2 ᠰᠠᠷ᠎ᠠ ᠶᠢᠨ 21 ᠤ ᠡᠳᠦᠷ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ | ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | | | 2 ᠰᠠᠷ᠎ᠠ ᠶᠢᠨ 21 ᠤ ᠡᠳᠦᠷ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ | ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ | ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ | ᠣᠷᠣᠯᠴᠠᠵᠠᠢ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠥᠪᠯᠡᠷᠡᠨ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ | ᠠᠵᠢᠯ ᠤᠨ ᠪᠣᠳᠠᠲᠤ ᠲᠡᠮᠳᠡᠭᠯᠡᠯ ᠤᠨ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ︽2023 ᠣᠨ ᠤ ᠪᠦᠭᠦ ᠣᠷᠣᠨ ᠤ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠠᠶᠢᠮᠠᠭ ᠬᠤᠲᠠ ᠪᠣᠯᠣᠨ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠡᠷᠢᠭᠦᠨ ᠤ ᠬᠠᠮᠲᠤ ᠲᠡᠷᠢᠭᠦᠨ ᠤ ᠬᠤᠪᠢ ᠬᠥᠮᠥᠨ ᠢ ᠱᠠᠩᠨᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ 2023 ᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠠᠵᠢᠯ ᠤᠨ ᠬᠢᠨᠠᠨ ᠰᠢᠯᠭᠠᠯᠲᠠ ᠪᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠦᠨᠡᠯᠡᠯᠲᠡ ᠶᠢᠨ ᠲᠡᠷᠢᠭᠦᠨ ᠤ ᠠᠶᠢᠮᠠᠭ ᠬᠤᠲᠠ᠂ ᠠᠷᠠᠯᠵᠢᠶᠠᠴᠢᠨ ᠤᠷᠢᠵᠤ | ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠡᠭᠦᠷᠭᠡ ᠶᠢᠨ ᠨᠠᠷᠢᠨ ᠲᠠᠩᠰᠠ ᠵᠢᠴᠢ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠳᠠᠯ ᠢ | ᠵᠠᠷᠯᠠᠨ ᠮᠡᠳᠡᠭᠳᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠶᠢᠨ ᠪᠢᠳᠡᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠠᠵᠢᠯ ᠢ ᠠᠳᠬᠤᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠨᠢᠳᠤᠨᠤᠨ ᠤ ᠮᠠᠨ ᠤ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠭᠰᠠᠨ ᠠᠵᠢᠯ ᠤᠨ ᠦᠷ᠎ᠡ ᠪᠦᠲᠦᠮᠵᠢ ᠲᠣᠪᠤᠶᠢᠮ᠎ᠠ ᠪᠠᠶᠢᠵᠤ᠂ ᠡᠨᠡ ᠵᠢᠯ ᠪᠠᠰᠠ ᠨᠢᠭᠡ ᠪᠦᠯᠦᠭ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠢᠭᠡ | ᠨᠢᠭᠡ ᠵᠢᠯ ᠢᠶᠠᠷ ᠴᠢᠷᠮᠠᠶᠢᠪᠠᠯ ᠳᠠᠷᠤᠢ ᠲᠦᠷᠭᠡᠨ ᠬᠥᠭᠵᠢᠬᠦ ᠰᠠᠶᠢᠨ ᠰᠠᠶᠢᠬᠠᠨ ᠣᠷᠴᠢᠯ ᠢ ᠪᠤᠶ ᠪᠤᠯᠭᠠᠵᠤ ᠴᠢᠳᠠᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠣᠨ ᠤ ᠬᠠᠷᠠᠯᠲᠠ ᠡᠭᠦᠷᠭᠡ ᠪᠠᠨ ᠪᠦᠭᠦ ᠬᠦᠴᠦᠨ ᠢᠶᠠᠷ ᠢᠶᠠᠨ ᠪᠡᠶᠡᠯᠡᠭᠦᠯᠵᠦ᠂ ᠨᠠᠩ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠪᠡᠯᠡ ᠮᠥᠩᠭᠦ ᠶᠢ | ᠣᠷᠣᠨ ᠪᠠᠶᠢᠷᠢ ᠳᠤᠨᠢ ᠬᠦᠷᠭᠡᠭᠰᠡᠨ ᠪᠠ ᠪᠠᠷᠢᠯᠭ᠎ᠠ ᠶᠢᠨ ᠠᠵᠢᠯ ᠢ ᠡᠬᠢᠯᠡᠭᠦᠯᠦᠭᠰᠡᠨ ᠲᠦᠷᠦᠯ ᠵᠦᠢᠯ ᠢᠶᠠᠷ ᠦᠷ᠎ᠡ ᠪᠦᠲᠦᠮᠵᠢ ᠶᠢ ᠦᠨᠡᠯᠡᠵᠦ᠂ ᠪᠣᠳᠠᠲᠠᠢ ᠠᠴᠢ | ᠬᠤᠯᠪᠣᠭᠳᠠᠯ ᠦᠭᠡᠢ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠ ᠱᠠᠩᠨᠠᠯ ᠤᠨ ᠲᠦᠷᠦᠯ ᠵᠦᠢᠯ ᠢ ᠲᠣᠬᠢᠷᠠᠭᠤᠯᠬᠤ ᠶᠢ ᠪᠠᠭᠠᠰᠬᠠᠵᠤ᠂ ᠶᠠᠷᠰᠢᠭ ᠲᠦᠪᠡᠭ ᠲᠠᠢ | ᠪᠠᠶᠢᠭᠰᠠᠨ ᠢ ᠳᠥᠭᠦᠮᠴᠢᠯᠡᠵᠦ᠂ ᠲᠡᠩᠴᠡᠭᠦᠷᠢᠰᠢᠭᠦᠯᠦᠨ ᠬᠠᠷᠠᠭᠠᠯᠵᠠᠬᠤ ᠠᠷᠭ᠎ᠠ ᠭᠡᠯᠪᠡᠷᠢ ᠶᠢ ᠲᠡᠪᠴᠢᠵᠦ᠂ ᠨᠠᠷᠢᠯᠢᠭ᠂ ᠣᠨᠣᠪᠴᠢᠲᠠᠢ ᠪᠠᠷ᠂ ᠪᠣᠳᠠᠲᠠᠢ ᠭᠠᠵᠠᠷ ᠲᠤᠨᠢ | ᠰᠢᠯᠭᠠᠨ ᠦᠨᠡᠯᠡᠨ ᠱᠠᠩᠨᠠᠵᠤ᠂ ᠠᠯᠢᠪᠠ ᠪᠦᠭᠦᠨ ᠳᠤ ᠦᠷ᠎ᠡ ᠳ᠋ᠦᠩ ᠢ ᠦᠵᠡᠵᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ ᠬᠡᠷᠡᠭᠲᠡᠢ᠃ ᠬᠡᠯᠪᠡᠷᠢᠴᠢ ᠦᠵᠡᠯ ᠢ | ᠡᠷᠡᠰ ᠡᠰᠡᠷᠭᠦᠴᠡᠵᠦ᠂ ᠬᠦᠴᠦᠨ ᠴᠢᠳᠠᠯ ᠢᠶᠠᠨ ᠭᠦᠷ ᠨᠠᠷᠭᠢᠶᠠᠨ ᠲᠠᠢ ᠠᠵᠢᠯᠯᠠᠭ᠎ᠠ ᠥᠷᠨᠢᠭᠦᠯᠬᠦ ᠳᠡᠭᠡᠷ᠎ᠡ ᠲᠠᠯᠪᠢᠵᠤ ᠪᠤᠯᠬᠤ ᠦᠭᠡᠢ᠂ ᠶᠠᠩᠵᠤ ᠦᠵᠡᠭᠦᠯᠵᠦ ᠰᠦᠷ | ᠮᠠᠨᠳᠤᠭᠤᠯᠬᠤ ᠮᠠᠶ᠋ᠢᠭ ᠤᠨ ᠠᠷᠠᠯᠵᠢᠶᠠᠴᠢᠨ ᠤᠷᠢᠬᠤ ᠶᠡᠭᠡ ᠴᠤᠭᠯᠠᠭᠠᠨ᠂ ᠭᠡᠷ᠎ᠡ ᠲᠣᠭᠲᠠᠬᠤ ᠶᠣᠰᠣᠯᠠᠯ᠂ ᠵᠣᠯᠭᠠᠭᠤᠯᠬᠤ ᠠᠵᠢᠯᠯᠠᠭ᠎ᠠ ᠥᠷᠨᠢᠭᠦᠯᠬᠦ ᠶᠢ ᠴᠢᠩᠭ᠎ᠠ | ᠴᠠᠭᠠᠵᠠᠯᠠᠵᠤ᠂ ᠠᠯᠢ ᠴᠢᠳᠠᠬᠤ ᠪᠠᠷ ᠴᠡᠭ ᠠᠴᠠ ᠴᠡᠭ ᠲᠤ ᠬᠦᠷᠬᠦ ᠠᠷᠭ᠎ᠠ ᠶᠢ ᠠᠪᠴᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠬᠡᠯᠡᠯᠴᠡᠭᠡ ᠬᠢᠪᠡᠯ | ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠲᠣᠭᠲᠠᠪᠠᠯ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠯᠵᠢᠶᠠᠴᠢᠨ ᠤᠷᠢᠬᠤ ᠠᠵᠢᠯᠯᠠᠭ᠎ᠠ ᠶᠢ ᠦᠨᠡᠨ ᠬᠦ | ᠡᠷᠭᠢᠯᠡᠭᠦ ᠴᠢᠬᠤᠯᠠᠲᠠᠢ ᠪᠣᠯ ᠳᠥᠭᠦᠮ ᠠᠪᠰᠠᠷᠬᠠᠨ ᠮᠥᠷᠲᠡᠭᠡᠨ ᠪᠣᠳᠠᠲᠠᠢ ᠶᠢ ᠡᠷᠭᠢᠮᠯᠡᠭᠦ ᠬᠡᠷᠡᠭᠲᠡᠢ᠃ ᠨᠠᠶᠢᠳᠠᠪᠤᠷᠢᠵᠢᠭᠤᠯᠬᠤ ᠦᠢᠯᠡᠴᠢᠯᠡᠭᠡ ᠶᠢᠨ ᠰᠡᠭᠦᠯᠴᠢ ᠶᠢᠨ ᠬᠡᠰᠡᠭ | ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠤᠨ ᠴᠠᠭ ᠢ ᠶᠡᠭᠡ ᠪᠠᠷ ᠪᠣᠭᠤᠨᠢᠰᠬᠠᠵᠤ᠂ ᠪᠦᠭᠦ ᠲᠠᠯ᠎ᠠ ᠪᠠᠷ ᠪᠦᠭᠦ | ᠶᠠᠪᠤᠴᠠ ᠳᠤ ᠮᠥᠷᠳᠡᠨ ᠦᠢᠯᠡᠴᠢᠯᠡᠵᠦ᠂ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠪᠣᠯᠣᠨ ᠲᠤᠬᠠᠢ ᠶᠢᠨ ᠭᠠᠵᠠᠷ ᠤᠨ ᠠᠵᠤ ᠠᠬᠤᠶᠢᠯᠠᠯ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠲᠣᠮᠣ ᠠᠵᠤ ᠠᠬᠤᠶᠢᠯᠠᠯ ᠪᠣᠯᠣᠨ ᠪᠠᠭ᠎ᠠ ᠠᠵᠤ ᠠᠬᠤᠶᠢᠯᠠᠯ᠂ ᠰᠢᠨ᠎ᠡ | ᠠᠵᠤ ᠠᠬᠤᠶᠢᠯᠠᠯ ᠪᠣᠯᠣᠨ ᠬᠠᠭᠤᠴᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠢ ᠨᠤᠲᠤᠭᠰᠢᠭᠤᠯᠵᠤ᠂ ᠦᠨᠳᠦᠰᠦᠯᠡᠭᠦᠯᠵᠦ᠂ | ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃ | ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠬᠤ ᠳᠤ ᠡᠷᠬᠡᠪᠰᠢ ᠬᠤᠳᠠᠯᠳᠤᠭ᠎ᠠ ᠡᠷᠭᠢᠯᠡᠭᠦ | ᠰᠠᠶᠢᠨ ᠰᠠᠶᠢᠬᠠᠨ ᠣᠷᠴᠢᠨ ᠨᠥᠬᠦᠴᠡᠯ ᠪᠠᠶᠢᠬᠤ ᠬᠡᠷᠡᠭᠲᠡᠢ᠂ ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠨᠢ ᠡᠩ ᠲᠡᠷᠢᠭᠦᠨ ᠳᠤ ᠦᠨᠡᠨᠴᠢ | ᠰᠢᠳᠤᠷᠭᠤ᠂ ᠦᠨᠡᠨᠴᠢ ᠢᠲᠡᠭᠡᠮᠵᠢᠲᠡᠢ ᠪᠠᠶᠢᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠬᠦᠴᠦᠯᠡᠨ ᠠᠬᠢᠭᠤᠯᠵᠤ ᠪᠠᠶᠢᠭ᠎ᠠ ᠴᠢᠬᠤᠯᠠ ᠶᠡᠭᠡ ᠢᠨᠵᠧᠨᠧᠷᠢᠩ ᠮᠥᠨ᠂ ᠰᠣᠶᠣᠯ ᠢ ᠪᠤᠶᠢᠵᠢᠭᠤᠯᠬᠤ᠂ ᠶᠣᠰᠣ ᠳᠦᠷᠢᠮ ᠢ ᠲᠣᠭᠲᠠᠭᠠᠬᠤ᠂ | ᠴᠢᠩᠭ᠎ᠠ ᠬᠠᠮᠢᠶᠠᠷᠬᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ᠂ ᠬᠤᠷᠢᠭ᠎ᠠ ᠱᠤᠭᠤᠮ ᠢ ᠰᠠᠬᠢᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ | ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠰᠠᠶᠢᠲᠤᠷ ᠠᠳᠬᠤᠵᠤ᠂ ᠡᠨᠡ ᠬᠦ ᠢᠨᠵᠧᠨᠧᠷᠢᠩ ᠢ ᠴᠢᠨᠠᠷ ᠰᠠᠶᠢᠲᠠᠢ ᠢᠨᠵᠧᠨᠧᠷᠢᠩ ᠪᠤᠯᠭᠠᠬᠤ ᠪᠠᠷ | ᠴᠢᠷᠮᠠᠶᠢᠬᠤ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠨᠡᠨᠴᠢ ᠢᠲᠡᠭᠡᠮᠵᠢ ᠶᠢ ᠪᠠᠷᠢᠮᠲᠠᠯᠠᠨ ᠠᠮᠠᠯᠠᠯᠲᠠ ᠪᠠᠨ | ᠭᠦᠢᠴᠡᠳᠬᠡᠬᠦ ᠰᠢᠯᠢᠳᠡᠭ ᠤᠯᠠᠮᠵᠢᠯᠠᠯ ᠢ ᠰᠠᠶᠢᠲᠤᠷ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠤᠮᠠᠷᠠᠲᠤ ᠬᠢᠯᠢ ᠶᠢᠨ ᠰᠣᠶᠣᠯ ᠢ | ᠴᠣᠭᠴᠠᠯᠠᠬᠤ ᠴᠢᠬᠤᠯᠠ ᠠᠭᠤᠯᠭ᠎ᠠ ᠪᠤᠯᠭᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠡᠨᠴᠢ ᠢᠲᠡᠭᠡᠮᠵᠢ ᠶᠢᠨ | ᠳᠦᠷᠢ ᠲᠥᠷᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢ ᠶᠢ | ᠰᠠᠬᠢᠬᠤ ᠶᠢ ᠪᠦᠭᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠤᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠣᠨ ᠨᠤᠲᠤᠭ ᠤᠨ ᠬᠠᠤᠯᠢ | ᠲᠣᠭᠲᠠᠭᠠᠯᠲᠠ ᠶᠢ ᠲᠦᠷᠭᠡᠳᠬᠡᠵᠦ᠂ ᠦᠨᠡᠨᠴᠢ ᠢᠲᠡᠭᠡᠮᠵᠢ ᠶᠢᠨ ᠠᠮᠠᠯᠠᠯᠲᠠ᠂ ᠦᠨᠡᠯᠡᠯᠲᠡ᠂ ᠬᠢᠨᠠᠯᠲᠠ ᠬᠠᠮᠢᠶᠠᠷᠤᠯᠲᠠ ᠵᠡᠷᠭᠡ ᠳᠦᠷᠢᠮ ᠲᠣᠭᠲᠠᠴᠠ ᠶᠢ | ᠪᠦᠷᠢᠨᠰᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠲᠠᠭᠤ ᠬᠦᠯᠢᠶᠡᠰᠦᠯᠡᠯ ᠢ ᠪᠣᠳᠠᠲᠠᠶᠢᠵᠢᠭᠤᠯᠵᠤ᠂ ᠴᠢᠩᠭᠠᠳᠬᠠᠬᠤ ᠬᠡᠷᠡᠭᠲᠡᠢ᠃ ᠨᠡᠶᠢᠭᠡᠮ ᠤᠨ | ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ | ᠦᠵᠡᠭᠳᠡᠯ ᠪᠠᠶᠢᠳᠠᠯ ᠢ ᠥᠷᠭᠡᠳᠬᠡᠵᠦ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠬᠥᠭᠵᠢᠭᠦᠯᠵᠦ᠂ ᠪᠦᠭᠦ ᠲᠠᠯ᠎ᠠ ᠶᠢᠨ ᠪᠦᠭᠦᠨ ᠢ | ᠪᠦᠷᠬᠦᠭᠦᠯᠦᠭᠰᠡᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ | ᠬᠤᠪᠢ ᠬᠤᠷᠠᠮᠳᠤᠭᠤᠯᠬᠤ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠬᠤᠷᠠᠮᠳᠤᠭᠤᠯᠤᠭᠰᠠᠨ ᠬᠤᠪᠢ ᠨᠢ ᠥᠨᠳᠥᠷ ᠢᠲᠡᠭᠡᠮᠵᠢ ᠶᠢᠨ ᠭᠤᠣᠯ ᠴᠣᠭᠴᠠ ᠳᠤ ᠤᠯᠠᠨ | ᠲᠠᠯ᠎ᠠ ᠪᠠᠷ ᠬᠠᠷᠠᠭᠠᠯᠵᠠᠯ ᠦᠵᠡᠭᠦᠯᠵᠦ᠂ ᠢᠲᠡᠭᠡᠮᠵᠢ ᠪᠠᠨ ᠠᠯᠳᠠᠭᠰᠠᠨ ᠠᠵᠤ ᠠᠬᠤᠶᠢᠯᠠᠯ᠂ ᠬᠤᠪᠢ ᠬᠥᠮᠥᠨ᠂ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠪᠣᠯᠣᠨ | ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ | ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠲᠠᠢ ᠪᠣᠯ ᠬᠠᠮᠢᠭ᠎ᠠ ᠣᠴᠢᠭᠰᠠᠨ ᠴᠤ ᠢᠯᠭᠤᠮ ᠰᠢᠯᠤᠭᠤᠨ᠂ ᠢᠲᠡᠭᠡᠯ ᠢᠶᠠᠨ ᠠᠯᠳᠠᠪᠠᠯ ᠨᠢᠭᠡ | ᠠᠯᠬᠤᠮ ᠤᠷᠤᠭᠰᠢᠯᠠᠬᠤ ᠳᠤ ᠪᠡᠷᠬᠡ ᠪᠤᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠦᠨᠡᠨᠴᠢ ᠢᠲᠡᠭᠡᠮᠵᠢ ᠳᠤ ᠬᠤᠯᠪᠣᠭᠳᠠᠭᠰᠠᠨ ᠬᠡᠷᠡᠭ ᠢ | ᠲᠥᠪ ᠭᠤᠣᠯᠴᠢ ᠪᠠᠷ ᠲᠠᠰᠤᠯᠵᠤ᠂ ᠲᠠᠰᠤᠯᠤᠯᠳᠠ ᠶᠢ ᠭᠦᠢᠴᠡᠳᠬᠡᠬᠦ ᠨᠤᠷᠮ᠎ᠠ ᠶᠢ ᠳᠡᠭᠡᠭᠰᠢᠯᠡᠭᠦᠯᠦᠨ᠂ ᠬᠤᠳᠠᠯ ᠬᠠᠭᠤᠷᠮᠠᠭ ᠢᠶᠠᠷ ᠵᠠᠷᠭᠤ ᠬᠢᠬᠦ ᠶᠢ ᠬᠠᠤᠯᠢ ᠶᠣᠰᠣᠭᠠᠷ | ᠵᠠᠯᠬᠠᠭᠠᠨ ᠰᠢᠢᠳᠬᠡᠵᠦ᠂ ᠦᠨᠡᠨᠴᠢ ᠢᠲᠡᠭᠡᠮᠵᠢ ᠶᠢᠨ ︽ᠡᠴᠦᠰ ᠤᠨ ᠨᠢᠭᠡ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠬᠤ ᠬᠡᠷᠡᠭᠲᠡᠢ᠃ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠪᠣᠯ ᠨᠡᠶᠢᠭᠡᠮ ᠤᠨ ᠦᠨᠡᠨᠴᠢ ᠢᠲᠡᠭᠡᠮᠵᠢ ᠶᠢᠨ ᠵᠦᠭᠯᠡᠭᠦᠷ ᠮᠥᠨ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ | ᠬᠡᠯᠡᠭᠰᠡᠨ ᠳᠡᠭᠡᠨ ᠰᠠᠭᠤᠵᠤ᠂ ᠬᠦᠯᠢᠶᠡᠵᠦ ᠠᠪᠤᠭᠰᠠᠨ ᠶᠠᠪᠤᠳᠠᠯ ᠢᠶᠠᠨ ᠨᠢᠭᠡᠳ ᠨᠢᠭᠡ ᠪᠠᠷ ᠪᠠᠲᠤᠲᠠᠢ ᠭᠦᠢᠴᠡᠳᠬᠡᠵᠦ᠂ ᠠᠮᠠᠯᠳᠠᠭᠰᠠᠨ ᠶᠠᠪᠤᠳᠠᠯ ᠢᠶᠠᠨ ᠥᠴᠥᠬᠡᠨ ᠴᠤ | ᠣᠰᠣᠯᠳᠠᠬᠤ ᠦᠭᠡᠢ ᠬᠢᠨᠠᠭᠤᠷ ᠯᠠᠪᠳᠠᠭᠤᠨ ᠪᠡᠶᠡᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠪᠦᠷᠢ ᠴᠥᠮ ᠦᠨᠡᠨᠴᠢ ᠪᠠᠶᠢᠬᠤ ᠪᠠᠷ ᠥᠪᠡᠷ ᠢ ᠪᠠᠨ ᠪᠠᠷᠢᠮᠵᠢᠶᠠᠯᠠᠵᠤ᠂ | ᠪᠤᠰᠤᠳ ᠲᠤ ᠬᠠᠨᠳᠤᠬᠤ ᠳᠠᠭᠠᠨ ᠢᠲᠡᠭᠡᠮᠵᠢ ᠲᠠᠢ ᠪᠠᠶᠢᠵᠤ᠂ ᠦᠨᠡᠨᠴᠢ ᠢᠲᠡᠭᠡᠮᠵᠢ ᠲᠠᠢ ᠥᠪᠥᠷ ᠮᠣᠩᠭᠤᠯ ᠤᠨ ︽ᠣᠷᠣᠯᠠᠨ ᠥᠭᠦᠯᠡᠭᠴᠢ︾ ᠪᠤᠯᠬᠤ ᠬᠡᠷᠡᠭᠲᠡᠢ ᠭᠡᠪᠡ᠃ | ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ | ᠪᠦᠬᠦᠢ ᠨᠢᠭᠡᠴᠢ ᠪᠣᠯᠣᠨ ᠬᠡᠰᠡᠭ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ | ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ | ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ |