ᠮᠥᠰᠥ ᠴᠠᠰᠤᠨ ᠤ ᠪᠠᠶᠠᠰᠤᠯᠳᠤ ᠳᠠᠭᠤᠯᠠᠯ ᠤᠮᠠᠷᠠᠲᠤ ᠬᠢᠯᠢ ᠳᠤ ᠬᠠᠩᠭᠢᠨᠠᠨᠠᠮ
ᠨᠡᠶᠢᠲᠡᠯᠡᠭᠰᠡᠨ ᠴᠠᠭ᠄
2024/2/22
       — ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠤᠨ ᠲᠠᠲᠠᠯᠠᠭ᠎ᠠ       ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠨᠢᠭᠡ ᠤᠳᠠᠭᠠᠨ ᠤ ᠮᠥᠰᠥ ᠴᠠᠰᠤᠨ ᠤ ᠪᠣᠯᠵᠤᠭ᠎ᠠ᠂ ᠪᠦᠭᠦ ᠠᠷᠠᠳ ᠢᠶᠠᠷ ᠢᠶᠠᠨ ᠣᠷᠣᠯᠴᠠᠬᠰᠠᠨ ᠦᠪᠡᠳᠡᠭᠰᠢ ᠨᠠᠶᠢᠷ᠂ ᠮᠥᠨ ᠴᠦ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ ᠭᠤᠶᠢᠳᠠ ᠰᠠᠶᠢᠬᠠᠨ ᠲᠠᠮᠢᠷ ᠤᠨ ᠴᠤᠭᠯᠠᠭᠠᠨ ᠪᠠᠶᠢᠵᠤ᠂ ᠳᠤᠮᠳᠠᠳᠤ ᠤᠯᠤᠰ ᠤᠨ ᠮᠥᠰᠥ ᠴᠠᠰᠤᠨ ᠤ ᠲᠠᠮᠢᠷᠴᠢᠳ ᠤᠨ ᠰᠢᠨ᠎ᠡ ᠠᠶᠠᠨ ᠳᠠᠭᠠᠨ ᠢᠲᠡᠭᠡᠯ ᠲᠡᠭᠦᠯᠳᠡᠷ ᠢᠶᠠᠷ ᠤᠷᠤᠭᠰᠢᠯᠠᠵᠤ᠂ ᠥᠪᠡᠷ ᠢ ᠪᠠᠨ ᠬᠦᠴᠦᠷᠬᠡᠭᠵᠢᠭᠦᠯᠬᠦ ᠤᠶᠤᠨ ᠰᠠᠨᠠᠭᠠᠨ ᠤ ᠤᠭᠢ ᠲᠠᠯᠠᠰᠲᠤ ᠪᠤᠯᠬᠤ ᠶᠤᠮ᠃ 2900 ᠭᠠᠷᠤᠢ ᠡᠳᠦᠷ ᠤᠨ ᠴᠢᠷᠮᠠᠶᠢᠯᠭ᠎ᠠ ᠪᠠᠷ ᠬᠥᠯᠥᠨ ᠪᠤᠶᠢᠷ᠂ ᠤᠯᠠᠭᠠᠨᠴᠠᠪ᠂ ᠤᠯᠠᠭᠠᠨᠬᠠᠳᠠ᠂ ᠭᠦᠭᠡᠬᠤᠲᠠ ᠬᠠᠮᠲᠤ ᠪᠠᠷ ︽ᠪᠣᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠪᠡ᠃
20240222-1.png
                   ᠡᠭᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ       2 ᠰᠠᠷ᠎ᠠ ᠶᠢᠨ17 ᠤ ᠣᠷᠣᠢ᠂ ᠥᠪᠡᠷᠲᠡᠭᠡᠨ ᠵᠠᠰᠠᠬᠤ ᠣᠷᠣᠨ ᠤ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠭᠦᠷ ᠬᠥᠭᠵᠢᠶᠡᠨ ᠢᠶᠠᠷ ᠪᠢᠯᠬᠠᠵᠤ᠂ ︽ᠮᠥᠰᠥ ᠴᠠᠰᠤᠨ ᠳᠤ ᠤᠷᠮ᠎ᠠ ᠰᠡᠳᠬᠢᠯᠭᠡ ᠶᠢᠨ ᠭᠠᠯ ᠢ ᠳᠦᠷᠡᠯᠵᠡᠭᠦᠯᠵᠦ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠪᠡᠶᠡᠯᠡᠭᠦᠯᠦᠶ᠎ᠡ︾ ᠪᠠᠷ ᠭᠤᠣᠯ ᠰᠡᠳᠦᠪ ᠪᠤᠯᠭᠠᠬᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠦᠪᠡᠳᠡᠭᠰᠢ ᠶᠡᠭᠡ ᠪᠠᠷ ᠡᠬᠢᠯᠡᠪᠡ᠃       ᠪᠡᠶ᠎ᠡ ᠴᠢᠭᠢᠷᠠᠭᠵᠢᠭᠤᠯᠬᠤ ᠪᠠᠭ᠋ᠠᠲᠠᠳ ᠠᠭᠤᠳᠠᠮ ᠲᠠᠯᠠᠪᠠᠶ ᠶᠢᠨ ᠪᠥᠵᠢᠭ ᠪᠥᠵᠢᠭᠯᠡᠵᠦ᠂ ᠬᠥᠭᠡᠷᠦᠬᠦᠨ ᠬᠡᠦᠬᠡᠳ ᠤᠳ ᠬᠥᠭᠵᠢᠮ ᠬᠥᠭᠵᠢᠮᠳᠡᠵᠦ᠂ ᠭᠤᠸ᠎ᠠ ᠦᠵᠡᠰᠭᠦᠯᠡᠩ ᠲᠣᠭᠯᠠᠭᠴᠢᠳ ᠥᠪᠥᠷ ᠮᠣᠩᠭᠤᠯ ᠤᠨ ᠥᠪᠡᠷᠮᠢᠴᠡ ᠣᠨᠴᠠᠯᠢᠭ ᠪᠦᠬᠦᠢ ᠬᠤᠪᠴᠠᠰᠤ ᠵᠠᠰᠠᠯ ᠢᠶᠠᠷ ᠢᠶᠠᠨ ᠭᠤᠶᠣᠯᠠᠵᠤ᠂ ᠭᠤᠴᠣ ᠰᠠᠶᠢᠬᠠᠨ ᠲᠣᠬᠯᠠᠯᠲᠠ  ᠪᠠᠷ ᠢᠶᠠᠨ ᠤᠮᠠᠷᠠᠲᠤ ᠬᠢᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠤᠨ ᠳᠦᠷᠢ ᠲᠥᠷᠬᠦ ᠶᠢ ᠳᠡᠯᠭᠡᠨ ᠦᠵᠡᠭᠦᠯᠦᠯ᠎ᠡ᠃ ᠤᠯᠠᠨ ᠤ ᠳᠤᠮᠳᠠ ᠥᠷᠭᠡᠨ ᠢᠶᠠᠷ ᠲᠠᠭᠠᠯᠠᠭᠳᠠᠨ ᠳᠠᠭᠤᠯᠠᠭᠳᠠᠭᠰᠠᠨ ︽ᠬᠥᠯᠥᠨ ᠪᠤᠶᠢᠷ ᠤᠨ ᠲᠠᠯ᠎ᠠ ᠨᠤᠲᠤᠭ︾ ᠭᠡᠬᠦ ᠳᠠᠭᠤᠤ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠭᠦᠷ ᠬᠥᠭᠵᠢᠶᠡᠨ ᠢᠶᠠᠷ ᠪᠢᠯᠬᠠᠭᠤᠯᠵᠤ᠂ ᠠᠯᠠᠭ᠎ᠠ ᠲᠡᠰᠢᠯᠲᠡ ᠶᠢᠨ ᠲᠠᠭᠤᠨ ᠲᠠᠯᠠᠪᠠᠢ ᠲᠦᠢᠭᠦᠷᠡᠩ ᠴᠤᠤᠷᠢᠶᠠᠲᠤᠭᠰᠠᠨ ᠪᠠᠶᠢᠨ᠎ᠠ᠃       ᠣᠷᠣᠢ ᠶᠢᠨ 8 ᠴᠠᠭ ᠤᠨ ᠦᠶ᠎ᠡ ᠪᠠᠷ᠂ ᠡᠭᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠪᠡ᠃ ᠰᠦᠷ ᠵᠢᠪᠬᠤᠯᠠᠩᠲᠤ ᠳᠠᠭᠤᠤ ᠬᠥᠭᠵᠢᠮ ᠤᠨ ᠳᠤᠮᠳᠠ᠂ ᠲᠤᠭᠴᠢ ᠶᠢᠨ ᠡᠩᠨᠡᠭᠡ ᠢᠳᠡᠷᠡᠭᠦᠨ ᠠᠯᠬᠤᠭ᠎ᠠ ᠪᠠᠷ  ᠤᠯᠤᠰ ᠤᠨ ᠲᠤᠭ᠂ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠢ ᠬᠦᠷᠢᠶᠡᠯᠡᠨ ᠲᠠᠯᠠᠪᠠᠢ ᠳᠤ ᠠᠯᠬᠤᠨ ᠣᠷᠣᠪᠠ᠃       ᠬᠢᠨᠠᠭᠴᠢ᠂ ᠲᠥᠯᠥᠭᠡᠯᠡᠭᠴᠢᠳ ᠤᠨ ᠪᠦᠯᠭᠦᠮ ᠴᠤᠭ ᠵᠢᠪᠬᠤᠭ᠎ᠠ ᠪᠠᠳᠠᠷᠠᠩᠭᠤᠢ᠃︽ᠦᠵᠡᠰᠬᠦᠯᠡᠩᠲᠦ ᠰᠠᠶᠢᠬᠠᠨ ᠮᠢᠨᠤ ᠨᠤᠲᠤᠭ︾᠂ ︽ᠲᠠᠯ᠎ᠠ ᠨᠤᠲᠤᠭ ᠠᠴᠠ ᠪᠡᠭᠡᠵᠢᠩ ᠢ ᠪᠠᠷᠠᠯᠠᠬᠤᠢ︾ ᠵᠡᠷᠭᠡ ᠳᠠᠭᠤᠤ ᠶᠢᠨ ᠳᠤᠮᠳᠠ ᠲᠥᠯᠥᠭᠡᠯᠡᠭᠴᠢᠳ ᠤᠨ ᠪᠦᠯᠭᠦᠮ ᠤᠳ ᠲᠠᠯᠠᠪᠠᠢ ᠳᠤ ᠠᠯᠬᠤᠨ ᠣᠷᠣᠵᠤ ᠢᠷᠡᠯ᠎ᠡ ᠁ ︽ᠲᠠᠪᠤᠨ ᠲᠠᠩᠰᠤᠭ ᠬᠥᠯᠥᠨ ᠪᠤᠶᠢᠷ︾ ᠬᠡᠦᠬᠡᠳ ᠤᠨ ᠨᠠᠶᠢᠷᠠᠯ ᠳᠠᠭᠤᠤ ᠨᠢ ᠬᠡᠦᠬᠡᠳ ᠤᠨ ᠬᠥᠭᠡᠷᠦᠬᠦᠨ ᠲᠥᠷᠬᠦ᠂ ᠴᠡᠪᠡᠷ ᠴᠠᠶᠢᠯᠭᠠᠨ ᠢ ᠢᠯᠡᠷᠡᠭᠦᠯᠵᠦ᠂ 56 ᠦᠨᠳᠦᠰᠦᠲᠡᠨ ᠤ ᠬᠠᠮᠲᠤ ᠶᠢᠨ ᠪᠥᠵᠢᠭ ᠨᠢ ᠨᠠᠶᠢᠷ ᠢ ᠳᠠᠬᠢᠨᠲᠠ ᠤᠷᠭᠢᠯ ᠳᠤ ᠬᠦᠷᠭᠡᠵᠡᠢ᠃ᠣᠮᠤᠭ ᠲᠡᠭᠦᠯᠳᠡᠷ ᠮᠣᠷᠢᠨ ᠬᠤᠭᠤᠷ ᠤᠨ ᠠᠶ᠎ᠠ ᠶᠢᠨ ᠳᠤᠮᠳᠠ ᠪᠥᠵᠢᠭᠴᠢᠳ ᠮᠣᠩᠭᠤᠯ ᠮᠣᠷᠢᠨ ᠤ ᠪᠥᠵᠢᠭ ᠢ ᠪᠥᠵᠢᠭᠯᠡᠨ᠂ ᠣᠮᠤᠭ ᠲᠡᠭᠦᠯᠳᠡᠷ ᠴᠤᠭ ᠵᠢᠪᠬᠤᠭ᠎ᠠ ᠪᠠᠷ ︽ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠬᠦᠷᠬᠦ ᠦᠭᠡᠢ ᠪᠣᠯ ᠵᠣᠬᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠢᠯᠡᠷᠡᠭᠦᠯᠪᠡ᠃       ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ 8 ᠰᠣᠷᠣᠬᠴᠢ ᠪᠠ ᠲᠤᠰᠬᠠᠢ ᠮᠡᠷᠭᠡᠵᠢᠯ ᠤᠨ ᠲᠣᠭᠯᠠᠭᠴᠢ ᠠᠴᠠ ᠬᠠᠮᠲᠤ ᠪᠠᠷ ᠲᠣᠭᠯᠠᠭᠰᠠᠨ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭᠠᠨ ᠤ ᠮᠠᠭᠲᠠᠭᠤ︾ ᠨᠢ ᠡᠭᠢᠯᠡᠯᠲᠡ ᠶᠢᠨ ᠶᠣᠰᠣᠯᠠᠯ ᠤᠨ ᠠᠭᠤᠷ ᠠᠮᠢᠰᠬᠤᠯ ᠢ ᠣᠷᠭᠢᠯ ᠳᠤ ᠬᠦᠷᠭᠡᠵᠦ᠂ ᠰᠠᠶᠢᠨ ᠰᠠᠶᠢᠬᠠᠨ ᠢᠷᠡᠭᠡᠳᠦᠢ ᠶᠢ ᠪᠠᠷᠠᠯᠠᠬᠤ ᠪᠠ ᠪᠡᠶ᠎ᠡ ᠶᠢᠨ ᠲᠠᠮᠢᠷ ᠤᠨ ᠷᠢᠳᠢ ᠬᠦᠴᠦᠨ ᠢ ᠬᠠᠮᠲᠤ ᠪᠠᠷ ᠮᠡᠳᠡᠷᠡᠭᠦᠯᠪᠡ᠃       ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠡᠭᠢᠯᠡᠯᠲᠡ ᠶᠢᠨ ᠶᠣᠰᠣᠯᠠᠯ ᠤᠨ ᠶᠡᠷᠦᠩᠬᠡᠢ ᠤᠳᠤᠷᠢᠳᠤᠭᠠᠴᠢ ᠱᠠ ᠰᠢᠶᠣᠣ ᠯᠠᠨ᠄ ︽ᠡᠭᠢᠯᠡᠯᠲᠡ ᠶᠢᠨ ᠶᠣᠰᠣᠯᠠᠯ ᠨᠢ ᠨᠢᠭᠡᠨ ᠰᠢᠨ᠎ᠡ ᠶᠢ ᠡᠭᠦᠳᠬᠦ ᠲᠣᠭᠠᠴᠢᠯᠠᠭᠰᠠᠨ ᠲᠠᠪᠴᠠᠩ ᠪᠠᠶᠢᠵᠤ᠂ ᠭᠠᠵᠠᠷ ᠤᠨ ᠬᠥᠰᠢᠭᠡ᠂ ᠪᠣᠰᠤᠭ᠎ᠠ ᠳᠡᠯᠭᠡᠴᠡ᠂ ᠣᠷᠣᠢ ᠶᠢᠨ ᠴᠠᠭᠠᠷᠢᠭ ᠭᠡᠯᠪᠡᠷᠢ ᠶᠢᠨ ᠲᠤᠰᠬᠠᠯᠲᠠ ᠵᠢᠴᠢ ᠳᠡᠯᠭᠡᠴᠡ ᠵᠡᠷᠭᠡ ᠲᠠᠶᠢᠰᠠᠨ ᠤ ᠭᠡᠷᠡᠯ ᠵᠢᠷᠤᠭ ᠤᠨ ᠠᠴᠢᠶᠠᠯᠠᠪᠤᠷᠢ ᠶᠢ ᠬᠡᠷᠡᠭᠯᠡᠵᠦ᠂ ᠲᠤᠰᠬᠠᠢ ᠮᠡᠷᠭᠡᠵᠢᠯ ᠤᠨ ᠤᠷᠤᠯᠳᠤᠭᠠᠨ ᠤ ᠵᠠᠮ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠢ ᠠᠭᠤᠰᠤᠯᠴᠠᠭᠤᠯᠤᠨ ᠨᠢᠭᠡ ᠴᠣᠭᠴᠠᠵᠢᠭᠤᠯᠤᠭᠰᠠᠨ ᠲᠣᠬᠯᠠᠯᠲᠠ ᠶᠢᠨ ᠣᠷᠣᠨ ᠵᠠᠢ ᠶᠢ ᠪᠦᠲᠦᠭᠡᠯᠴᠢ ᠴᠢᠨᠠᠷᠲᠠᠢ ᠪᠠᠷ ᠴᠣᠭᠴᠠᠯᠠᠪᠠ᠃ ᠫᠷᠣᠭ᠍ᠷᠠᠮ ᠢ ᠨᠠᠶᠢᠷᠠᠭᠤᠯᠤᠨ ᠵᠢᠭᠰᠠᠭᠠᠬᠤ ᠲᠠᠯ᠎ᠠ ᠪᠠᠷ᠂ ᠤᠳᠤᠷᠢᠳᠤᠭᠠᠴᠢ ᠶᠢᠨ ᠳᠤᠭᠤᠶᠢᠯᠠᠩ ᠣᠲᠣ ᠦᠶ᠎ᠡ ᠶᠢᠨ ᠢᠯᠡᠳᠬᠡᠬᠦ ᠭᠡᠯᠪᠡᠷᠢ ᠪᠠᠷ ᠥᠪᠥᠷ ᠮᠣᠩᠭᠤᠯ ᠤᠨ ᠡᠯᠪᠡᠭ ᠪᠠᠶᠠᠯᠢᠭ ᠤᠯᠠᠮᠵᠢᠯᠠᠯᠲᠤ ᠰᠣᠶᠣᠯ ᠤᠷᠠᠯᠢᠭ ᠤᠨ ᠡᠬᠢ ᠪᠠᠶᠠᠯᠢᠭ ᠢ ᠢᠯᠡᠳᠬᠡᠨ ᠠᠭᠤᠳᠠᠯᠵᠤ᠂ ᠳᠤᠮᠳᠠᠳᠤ ᠤᠯᠤᠰ ᠤᠨ ᠬᠡᠪ ᠨᠠᠮᠪᠠ᠂ ᠦᠨᠳᠦᠰᠦᠲᠡᠨ ᠤ ᠴᠤᠭ ᠵᠢᠪᠬᠤᠭ᠎ᠠ᠂ ᠤᠮᠠᠷᠠᠲᠤ ᠬᠢᠯᠢ ᠶᠢᠨ ᠭᠦᠭ ᠠᠶᠠᠰ᠂ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠪᠡ︾ ᠭᠡᠵᠦ ᠶᠠᠷᠢᠯ᠎ᠠ᠃       ᠲᠠᠯᠠᠪᠠᠢ ᠳᠤ ᠭᠠᠯ ᠪᠠᠮᠪᠠᠷ ᠳᠠᠮᠵᠢᠭᠤᠯᠬᠤ ᠪᠠ ᠭᠤᠣᠯ ᠭᠠᠯ ᠪᠠᠮᠪᠠᠷ ᠢ ᠨᠣᠴᠣᠭᠠᠬᠤ ᠶᠣᠰᠣᠯᠠᠯ ᠨᠢ ᠬᠥᠮᠥᠨ ᠤ ᠰᠡᠳᠬᠢᠯ ᠢ ᠳᠣᠭᠳᠣᠯᠤᠭᠤᠯᠪᠠ᠃ 14 ᠰᠢᠨ᠎ᠡ ᠴᠠᠭ ᠦᠶ᠎ᠡ ᠶᠢᠨ ᠵᠠᠯᠠᠭᠤᠴᠤᠳ ᠭᠠᠯ ᠪᠠᠮᠪᠠᠷ ᠢ ᠬᠦᠷᠢᠶᠡᠯᠡᠨ ᠤᠷᠤᠭᠰᠢᠯᠠᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠭᠠᠯ ᠵᠠᠯᠠᠭᠤ ᠶᠢᠨ ᠬᠦᠰᠡᠯ ᠲᠡᠮᠡᠦᠯᠦᠯ ᠢ ᠬᠥᠰᠡᠷᠳᠡᠭᠦᠯᠬᠦ ᠦᠭᠡᠢ ᠪᠠᠷ ᠦᠶ᠎ᠡ ᠲᠠᠮᠵᠢᠨ ᠤᠯᠠᠮᠵᠢᠯᠠᠬᠤ ᠶᠢ ᠪᠡᠯᠭᠡᠳᠡᠪᠡ᠃ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠡᠪᠰᠡᠭ ᠤᠨ ᠡᠷᠳᠡᠮ ᠤᠨ ᠴᠥᠷᠬᠡᠯᠡᠭᠡ ᠤᠷᠤᠯᠳᠤᠭᠠᠨ ᠳᠤ ᠭᠤᠷᠪᠠᠨᠲᠠ ᠮᠠᠩᠯᠠᠶᠢᠯᠠᠭᠰᠠᠨ ᠰᠦᠨ ᠫᠧᠢ ᠶᠤᠸᠠᠨ᠂ ᠤᠯᠠᠨ ᠤᠯᠤᠰ ᠤᠨ ᠴᠠᠰᠤᠨ ᠤ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ᠤ ᠳᠠᠩ ᠴᠠᠨᠠᠯᠠᠯᠲᠠ ᠶᠢᠨ ᠵᠡᠷᠭᠡᠴᠡᠭᠡ ᠡᠷᠭᠢᠯᠲᠡ ᠶᠢᠨ ᠮᠠᠩᠯᠠᠢ ᠫᠧᠩ ᠴᠧᠩ᠂ 2024 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠴᠢᠯᠦᠭᠡᠲᠦ ᠮᠠᠶ᠋ᠢᠭ ᠤᠨ ᠴᠠᠨᠠᠯᠠᠯᠲᠠ ᠶᠢᠨ U ᠭᠡᠯᠪᠡᠷᠢ ᠶᠢᠨ ᠲᠠᠯᠠᠪᠤᠷ ᠤᠨ ᠤᠷ᠎ᠠ ᠮᠡᠷᠭᠡᠵᠢᠯ ᠤᠨ ᠮᠠᠩᠯᠠᠢ ᠯᠢᠦ ᠢ ᠱᠠᠨ ᠲᠠᠯᠠᠪᠠᠢ ᠳᠤ ᠳᠡᠰ ᠳᠠᠷᠠᠭᠠᠯᠠᠨ ᠭᠠᠯ ᠪᠠᠮᠪᠠᠷ ᠳᠠᠮᠵᠢᠭᠤᠯᠪᠠ᠃       ᠬᠠᠮᠤᠭ ᠤᠨ ᠰᠡᠭᠦᠯ ᠳᠤᠨᠢ ᠭᠠᠯ ᠪᠠᠮᠪᠠᠷ ᠢ ᠫᠢᠶᠧᠩᠼᠠᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ᠂ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠡᠷᠡᠭᠲᠡᠢ ᠶᠢᠨ 500 ᠮᠧᠲᠷ ᠤᠨ ᠳᠡᠯᠡᠬᠡᠢ ᠶᠢᠨ ᠲᠡᠮᠳᠡᠭᠯᠡᠯ ᠢ ᠬᠠᠳᠠᠭᠠᠯᠠᠭᠴᠢ ᠦ᠋ ᠳ᠋ᠡ ᠵᠢᠩ ᠤᠨ ᠭᠠᠷ ᠲᠤ ᠳᠠᠮᠵᠢᠭᠤᠯᠪᠠ᠃ ᠬᠤᠶᠠᠷ ︽ᠲᠣᠭᠠᠴᠢᠯᠠᠭᠰᠠᠨ ᠮᠥᠰᠥᠨ ᠪᠥᠮᠪᠦᠭᠡ ᠶᠢᠨ ᠲᠠᠮᠢᠷᠴᠢᠨ︾ ᠦ᠋ ᠳ᠋ᠡ ᠵᠢᠩ ᠲᠠᠢ ᠬᠠᠮᠲᠤ ᠪᠠᠷ ᠭᠤᠣᠯ ᠭᠠᠯ ᠪᠠᠮᠪᠠᠷ ᠢ ᠠᠰᠠᠭᠠᠪᠠ᠃       ᠡᠭᠢᠯᠡᠯᠲᠡ ᠶᠢᠨ ᠶᠣᠰᠣᠯᠠᠯ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠰᠡᠳᠦᠪᠲᠦ ᠳᠠᠭᠤᠤ ︽ᠰᠢᠨ᠎ᠡ ᠭᠠᠷᠤᠭ᠎ᠠ︾ ᠶᠢᠨ ᠳᠤᠮᠳᠠ ᠥᠨᠳᠥᠷᠯᠡᠪᠡ᠃ ᠬᠤᠸᠠᠷ ᠫᠤᠤᠵᠢᠩ ᠣᠭᠲᠠᠷᠭᠤᠢ ᠳᠤ ᠰᠠᠴᠤᠭᠳᠠᠵᠤ᠂ ᠳᠤᠯᠤᠭᠠᠨ ᠥᠩᠭᠡ ᠪᠠᠷ ᠰᠣᠯᠣᠩᠭᠠᠷᠠᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠤᠯ᠎ᠠ᠃       ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡ ᠶᠢᠨ ᠰᠢᠨ᠎ᠡ ᠰᠢᠪᠲᠤᠯᠤᠯᠲᠠ ᠶᠢ ᠡᠭᠦᠳᠪᠡ᠃ ᠠᠩᠬᠠᠳᠤᠭᠠᠷ ᠤᠳᠠᠭ᠎ᠠ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠪᠦᠭᠦ ᠲᠠᠯ᠎ᠠ ᠪᠠᠷ ᠪᠠᠷᠢᠮᠵᠢᠶᠠᠯᠠᠵᠤ᠂ ᠤᠯᠠᠨ ᠲᠦᠮᠡᠨᠴᠢ ᠤᠷᠤᠯᠳᠤᠭᠠᠨ ᠤ ᠲᠦᠷᠦᠯ ᠵᠦᠢᠯ ᠢ ᠠᠩᠬ᠎ᠠ ᠤᠳᠠᠭ᠎ᠠ ᠲᠣᠬᠢᠷᠠᠭᠤᠯᠵᠤ᠂ ᠠᠩᠬ᠎ᠠ ᠤᠳᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠᠷ ᠨᠢᠭᠡᠴᠢ ᠪᠣᠯᠭᠠᠨ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠵᠤ᠂ ᠠᠩᠬ᠎ᠠ ᠤᠳᠠᠭ᠎ᠠ ᠪᠡᠶ᠎ᠡ ᠶᠢᠨ ᠲᠠᠮᠢᠷ ᠤᠨ ᠴᠢᠳᠠᠪᠤᠷᠢ ᠪᠠᠷ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠷᠢ ᠭᠡᠮ ᠤᠨ ᠤᠷᠤᠯᠳᠤᠭᠠᠨ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠪᠤᠯᠭᠠᠵᠤ᠂ ᠠᠩᠬ᠎ᠠ ᠤᠳᠠᠭ᠎ᠠ ᠲᠦᠷᠭᠡᠨ ᠲᠡᠰᠢᠯᠲᠡ᠂ ᠣᠭᠲᠠᠷᠭᠤᠢ ᠳᠠᠬᠢ ᠤᠷ᠎ᠠ ᠮᠡᠷᠭᠡᠵᠢᠯ ᠵᠡᠷᠭᠡ ᠲᠦᠷᠦᠯ ᠵᠦᠢᠯ ᠳᠡᠭᠡᠷ᠎ᠡ ᠰᠢᠢᠳᠪᠦᠷᠢᠲᠦ ᠤᠷᠤᠯᠳᠤᠭᠠᠨ ᠳᠤ ᠣᠷᠣᠬᠤ ᠬᠠᠮᠤᠭ ᠤᠨ ᠳᠣᠣᠷ᠎ᠠ ᠬᠢᠷᠢ ᠪᠦᠲᠦᠮᠵᠢ ᠶᠢᠨ ᠪᠠᠷᠢᠮᠵᠢᠶ᠎ᠠ ᠶᠢ ᠲᠣᠭᠲᠠᠭᠠᠪᠠ᠃ ᠠᠯᠢ ᠤᠯᠠᠨ ᠰᠢᠨ᠎ᠡ ᠶᠢ ᠡᠭᠦᠳᠦᠭᠰᠡᠨ ᠦᠢᠯᠡᠳᠦᠯᠭᠡ ᠨᠢ ᠪᠦᠭᠦ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠡᠢ᠃       ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠠᠴᠠ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠬᠦᠰᠡᠨ ᠬᠦᠯᠢᠶᠡᠶ᠎ᠡ᠃ ᠢᠷᠡᠬᠦ 10 ᠡᠳᠦᠷ ᠲᠤ᠂ ᠮᠥᠰᠥ ᠴᠠᠰᠤᠨ ᠤ ᠲᠠᠮᠢᠷᠴᠢᠳ ᠤᠷᠤᠯᠳᠤᠭᠠᠨ ᠤ ᠲᠠᠯᠠᠪᠤᠷ ᠲᠤ ᠲᠦᠮᠡᠨ ᠠᠭᠲᠠ ᠶᠢᠨ ᠲᠦᠪᠡᠷᠭᠡᠨ ᠮᠡᠲᠦ ᠰᠦᠷ ᠵᠢᠪᠬᠤᠭᠠᠲᠤ ᠲᠥᠷᠬᠦ ᠪᠠᠷ ᠮᠡᠷᠭᠡᠵᠢᠯ ᠪᠠ ᠴᠢᠳᠠᠪᠤᠷᠢ ᠪᠠᠨ ᠰᠢᠯᠭᠠᠵᠤ᠂ ᠲᠥᠪ ᠭᠤᠤᠯᠴᠢ ᠠᠷᠢᠭᠤᠨ ᠴᠢᠬᠡᠴᠢ ᠪᠠᠷ ᠪᠦᠯᠬᠦᠮᠳᠡᠨ ᠲᠡᠮᠡᠴᠡᠵᠦ᠂ ᠥᠪᠡᠷ ᠢ ᠪᠠᠨ ᠳᠠᠪᠠᠭᠰᠠᠨ᠂ ᠦᠨᠳᠦᠰᠦᠲᠡᠨ ᠨᠦᠭᠦᠳ ᠪᠦᠯᠬᠦᠮᠳᠡᠨ ᠠᠭᠤᠰᠤᠯᠴᠠᠭᠰᠠᠨ ᠭᠤᠶᠢᠳᠠ ᠰᠠᠶᠢᠬᠠᠨ ᠵᠢᠷᠤᠭ ᠳᠦᠷᠰᠦ ᠶᠢ ᠬᠠᠮᠲᠤ ᠪᠠᠷ ᠵᠢᠷᠤᠭᠯᠠᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠪᠣᠯᠣᠨ ᠣᠯᠢᠮᠫᠢᠺ ᠤᠨ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠢᠯᠡᠷᠡᠭᠦᠯᠬᠦ ᠨᠢ ᠯᠠᠪᠲᠠᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ