ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨᠪᠤᠯᠠᠭ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠢ ᠪᠠᠷ ᠭᠤᠣᠯ ᠴᠣᠭᠴᠠ ᠪᠣᠯᠭᠠᠵᠤ ᠠᠭᠤᠷᠬᠠᠢ ᠮᠠᠯᠲᠠᠬᠤ ᠡᠷᠬᠡ ᠪᠠ ᠭᠦᠨ ᠬᠡᠰᠡᠭ ᠤᠨ ᠠᠭᠤᠷᠬᠠᠢ ᠬᠠᠶᠢᠬᠤ ᠡᠷᠬᠡ ᠶᠢ ᠨᠢᠭᠡᠳᠦᠬᠦᠯᠬᠦ ᠶᠢ ᠵᠦᠪᠰᠢᠶᠡᠷᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/2/20
ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄        ᠲᠠᠨ ᠤ ᠬᠤᠰᠢᠭᠤᠨ ᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨᠪᠤᠯᠠᠭ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠢ ᠪᠠᠷ ᠭᠤᠣᠯ ᠴᠣᠭᠴᠠ ᠪᠣᠯᠭᠠᠨ ᠠᠭᠤᠷᠬᠠᠢ ᠮᠠᠯᠲᠠᠬᠤ ᠡᠷᠬᠡ ᠪᠠ ᠭᠦᠨ ᠬᠡᠰᠡᠭ ᠤᠨ ᠠᠭᠤᠷᠬᠠᠢ ᠬᠠᠶᠢᠬᠤ ᠡᠷᠬᠡ ᠶᠢ ᠨᠢᠭᠡᠳᠦᠬᠦᠯᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠭᠤ ᠪᠠᠷᠠᠭᠤᠨ ᠵᠠᠰᠠᠭ ᠲᠠᠷᠬᠠᠭᠠᠭᠰᠠᠨ ﹇2023﹈ 42 ᠳ᠋ᠤᠭᠠᠷ ᠲᠣᠭᠠᠲᠤ︶ ᠶᠢ ᠲᠤᠰᠴᠤ ᠠᠪᠤᠯ᠎ᠠ᠃ ᠠᠭᠤᠷᠬᠠᠢ ᠶᠢᠨ ᠦᠢᠯᠡᠰ ᠤᠨ ᠡᠷᠬᠡ ᠶᠢᠨ ᠲᠠᠷᠬᠠᠯᠲᠠ ᠶᠢᠨ ᠤᠳᠤᠬᠢ ᠪᠠᠶᠢᠳᠠᠯ ᠢ ᠦᠨᠳᠦᠰᠦᠯᠡᠪᠡᠯ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨᠪᠤᠯᠠᠭ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠢ ᠪᠠ ᠬᠥᠯᠥᠨ ᠪᠤᠶᠢᠷ ᠤᠨ ᠴᠠᠭᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠭᠤᠷᠬᠠᠢ ᠶᠢᠨ ᠦᠢᠯᠡᠰ ᠤᠨ ᠡᠷᠬᠡ ᠨᠢ ᠠᠳᠠᠯᠢ ᠨᠢᠭᠡᠨ ᠠᠭᠤᠷᠬᠠᠢ ᠶᠢᠨ ᠴᠤᠭᠯᠠᠷᠠᠯ ᠤᠨ ᠣᠷᠣᠨ ᠤ ᠠᠳᠠᠯᠢ ᠨᠢᠭᠡᠨ ᠠᠭᠤᠷᠬᠠᠢ ᠶᠢᠨ ᠴᠣᠭᠴᠠ ᠳᠤ ᠲᠠᠷᠬᠠᠵᠤ ᠪᠠᠶᠢᠪᠠᠴᠤ ᠲᠤᠰ ᠲᠤᠰ ᠠᠳᠠᠯᠢ ᠪᠤᠰᠤ ᠨᠡᠭᠡᠭᠡᠨ ᠮᠠᠯᠲᠠᠬᠤ ᠭᠤᠣᠯ ᠴᠣᠭᠴᠠ ᠳᠤ ᠬᠠᠷᠢᠶᠠᠯᠠᠭᠳᠠᠨ᠎ᠠ᠂ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠠᠯᠬᠤᠮ ᠴᠢᠨᠠᠭᠰᠢᠳᠠ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠨᠡᠭᠡᠭᠡᠨ ᠠᠰᠢᠭᠯᠠᠬᠤ ᠶᠢ ᠠᠬᠢᠭᠤᠯᠵᠤ᠂ ᠬᠥᠷᠰᠢ ᠵᠡᠷᠭᠡᠯᠡᠳᠡᠭᠡ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠳᠤ ᠳᠣᠣᠷᠠᠬᠢ ᠮᠡᠲᠦ ᠴᠣᠬᠤᠯᠠᠪᠤᠷᠢᠯᠠᠶ᠎ᠠ᠄        ᠨᠢᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨᠪᠤᠯᠠᠭ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠢ ᠪᠠᠷ ᠭᠤᠣᠯ ᠴᠣᠭᠴᠠ ᠪᠣᠯᠭᠠᠨ ᠠᠭᠤᠷᠬᠠᠢ ᠮᠠᠯᠲᠠᠬᠤ ᠡᠷᠬᠡ ᠪᠠ ᠭᠦᠨ ᠬᠡᠰᠡᠭ ᠤᠨ ᠠᠭᠤᠷᠬᠠᠢ ᠬᠠᠶᠢᠬᠤ ᠡᠷᠬᠡ ᠶᠢ ᠨᠢᠭᠡᠳᠦᠬᠦᠯᠬᠦ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃        ᠬᠤᠶᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭᠠᠨᠪᠤᠯᠠᠭ ᠠᠭᠤᠷᠬᠠᠢ ᠶᠢᠨ ᠣᠷᠣᠨ ᠤ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠢ ᠪᠠ ᠬᠥᠯᠥᠨ ᠪᠤᠶᠢᠷ ᠤᠨ ᠴᠠᠭᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠣᠯᠠᠨ ᠠᠭᠤᠷᠬᠠᠢ ᠶᠢᠨ ᠦᠢᠯᠡᠰ ᠤᠨ ᠡᠷᠬᠡ ᠶᠢ ᠨᠢᠭᠡᠳᠦᠬᠦᠯᠬᠦ ᠠᠵᠢᠯ ᠢ ᠢᠳᠡᠪᠬᠢᠲᠡᠢ ᠠᠬᠢᠭᠤᠯᠵᠤ᠂ 2025 ᠣᠨ ᠤ ᠡᠴᠦᠰ ᠠᠴᠠ ᠡᠮᠦᠨ᠎ᠡ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠵᠦᠢ ᠵᠣᠬᠢᠰᠲᠠᠢ ᠡᠮᠬᠢ ᠵᠢᠷᠤᠮ ᠲᠠᠢ ᠪᠠᠷ  ᠭᠤᠣᠯ ᠴᠣᠭᠴᠠ ᠶᠢ ᠨᠡᠭᠡᠭᠡᠨ ᠬᠥᠭᠵᠢᠭᠦᠯᠬᠦ ᠶᠢ ᠨᠢᠭᠡᠳᠬᠡᠨ᠎ᠡ᠃       ᠭᠤᠷᠪᠠ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠤᠣᠯ ᠴᠣᠭᠴᠠ ᠶᠢ ᠨᠢᠭᠡᠳᠦᠯᠲᠡᠢ ᠨᠡᠭᠡᠭᠡᠨ ᠬᠥᠭᠵᠢᠭᠦᠯᠬᠦ ᠠᠴᠠ ᠡᠮᠦᠨ᠎ᠡ ᠠᠮᠤᠷ ᠲᠦᠪᠰᠢᠨ ᠵᠠᠢ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠦᠢᠯᠡᠳᠪᠦᠷᠢᠯᠡᠵᠦ ᠪᠣᠯᠬᠤ ᠦᠭᠡᠢ᠃       ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                                               2024 ᠣᠨ ᠤ 1 ᠰᠠᠷ᠎ᠠ ᠶᠢᠨ 26 ᠤ ᠡᠳᠦᠷ              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ