ᠰᠡᠳᠬᠢᠯ ᠢ ᠤᠷᠭᠢᠯᠤᠭᠤᠯᠵᠤ ᠬᠦᠰᠡᠯ ᠢ ᠲᠡᠷᠭᠡᠯᠰᠢᠭᠦᠯᠦᠭᠰᠡᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ
ᠨᠡᠶᠢᠲᠡᠯᠡᠭᠰᠡᠨ ᠴᠠᠭ᠄
2024/2/21
       2 ᠰᠠᠷ᠎ᠠ ᠶᠢᠨ 17 ᠤ ᠡᠳᠦᠷ᠂ ᠬᠥᠬᠡ ᠯᠣᠣ ᠵᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ᠃       ᠬᠥᠯᠥᠨ ᠪᠤᠶᠢᠷ ᠤᠨ ᠡᠬᠡ ᠭᠠᠵᠠᠷ ᠲᠤ ᠴᠠᠭᠠᠨ ᠴᠠᠰᠤ ᠵᠥᠭᠡᠯᠡᠨ ᠬᠠᠶᠠᠯᠠᠨ᠎ᠠ᠂ ᠶᠠᠭ ᠯᠠ ᠨᠠᠢᠮᠠᠨ ᠵᠦᠭ ᠤᠨ ᠵᠣᠴᠢᠳ  ᠲᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠠᠨ ᠢ ᠪᠠᠶᠠᠷᠯᠠᠨ ᠤᠭᠲᠤᠵᠤ ᠪᠠᠶᠢᠨ᠎ᠠ︾ ᠬᠡᠮᠡᠨ ᠮᠥᠰᠥ ᠴᠠᠰᠤᠨ ᠤ ᠤᠷᠢᠯᠭ᠎ᠠ ᠲᠠᠯᠪᠢᠵᠤ ᠪᠠᠶᠢᠭ᠎ᠠ ᠶᠤᠮᠰᠢᠭ︕
20240221-1.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠮᠢᠷᠴᠢᠳ ᠤᠨ ᠲᠥᠯᠥᠭᠡᠯᠡᠭᠴᠢᠳ ᠤᠨ ᠪᠦᠯᠭᠦᠮ ᠡᠭᠢᠯᠡᠯᠳᠡ ᠶᠢᠨ ᠶᠣᠰᠣᠯᠠᠯ ᠤᠨ ᠠᠬᠤᠢ ᠲᠠᠯᠠᠪᠠᠢ ᠳᠤ ᠣᠷᠣᠵᠤ ᠪᠠᠶᠢᠭ᠎ᠠ ᠨᠢ       ᠡᠨᠡ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠪᠠᠶᠠᠷ ᠪᠠᠶᠠᠰᠤᠯ ᠢᠶᠠᠷ ᠪᠢᠯᠬᠠᠵᠤ᠂ ᠬᠦᠰᠡᠯ ᠵᠡᠭᠦᠳᠦ ᠶᠢ ᠠᠴᠢᠶᠠᠯᠠᠨ᠎ᠠ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠠᠳᠡ ᠶᠠᠪᠤᠭᠳᠠᠪᠠ᠃ ᠡᠭᠢᠯᠡᠯᠲᠡ ᠶᠢᠨ ᠶᠣᠰᠣᠯᠠᠯ ︽ᠮᠥᠰᠥ ᠴᠠᠰᠤᠨ ᠳᠤ ᠤᠷᠮ᠎ᠠ ᠰᠡᠳᠬᠢᠯᠭᠡ ᠶᠢᠨ ᠭᠠᠯ ᠢ ᠳᠦᠷᠡᠯᠵᠡᠭᠦᠯᠵᠦ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠪᠡᠶᠡᠯᠡᠭᠦᠯᠦᠶ᠎ᠡ︾ ᠪᠠᠷ ᠭᠤᠣᠯ ᠰᠡᠳᠦᠪ  ᠪᠤᠯᠭᠠᠵᠤ᠂ ︽ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠤ ᠱᠠᠭᠠᠷᠳᠠᠯᠭ᠎ᠠ ᠶᠢ ᠠᠭᠤᠰᠤᠯᠴᠠᠭᠤᠯᠵᠤ᠂ ᠪᠦᠭᠦ ᠶᠠᠪᠤᠴᠠ ᠨᠢ ᠨᠡᠶᠢᠲᠡ 80 ᠮᠢᠨᠦ᠋ᠲ ᠪᠠᠶᠢᠵᠤ᠂ ᠡᠭᠢᠯᠡᠯᠲᠡ ᠶᠢᠨ ᠶᠣᠰᠣᠯᠠᠯ ᠪᠠ ᠰᠣᠶᠣᠯ ᠪᠡᠶ᠎ᠡ ᠶᠢᠨ ᠲᠠᠮᠢᠷ ᠤᠨ ᠦᠵᠡᠭᠦᠯᠦᠯᠭᠡ ᠶᠢᠨ ᠲᠣᠬᠯᠠᠯᠲᠠ ᠭᠡᠵᠦ ᠬᠤᠪᠢᠶᠠᠨ ᠶᠠᠪᠤᠭᠳᠠᠭᠤᠯᠪᠠ᠃
20240221-2.png
       ᠡᠭᠢᠯᠡᠯᠳᠡ ᠶᠢᠨ ᠶᠣᠰᠣᠯᠠᠯ ᠤᠨ ᠠᠬᠤᠢ ᠲᠠᠯᠠᠪᠠᠢ ᠳᠤ ᠭᠠᠯ ᠪᠠᠮᠪᠠᠷ ᠳᠦᠷᠡᠯᠵᠡᠨ᠎ᠡ       ᠡᠭᠢᠯᠡᠯᠲᠡ ᠶᠢᠨ ᠶᠣᠰᠣᠯᠠᠯ ᠳᠡᠭᠡᠷ᠎ᠡ᠂ ᠲᠠᠮᠢᠷᠴᠢᠨ᠂ ᠬᠢᠨᠠᠭᠴᠢ ᠢᠳᠡᠷᠡᠭᠦᠨ ᠠᠯᠬᠤᠭ᠎ᠠ ᠪᠠᠷ ᠲᠠᠯᠠᠪᠠᠢ ᠳᠤ ᠣᠷᠣᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠪᠦᠭᠦ ᠤᠯᠤᠰ ᠤᠨ 35 ᠲᠥᠯᠥᠭᠡᠯᠡᠭᠴᠢᠳ ᠤᠨ ᠪᠦᠯᠭᠦᠮ ᠤᠨ 3000 ᠭᠠᠷᠤᠢ ᠲᠠᠮᠢᠷᠴᠢᠨ ᠮᠥᠰᠥ ᠴᠠᠰᠤᠨ ᠤ ᠪᠣᠯᠵᠣᠭᠠᠨ ᠳᠤ ᠤᠷᠤᠯᠴᠠᠵᠤ᠂ 8 ᠶᠡᠭᠡ ᠲᠥᠷᠥᠯ᠂ 16 ᠬᠤᠪᠢᠶᠠᠷᠢ ᠲᠥᠷᠥᠯ᠂ 176 ᠪᠠᠭ᠎ᠠ ᠲᠥᠷᠥᠯ ᠤᠨ ᠤᠷᠤᠯᠳᠤᠭᠠᠨ ᠶᠠᠪᠤᠭᠤᠯᠵᠤ᠂ ᠰᠢᠨ᠎ᠡ ᠴᠠᠭ ᠦᠶ᠎ᠡ ᠶᠢᠨ ᠲᠠᠮᠢᠷᠴᠢᠳ ᠤᠨ ᠣᠮᠤᠭ ᠵᠣᠷᠢᠭ ᠪᠠ ᠲᠡᠮᠡᠴᠡᠯ ᠤᠨ ᠵᠣᠷᠢᠭ ᠰᠠᠨᠠᠭ᠎ᠠ ᠶᠢ ᠦᠵᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠤᠭ ᠵᠢᠪᠬᠤᠭ᠎ᠠ ᠶᠢ ᠢᠯᠡᠷᠡᠭᠦᠯᠵᠦ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ᠃
20240221-3.png
       ᠳᠤᠬᠯᠠᠯᠳᠠ ᠭᠠᠷᠭᠠᠨ᠎ᠠ       ᠰᠣᠶᠣᠯ ᠪᠡᠶ᠎ᠡ ᠶᠢᠨ ᠲᠠᠮᠢᠷ ᠤᠨ ᠦᠵᠡᠭᠦᠯᠦᠯᠭᠡ ᠶᠢᠨ ᠲᠣᠬᠯᠠᠯᠲᠠ ᠳᠤ ᠣᠷᠣᠰᠢᠯ︽ᠬᠠᠮᠲᠤ ᠶᠢᠨ ᠭᠡᠷ ᠣᠷᠣᠨ︾᠂ ᠭᠤᠣᠯ ᠬᠡᠰᠡᠭ ︽ᠦᠵᠡᠰᠬᠦᠯᠡᠩᠲᠦ ᠰᠠᠶᠢᠬᠠᠨ ᠠᠭᠤᠯᠠ ᠤᠰᠤ︾᠂ ︽ᠮᠥᠰᠥ ᠴᠠᠰᠤᠨ ᠳᠤ ᠬᠠᠮᠲᠤ ᠪᠠᠷ ᠪᠣᠯᠵᠣᠶ᠎ᠠ︾᠂ ︽ᠭᠠᠷ ᠬᠤᠯᠪᠣᠯᠴᠠᠨ ᠬᠠᠮᠲᠤ ᠪᠠᠷ ᠡᠷᠡᠮᠡᠬᠡᠶᠢᠯᠡᠨ ᠤᠷᠤᠭᠰᠢᠯᠠᠶ᠎ᠠ︾ᠪᠣᠯᠣᠨ ᠲᠡᠭᠦᠰᠬᠡᠯ ︽ᠬᠠᠮᠲᠤ ᠶᠢᠨ ᠢᠷᠡᠭᠡᠳᠦᠢ︾ᠵᠡᠷᠭᠡ ᠪᠠᠭᠲᠠᠵᠤ᠂ ᠳᠤᠮᠳᠠᠳᠤ ᠤᠯᠤᠰ ᠤᠨ ᠬᠡᠪ ᠨᠠᠮᠪᠠ᠂ ᠦᠨᠳᠦᠰᠦᠲᠡᠨ ᠤ ᠣᠨᠴᠠᠯᠢᠭ᠂ ᠤᠮᠠᠷᠠᠲᠤ ᠬᠢᠯᠢ ᠶᠢᠨ ᠭᠦᠭ ᠠᠶᠠᠰ᠂ ᠬᠥᠳᠡᠯᠭᠡᠭᠡᠨ ᠤ ᠠᠮᠢᠵᠢᠷᠠᠯ ᠤᠨ ᠬᠦᠴᠦᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠠᠮᠢᠳᠤᠯᠢᠭ ᠢᠯᠡᠷᠡᠭᠦᠯᠵᠦ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ  ᠶᠢ ᠬᠤᠣᠰᠯᠠᠭᠤᠯᠵᠤ᠂ ᠲᠠᠯ᠎ᠠ ᠨᠤᠲᠤᠭ ᠤᠨ ᠰᠣᠶᠣᠯ᠂ ᠮᠥᠰᠥ ᠴᠠᠰᠤᠨ ᠤ ᠰᠣᠶᠣᠯ ᠪᠣᠯᠣᠨ ᠦᠨᠳᠦᠰᠦᠲᠡᠨ ᠤ ᠰᠣᠶᠣᠯ ᠤᠨ ᠭᠤᠶᠢᠳᠠ ᠰᠠᠶᠢᠬᠠᠨ ᠷᠢᠳᠢ ᠰᠢᠳᠢ ᠶᠢ ᠢᠯᠡᠷᠡᠭᠦᠯᠵᠦ᠂ ᠪᠦᠭᠦ ᠤᠯᠤᠰ ᠤᠨ ᠠᠷᠠᠳ ᠲᠦᠮᠡᠨ ᠳᠤ ᠥᠪᠡᠷᠮᠢᠴᠡ ᠰᠣᠳᠣᠨ ᠦᠪᠡᠳᠡᠭᠰᠢ ᠨᠠᠶᠢᠷ ᠢ ᠡᠷᠭᠦᠨ ᠪᠠᠷᠢᠭᠰᠠᠨ ᠪᠠᠶᠢᠨ᠎ᠠ᠃
20240221-4.png
       ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠤᠭ ᠡᠭᠢᠯᠡᠯᠳᠡ ᠶᠢᠨ ᠶᠣᠰᠣᠯᠠᠯ ᠤᠨ  ᠠᠬᠤᠢ ᠲᠠᠯᠠᠪᠠᠢ ᠳᠤ ᠨᠠᠮᠢᠷᠠᠨ᠎ᠠ       ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠤᠭᠰᠠᠨ ᠤ ᠬᠤᠪᠢ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ︽ᠪᠣᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠭᠢᠯᠡᠭᠦ ᠣᠶᠢᠯᠠᠭᠠᠭᠳᠠᠬᠤᠨ ᠢ ᠪᠠᠷᠢᠮᠲᠠᠯᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ︽ᠡᠮᠦᠨᠡᠰᠢ ᠳᠡᠯᠡᠵᠦ ᠪᠠᠷᠠᠭᠤᠨᠰᠢ ᠥᠷᠭᠡᠳᠬᠡᠵᠦ ᠵᠡᠭᠦᠨᠰᠢ ᠤᠷᠤᠭᠰᠢᠯᠠᠬᠤ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠳ᠋ᠦᠩᠰᠢᠭᠤᠷ ᠬᠥᠮᠥᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠲᠦᠪᠰᠢᠨ ᠢ ᠳᠡᠯᠭᠡᠨ ᠦᠵᠡᠭᠦᠯᠵᠦ ᠰᠢᠯᠭᠠᠨ ᠪᠠᠶᠢᠴᠠᠭᠠᠬᠤ ᠪᠣᠯᠣᠨ᠎ᠠ᠃ᠠᠷᠢᠭᠤᠨ ᠭᠠᠯ ᠢ ᠳᠦᠷᠡᠯᠵᠡᠭᠦᠯᠦᠨ᠂ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠵᠠᠮ ᠢ ᠭᠡᠷᠡᠯᠲᠦᠭᠦᠯᠦᠨ᠎ᠡ᠃ ᠡᠷᠡᠮᠡᠬᠡᠶᠢᠯᠡᠨ ᠲᠡᠮᠡᠴᠡᠭᠰᠡᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠢᠳᠡᠷᠡᠭᠦᠨ ᠠᠯᠬᠤᠭ᠎ᠠ ᠠᠳᠡ ᠠᠴᠠ ᠰᠢᠨ᠎ᠡ ᠭᠠᠷᠤᠭ᠎ᠠ ᠪᠠᠨ ᠡᠬᠢᠯᠡᠨ᠎ᠡ᠃
20240221-5.png
       ᠲᠠᠮᠢᠷᠴᠢᠳ ᠤᠨ ᠲᠥᠯᠥᠭᠡᠯᠡᠭᠴᠢ ᠺᠦᠩ ᠪᠢᠨ ᠪᠢᠨ ᠲᠠᠩᠭᠠᠷᠢᠭᠯᠠᠨ᠎ᠠ
20240221-6.png
       ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠤᠭ ᠢ ᠠᠬᠤᠢ ᠲᠠᠯᠠᠪᠠᠢ ᠳᠤ ᠣᠷᠣᠭᠤᠯᠤᠨ᠎ᠠ
20240221-7.png
       ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠤᠭ ᠢ ᠠᠬᠤᠢ ᠲᠠᠯᠠᠪᠠᠢ ᠳᠤ ᠣᠷᠣᠭᠤᠯᠤᠨ᠎ᠠ                  ᠵᠣᠬᠢᠶᠠᠯ \ ᠵᠢᠷᠤᠭ᠄ ᠲᠤᠰ ᠰᠣᠨᠢᠨ ᠤ ᠰᠤᠷᠪᠤᠯᠵᠢᠯᠠᠬᠴᠢ  ᠥᠨᠢᠷ ᠬᠤᠶᠢᠳᠤᠡᠤᠯᠤᠰ  ᠮᠥᠩᠬᠡᠴᠢᠯᠠᠭᠤ  ᠸᠠᠩ ᠯᠧᠢ  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ