡᠯᠭᠡᠭᠦᠷ ᠪᠠ ᠠᠵᠤ ᠦᠢᠯᠡᠰ ᠲᠤ ᠣᠶᠢᠷᠠᠲᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠰᠠᠶᠢᠨ ᠬᠥᠭᠦᠷᠭᠡ ᠬᠤᠯᠪᠣᠭᠠᠰᠤ ᠪᠤᠯᠬᠤ ᠬᠡᠷᠡᠭᠲᠡᠢ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠨᠢ ᠴᠢᠳᠠᠪᠤᠷᠢᠲᠠᠨ ᠢ ᠳᠠᠭᠠᠵᠤ ᠶᠠᠪᠤᠬᠤ ᠬᠡᠷᠡᠭᠲᠡᠢ᠂ ᠰᠢᠯᠢᠳᠡᠭ ᠣᠷᠴᠢᠨ ᠨᠥᠬᠦᠴᠡᠯ ᠢ ᠪᠦᠷᠢᠯᠳᠦᠭᠦᠯᠦᠨ ᠥᠭᠴᠦ ᠪᠠᠶᠢᠭᠠᠳ ᠴᠢᠳᠠᠪᠤᠷᠢᠲᠠᠨ ᠢ ᠲᠠᠲᠠᠵᠤ ᠲᠡᠶᠢᠯᠭᠦ ᠪᠠᠷ ᠪᠠᠷᠠᠬᠤ ᠦᠭᠡᠢ ᠪᠠᠰᠠ ᠴᠢᠳᠠᠪᠤᠷᠢᠲᠠᠨ ᠤ ᠴᠢᠯᠦᠭᠡᠲᠡᠢ ᠪᠠᠷ ᠡᠷᠳᠡᠮ ᠴᠢᠳᠠᠪᠤᠷᠢ ᠪᠠᠨ ᠪᠠᠳᠠᠷᠠᠭᠤᠯᠬᠤ ᠶᠢ ᠵᠣᠷᠢᠭᠵᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠴᠧᠩᠳᠦ᠋ ᠴᠦᠩᠴᠢᠩ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠰᠤᠨᠳᠠᠯᠠᠭᠰᠠᠨ ᠲᠠᠪᠴᠠᠩ ᠢ ᠰᠦᠪᠡᠭᠴᠢᠯᠡᠨ ᠪᠠᠶᠢᠭᠤᠯᠵᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠲᠠᠪᠴᠠᠩ ᠤᠨ 2.0 ᠬᠡᠪ ᠢ ᠰᠠᠶᠢᠲᠤᠷ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
20240220-3.jpg
       ᠬᠤᠸᠠᠩ ᡁᠢ ᠴᠢᠶᠠᠩ᠂ ᠪᠦᠦ ᠰᠢᠶᠠᠨ ᠬᠤᠸᠠ᠂ ᠰᠦᠨ ᠵᠢᠶᠦ᠋ᠨ ᠴᠢᠩ ᠲᠤᠰ ᠲᠤᠰ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ