ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ  ᠬᠦᠨᠵᠡᠭᠡᠶᠢᠷᠡᠬᠦᠯᠦᠨ ᠠᠬᠢᠭᠤᠯᠤᠨ᠎ᠡ
ᠨᠡᠶᠢᠲᠡᠯᠡᠭᠰᠡᠨ ᠴᠠᠭ᠄
2024/2/26
                                                                ᠰᠤᠷᠪᠤᠯᠵᠢᠯᠠᠭᠴᠢ ᠵᠣᠣ ᠴᠧᠩ       — ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠬᠠᠯᠠᠭᠤᠨ ᠲᠤᠰᠬᠠᠯ ᠭᠠᠷᠴᠤ ᠪᠠᠶᠢᠨ᠎ᠠ                                 1 ᠰᠠᠷ᠎ᠠ ᠶᠢᠨ 8 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠳᠡᠭᠡᠷ᠎ᠡ ᠴᠢᠬᠤᠯᠠ  ᠶᠠᠷᠢᠶ᠎ᠠ  ᠲᠠᠯᠪᠢᠵᠤ᠂  ᠪᠦᠬᠦ  ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠴᠠ᠂ ᠰᠢᠨ᠎ᠡ  ᠦᠷ᠎ᠡ  ᠪᠦᠲᠦᠮᠵᠢ ᠶᠢ  ᠳ᠋ᠦᠩᠨᠡᠵᠦ᠂  ᠨᠠᠮ ᠤᠨ  ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠶᠠᠭᠤᠨ ᠳᠤ ᠥᠪᠡᠷ ᠤᠨ ᠪᠡᠶ᠎ᠡ ᠳᠡᠭᠡᠨ  ᠬᠤᠪᠢᠰᠬᠠᠯ  ᠬᠢᠬᠦ᠂  ᠶᠠᠭᠤᠨ ᠳᠤ  ᠥᠪᠡᠷ ᠤᠨ  ᠪᠡᠶ᠎ᠡ ᠳᠡᠭᠡᠨ  ᠬᠤᠪᠢᠰᠬᠠᠯ  ᠬᠢᠬᠦ᠂  ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠵᠡᠷᠭᠡ ᠴᠢᠬᠤᠯᠠ  ᠶᠡᠭᠡ  ᠠᠰᠠᠭᠤᠳᠠᠯ ᠳᠤ  ᠰᠢᠨᠵᠢᠯᠡᠬᠦ  ᠤᠬᠠᠭᠠᠨᠴᠢ ᠪᠠᠷ ᠬᠠᠷᠢᠭᠤᠯᠲᠠ  ᠥᠭᠴᠦ᠂  ︽ᠶᠢᠰᠦᠨ  ᠲᠠᠯ᠎ᠠ  ᠶᠢᠨ︾  ᠦᠢᠯᠡᠳᠦᠯᠭᠡ ᠶᠢᠨ   ᠱᠠᠭᠠᠷᠳᠠᠯᠭ᠎ᠠ ᠶᠢ   ᠲᠣᠳᠣᠷᠬᠠᠢ   ᠳᠤᠷᠠᠳᠴᠤ᠂ ᠦᠷᠭᠦᠯᠵᠢᠯᠡᠨ ᠬᠦᠴᠦᠯᠡᠬᠦ᠂ ᠢᠯᠵᠢᠷᠡᠯ ᠢ ᠡᠰᠡᠷᠭᠦᠴᠡᠬᠦ ᠲᠡᠮᠡᠴᠡᠯ ᠢ  ᠭᠦᠨᠵᠡᠭᠡᠢ  ᠠᠬᠢᠭᠤᠯᠬᠤ ᠳᠤ  ᠪᠠᠶᠢᠯᠳᠤᠬᠤ  ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠃                ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ  ᠶᠠᠷᠢᠶ᠎ᠠ  ᠬᠤᠷᠠᠯ ᠳᠤ  ᠣᠷᠣᠯᠴᠠᠭᠰᠠᠨ  ᠨᠥᠬᠦᠳ ᠤᠨ  ᠳᠤᠮᠳᠠ ᠬᠠᠯᠠᠭᠤᠨ ᠲᠤᠰᠬᠠᠯ ᠭᠠᠷᠪᠠ᠃ ᠬᠤᠷᠠᠯ ᠳᠤ ᠣᠷᠣᠯᠴᠠᠭᠰᠠᠨ ᠨᠥᠬᠦᠳ᠂  ᠶᠡᠷᠦᠩᠬᠡᠢ  ᠱᠦᠵᠢ  ᠰᠢ ᠶᠢᠨ  ᠫᠢᠩ ᠤᠨ  ᠴᠢᠬᠤᠯᠠ ᠶᠠᠷᠢᠶ᠎ᠠ ᠨᠢ ᠠᠯᠤᠰ ᠤᠨ ᠬᠠᠷᠠᠯᠳᠠ ᠲᠠᠢ᠂ ᠬᠠᠷᠠᠭ᠎ᠠ  ᠥᠷᠭᠡᠨ᠂  ᠦᠵᠡᠯ  ᠰᠠᠨᠠᠭ᠎ᠠ  ᠭᠦᠨᠵᠡᠭᠡᠢ᠂  ᠠᠭᠤᠯᠤᠭᠳᠠᠬᠤᠨ  ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ  ᠵᠠᠰᠠᠬᠤ᠂  ᠨᠠᠮ ᠤᠨ  ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ ᠪᠣᠯᠤᠨ᠎ᠠ ᠭᠡᠵᠦ ᠢᠯᠡᠳᠭᠡᠵᠡᠬᠡᠪᠡ᠃                ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ  ᠪᠡᠶ᠎ᠡ ᠳᠡᠭᠡᠨ  ᠬᠤᠪᠢᠰᠬᠠᠯ  ᠬᠢᠬᠦ  ᠲᠤᠬᠠᠢ  ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ ᠲᠤᠭ ᠳᠡᠮᠳᠡᠭ ᠴᠢᠭᠯᠡᠯ ᠢ ᠵᠢᠭᠠᠵᠤ᠂ ᠦᠵᠡᠯ ᠰᠠᠨᠠᠭ᠎ᠠ ᠬᠦᠴᠦᠨ ᠴᠢᠳᠠᠯ ᠢ ᠨᠢᠭᠲᠠᠷᠠᠭᠤᠯᠤᠨ᠎ᠠ᠃                ᠨᠠᠮ ᠤᠨ ᠠᠷᠪᠠᠨ ᠨᠠᠢᠮᠠᠳᠤᠭᠠᠷ  ᠶᠡᠭᠡ  ᠬᠤᠷᠠᠯ ᠠᠴᠠ  ᠨᠠᠭᠠᠰᠢ᠂  ᠪᠦᠬᠦ  ᠲᠠᠯ᠎ᠠ ᠪᠠᠷ  ᠨᠠᠮ ᠢ  ᠴᠢᠩᠭ᠎ᠠ  ᠵᠠᠰᠠᠬᠤ ᠶᠢ ᠠᠬᠢᠭᠤᠯᠬᠤ ᠠᠭᠤᠤ ᠶᠡᠭᠡ ᠦᠢᠯᠡᠳᠦᠯᠭᠡ ᠶᠢᠨ ᠳᠤᠮᠳᠠ᠂ ᠮᠠᠨ ᠤ ᠨᠠᠮ ᠲᠠᠰᠤᠷᠠᠯᠲᠠ ᠦᠭᠡᠢ ᠦᠢᠯᠡᠳᠦᠯᠭᠡ ᠶᠢᠨ ᠰᠦᠪᠡᠭᠴᠢᠯᠡᠯᠲᠡ ᠪᠠ ᠤᠨᠤᠯ ᠤᠨ ᠪᠣᠳᠣᠯᠬᠢᠯᠠᠯ ᠬᠢᠵᠦ᠂ ᠮᠠᠤ ᠽᠧ ᠳ᠋ᠦᠩ ᠨᠥᠬᠦᠷ ᠤᠨ ᠲᠤᠬᠠᠢ ᠶᠢᠨ ᠵᠢᠯ ᠳᠤ ᠥᠭᠭᠦᠭᠰᠡᠨ ︽ᠠᠷᠠᠳ ᠲᠦᠮᠡᠨ ᠢᠶᠠᠷ ᠵᠠᠰᠠᠭ ᠤᠨ  ᠣᠷᠳᠣᠨ ᠳᠤ  ᠬᠢᠨᠠᠯᠲᠠ  ᠲᠠᠯᠪᠢᠭᠤᠯᠬᠤ︾  ᠨᠢᠭᠡᠳᠦᠭᠡᠷ  ᠬᠠᠷᠢᠭᠤᠯᠲᠠ ᠶᠢᠨ  ᠰᠠᠭᠤᠷᠢᠨ  ᠳᠡᠭᠡᠷ᠎ᠡ᠂   ᠬᠤᠶᠠᠳᠠᠬᠢ ᠬᠠᠷᠢᠭᠤᠯᠲᠠ ᠥᠭᠴᠡᠢ᠂ ᠡᠨᠡ ᠨᠢ ᠳᠠᠷᠤᠢ ᠨᠠᠮ ᠤᠨ ᠥᠪᠡᠷ ᠤᠨ  ᠪᠡᠶ᠎ᠡ ᠳᠡᠭᠡᠨ  ᠬᠤᠪᠢᠰᠬᠠᠯ  ᠬᠢᠬᠦ ᠶᠢ  ᠲᠠᠰᠤᠷᠠᠯᠲᠠ  ᠦᠭᠡᠢ ᠠᠬᠢᠭᠤᠯᠬᠤ ᠶᠠᠪᠤᠳᠠᠯ ᠪᠣᠯᠤᠨ᠎ᠠ᠃         ︽ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠶᠠᠭᠤᠨ ᠳᠤ ᠥᠪᠡᠷ ᠤᠨ ᠪᠡᠶ᠎ᠡ ᠳᠡᠭᠡᠨ  ᠬᠤᠪᠢᠰᠬᠠᠯ ᠬᠢᠬᠦ᠂ ᠶᠠᠭᠠᠬᠢᠭᠠᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠲᠡᠶᠢᠯᠬᠦ᠂ ᠥᠪᠡᠷ ᠤᠨ  ᠪᠡᠶ᠎ᠡ ᠳᠡᠭᠡᠨ  ᠬᠤᠪᠢᠰᠬᠠᠯ  ᠬᠢᠬᠦ ᠶᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ  ᠰᠢᠨᠵᠢᠯᠡᠬᠦ  ᠤᠬᠠᠭᠠᠨᠴᠢ ᠪᠠᠷ  ᠬᠠᠷᠢᠭᠤᠯᠲᠠ  ᠥᠭᠴᠦ᠂  ᠮᠠᠨ ᠤ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠲᠤᠯᠠᠵᠤ᠂ ᠰᠢᠨ᠎ᠡ  ᠰᠢᠯᠭᠠᠯᠲᠠ ᠳᠤ  ᠣᠷᠣᠯᠴᠠᠬᠤ  ᠵᠠᠮ ᠢᠶᠠᠷ  ᠰᠠᠶᠢᠲᠤᠷ ᠵᠠᠮᠨᠠᠬᠤ ᠳᠤ ᠦᠨᠳᠦᠰᠦᠨ ᠵᠢᠷᠤᠮᠯᠠᠯ ᠬᠠᠩᠭᠠᠨ ᠦᠭᠭᠦᠭᠰᠡᠨ ᠪᠥᠭᠡᠳ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ  ᠠᠬᠢᠭᠤᠯᠬᠤ ᠳᠤ  ᠠᠵᠢᠯᠯᠠᠭᠠᠨ ᠤ  ᠵᠦᠭᠯᠡᠭᠦᠷ  ᠬᠠᠩᠭᠠᠨ ᠦᠭᠴᠡᠢ︾ ᠭᠡᠵᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠠᠨᡁᠦ᠋ᠢ ᠮᠤᠵᠢ ᠶᠢᠨ  ᠰᠠᠬᠢᠯᠭ᠎ᠠ  ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ  ᠡᠷᠬᠢᠯᠡᠭᠴᠢ  ᠯᠢᠦ  ᠬᠠᠢ  ᠴᠢᠤᠸᠠᠨ  ᠬᠡᠯᠡᠭᠰᠡᠨ  ᠢᠶᠠᠨ ᠵᠠᠯᠭᠠᠭᠠᠳ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ  ᠶᠠᠷᠢᠶ᠎ᠠ ᠶᠢ  ᠰᠣᠨᠣᠰᠤᠭᠠᠳ  ᠮᠠᠰᠢ  ᠤᠷᠮᠠᠰᠢᠨ  ᠵᠣᠷᠢᠭᠵᠢᠵᠤ᠂ ᠡᠭᠦᠷᠭᠡ ᠨᠡᠩ ᠬᠦᠨᠳᠦ ᠪᠤᠯᠤᠬᠰᠠᠨ ᠢ ᠮᠡᠳᠡᠷᠡᠪᠡ᠂ ᠬᠦᠨᠵᠡᠭᠡᠢ ᠰᠤᠷᠤᠯᠴᠠᠬᠤ ᠰᠢᠩᠭᠡᠨ  ᠠᠪᠬᠤ  ᠤᠯᠠᠷᠢᠭᠤᠯᠤᠨ  ᠬᠤᠪᠢᠷᠠᠭᠤᠯᠬᠤ ᠳᠡᠭᠡᠷ᠎ᠡ ᠬᠦᠴᠦ ᠣᠷᠣᠭᠤᠯᠵᠤ᠂ ᠹᠷᠣᠨᠲ ᠨᠢᠭᠡᠪᠦᠷᠢ ᠂  ᠭᠤᠭᠴᠤᠭ᠎ᠠ  ᠨᠢᠭᠡᠪᠦᠷᠢ ᠶᠢᠨ  ᠥᠪᠡᠷ ᠤᠨ  ᠪᠡᠶ᠎ᠡ ᠳᠡᠭᠡᠨ  ᠬᠤᠪᠢᠰᠬᠠᠯ ᠬᠢᠬᠦ ᠶᠢ ᠪᠣᠳᠠᠲᠠᠢ ᠠᠳᠬᠤᠵᠤ᠂ ᠭᠦᠨᠵᠡᠭᠡᠢ ᠠᠳᠬᠤᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠨ᠎ᠡ ᠬᠡᠪᠡ᠃                ᠰᠢᠨ᠎ᠡ ᠠᠶᠠᠨ  ᠳᠤ᠂ ᠡᠭᠦᠷᠭᠡ ᠤᠯᠠᠮ ᠬᠦᠨᠳᠦ᠂ ᠠᠶᠤᠯ ᠲᠦᠭᠰᠢᠭᠦᠷᠢ ᠰᠢᠯᠭᠠᠯᠲᠠ ᠤᠯᠠᠮ ᠶᠡᠭᠡ  ᠪᠣᠯᠬᠤ  ᠲᠤᠳᠤᠮ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠤᠯᠠᠮ ᠪᠠᠳᠠᠷᠠᠭᠤᠯᠤᠨ᠎ᠡ᠃       ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ  ᠭᠡᠰᠢᠭᠦᠨ᠂  ᠲᠥᠪ ᠤᠨ  ᠰᠠᠬᠢᠯᠭ᠎ᠠ  ᠪᠠᠲᠤ  ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠦᠷᠦ ᠶᠢᠨ ᠶᠠᠪᠤᠳᠠᠯ ᠤᠨ ᠬᠤᠷᠢᠶᠠᠨ ᠤ  ᠤᠯᠤᠰ ᠤᠨ  ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ  ᠬᠢᠨᠠᠨ  ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠦᠩ ᠲᠠᠩ ᠬᠤᠸᠠ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ  ᠰᠠᠨᠠᠭ᠎ᠠ  ᠪᠣᠯ  ︽ᠬᠤᠶᠠᠷ ᠢ  ᠤᠶᠠᠯᠳᠤᠭᠤᠯᠬᠤ︾ ᠶᠢ  ᠪᠠᠷᠢᠮᠲᠠᠯᠠᠵᠤ ᠤᠨᠤᠯ ᠤᠨ ᠰᠢᠨ᠎ᠡ ᠡᠭᠦᠳᠦᠯᠲᠡ ᠶᠢ  ᠠᠬᠢᠭᠤᠯᠤᠭᠰᠠᠨ  ᠰᠢᠨ᠎ᠡ  ᠦᠷ᠎ᠡ  ᠪᠦᠲᠦᠭᠡᠯ  ᠮᠥᠨ᠂  ᠮᠠᠨ ᠤ  ᠨᠠᠮ ᠤᠨ  ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ  ᠲᠠᠨᠢᠯᠲᠠ  ᠰᠢᠨ᠎ᠡ  ᠦᠨᠳᠦᠷᠴᠡ ᠳᠤ ᠬᠦᠷᠦᠭᠰᠡᠨ ᠢ ᠬᠠᠷᠠᠭᠤᠯᠵᠤ ᠪᠠᠶᠢᠨ᠎ᠠ ᠬᠡᠵᠡᠢ᠃       ︽ᠰᠠᠬᠢᠯᠭ᠎ᠠ ᠪᠠᠲᠤ ᠪᠠᠶᠢᠴᠠᠭᠠᠬᠤ ᠬᠢᠨᠠᠨ  ᠪᠠᠶᠢᠴᠠᠭᠠᠬᠤ  ᠪᠠᠶᠢᠭᠤᠯᠤᠯᠭ᠎ᠠ  ᠪᠣᠯ  ᠨᠠᠮ ᠤᠨ  ᠥᠪᠡᠷ ᠤᠨ  ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ︿ᠬᠤᠶᠠᠷ ᠢ ᠲᠣᠭᠲᠠᠭᠠᠬᠰᠠᠨ ﹀  ᠤ  ᠰᠢᠢᠳᠪᠦᠷᠢᠯᠡᠭᠴᠢ  ᠠᠴᠢ ᠬᠤᠯᠪᠣᠭᠳᠠᠯ ᠢ ᠲᠦᠷᠦᠭᠦᠯᠡᠨ ᠭᠦᠨᠵᠡᠭᠡᠢ ᠣᠶᠢᠯᠠᠭᠠᠵᠤ᠂ ︿ᠬᠤᠶᠠᠷ ᠢ  ᠬᠠᠮᠠᠭᠠᠯᠠᠬᠤ ﹀ ᠶᠢ  ᠡᠷᠡᠰ  ᠪᠡᠶᠡᠯᠡᠭᠦᠯᠵᠦ᠂  ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ  ᠬᠢᠬᠦ  ᠲᠤᠬᠠᠢ  ᠴᠢᠬᠤᠯᠠ  ᠦᠵᠡᠯ  ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠤᠬᠠᠮᠰᠠᠷ ᠠᠴᠠ ᠪᠠᠨ ᠡᠨᠡ ᠬᠦ ᠦᠵᠡᠯ ᠰᠠᠨᠠᠭ᠎ᠠ ᠪᠠᠷ ᠲᠠᠷᠢᠬᠢ  ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ  ᠪᠠᠶᠢᠴᠠᠭᠠᠬᠤ  ᠠᠵᠢᠯ ᠤᠨ  ᠪᠦᠬᠦ ᠶᠠᠪᠤᠴᠠ  ᠡᠯ᠎ᠡ  ᠲᠠᠯ᠎ᠠ ᠳᠤ  ᠦᠨᠡᠨ  ᠬᠦ  ᠲᠤᠤᠱᠯᠠᠭᠤᠯᠤᠨ  ᠨᠠᠶᠢᠳᠠᠪᠤᠷᠢᠵᠢᠭᠤᠯᠵᠤ᠂  ᠤᠯᠤᠰ ᠤᠨ   ᠥᠮᠴᠢᠯᠡᠯ ᠤᠨ   ᠡᠳ᠋ ᠬᠦᠷᠦᠩᠭᠡ ᠶᠢᠨ ᠲᠥᠪ ᠤᠨ ᠠᠵᠤ ᠠᠬᠤᠶᠢᠯᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ  ᠵᠠᠰᠠᠬᠤ᠂  ᠨᠠᠮ ᠤᠨ  ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠰᠤᠷᠠᠯᠳᠠ  ᠦᠭᠡᠢ  ᠭᠦᠨᠵᠡᠭᠡᠶᠢᠷᠡᠭᠦᠯᠤᠨ᠎ᠡ︾  ᠭᠡᠵᠦ ᠬᠥᠩ ᠲᠠᠩ ᠬᠤᠸᠠ ᠬᠡᠯᠡᠯ᠎ᠡ᠃               ᠤᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠢᠯᠵᠢᠷᠡᠯ ᠢ ᠡᠰᠡᠷᠭᠦᠴᠡᠬᠦ  ᠲᠡᠮᠡᠴᠡᠯ ᠤᠨ  ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ                ︽ᠢᠯᠵᠠᠷᠠᠯ ᠪᠣᠯ ᠨᠠᠮ ᠤᠨ ᠠᠮᠢᠵᠢᠷᠠᠯ ᠤᠨ ᠬᠦᠴᠦᠨ ᠪᠠ ᠲᠠᠶᠢᠴᠢᠨ ᠬᠦᠴᠦᠨ ᠢ ᠬᠤᠬᠢᠷᠠᠭᠤᠯᠬᠤ  ᠬᠠᠮᠤᠭ ᠤᠨ  ᠶᠡᠭᠡ ᠬᠤᠣᠷᠲᠤ ᠬᠠᠪᠤᠳᠠᠷ ᠮᠥᠨ᠂ ᠢᠯᠵᠠᠷᠠᠯ ᠢ ᠡᠰᠡᠷᠭᠦᠴᠡᠬᠦ ᠪᠣᠯ ᠬᠠᠮᠤᠭ ᠤᠨ ᠲᠦᠢᠯᠪᠤᠷᠢᠲᠠᠢ ᠥᠪᠡᠷ ᠤᠨ ᠪᠡᠶ᠎ᠡ ᠳᠡᠭᠡᠨ  ᠬᠤᠪᠢᠰᠬᠠᠯ ᠬᠢᠬᠦ ᠶᠠᠪᠤᠳᠠᠯ ᠮᠥᠨ᠃               ᠶᠡᠷᠦᠩᠬᠡᠢ  ᠱᠦᠵᠢ  ᠰᠢ ᠶᠢᠨ  ᠫᠢᠩ  ᠶᠠᠷᠢᠶᠠᠨ ᠳᠠᠭᠠᠨ᠂  ︽ᠤᠨᠢᠨ  ᠳᠡᠭᠡᠷ᠎ᠡ ᠨᠢ  ᠬᠦᠴᠦᠯᠡᠵᠦ᠂  ᠦᠷᠭᠦᠯᠵᠢᠯᠡᠨ ᠬᠦᠴᠦᠯᠡᠵᠦ᠂  ᠢᠯᠵᠢᠷᠡᠯ ᠢ  ᠡᠰᠡᠷᠭᠦᠴᠡᠬᠦ  ᠲᠡᠮᠡᠴᠡᠯ ᠤᠨ  ᠪᠣᠭᠤᠮᠲᠠ  ᠰᠢᠪᠲᠤᠯᠬᠤ  ᠳᠠᠶᠢᠯᠠᠯᠳᠤᠭᠠᠨ  ᠤᠳᠠᠭᠠᠨ  ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ︾᠂ ︽ᠰᠢᠨ᠎ᠡ ᠠᠶᠠᠨ ᠳᠤ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠬᠡᠪᠰᠢ ᠢᠯᠵᠠᠷᠡᠯ ᠤᠨ ᠠᠰᠠᠭᠤᠳᠠᠯ ᠡᠭᠦᠰᠬᠦ ᠬᠥᠷᠥᠰᠥ ᠰᠢᠷᠣᠢ  ᠪᠣᠯᠤᠨ  ᠨᠥᠬᠦᠴᠡᠯ ᠢ  ᠠᠷᠢᠯᠭᠠᠬᠤ  ᠳᠡᠭᠡᠷ᠎ᠠ  ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃               ︽ᠢᠯᠵᠠᠷᠠᠯ ᠢ ᠡᠰᠡᠷᠭᠦᠴᠡᠬᠦ ᠪᠣᠯ ᠨᠢᠭᠡᠨ ᠤᠳᠠᠭᠠᠨ ᠤ ᠢᠯᠠᠭᠳᠠᠵᠤ  ᠪᠣᠯᠤᠰᠢ  ᠦᠭᠡᠢ  ᠪᠥᠭᠡᠳ  ᠶᠠᠭᠠᠬᠢᠭᠰᠠᠨ  ᠴᠤ ᠢᠯᠠᠭᠳᠠᠵᠤ ᠪᠣᠯᠬᠤ ᠦᠭᠡᠢ ᠴᠢᠬᠤᠯᠠ ᠶᠡᠭᠡ ᠤᠯᠤᠰ ᠲᠦᠷᠦ ᠶᠢᠨ ᠲᠡᠮᠡᠴᠡᠯ ᠮᠥᠨ᠂  ᠤᠷᠤᠭᠰᠢᠯᠠᠬᠤ ᠠᠴᠠ  ᠪᠢᠰᠢ  ᠤᠬᠤᠷᠢᠵᠤ ᠪᠣᠯᠬᠤ ᠦᠭᠡᠢ᠂ ᠡᠷᠬᠡᠪᠰᠢ ᠢᠯᠵᠠᠷᠠᠯ ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠬᠤ  ᠬᠡᠷᠡᠭᠲᠡᠢ︾᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠭᠤᠸᠠᠩᠰᠢ ᠶᠢᠨ ᠵᠤᠸᠠᠩ  ᠦᠨᠳᠦᠰᠦᠲᠡᠨ ᠤ  ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ  ᠡᠷᠬᠢᠯᠡᠭᠴᠢ  ᠹᠠᠩ ᠯᠢᠩ ᠮᠢᠨ ᠬᠡᠯᠡᠭᠦ ᠳᠡᠭᠡᠨ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂  ᠢᠯᠵᠠᠷᠠᠬᠤ ᠶᠢ  ᠪᠤᠳᠤᠬᠤ  ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠨ᠂ ᠠᠳᠠᠯᠢ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ ᠴᠢᠩᠭ᠎ᠠ ᠪᠠᠶᠢᠯᠭᠠᠬᠤ ᠦᠨᠳᠦᠰᠦᠨ ᠬᠥᠭ ᠠᠶᠠᠰ ᠢ ᠤᠯᠠᠮᠵᠢᠯᠠᠨ ᠳᠠᠮᠵᠢᠭᠤᠯᠵᠤ᠂ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠵᠤ᠂ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠵᠠᠰᠠᠵᠤ᠂ ᠦᠨᠳᠦᠰᠦᠨ ᠱᠠᠲᠤᠨ ᠤ ᠢᠯᠵᠠᠷᠠᠯ ᠢ ᠡᠰᠡᠷᠭᠦᠴᠡᠬᠦ ᠠᠵᠢᠯ ᠢ ᠴᠢᠩᠭ᠎ᠠ ᠠᠳᠬᠤᠬᠤ ᠬᠡᠷᠡᠭᠲᠡᠶ ᠭᠡᠪᠡ᠃               ︽ᠵᠢᠵᠢᠭ ᠢᠶᠠᠷ ᠱᠠᠮᠰᠢᠵᠦ ᠪᠠᠭ᠎ᠠ ᠪᠠᠷ ᠢᠯᠵᠠᠷᠠᠬᠤ︾ ᠶᠠᠪᠤᠳᠠᠯ ᠠᠮᠠᠷᠬᠠᠨ ᠡᠭᠦᠰᠴᠦ ᠣᠯᠠᠨ ᠡᠭᠦᠰᠴᠦ ᠪᠠᠶᠢᠨ᠎ᠠ᠂ ᠠᠷᠠᠳ ᠣᠯᠠᠨ ᠤ ᠡᠭᠦᠨ ᠤ ᠲᠤᠬᠠᠢ ᠲᠥᠷᠥᠭᠳᠡᠯ ᠬᠠᠮᠤᠭ ᠤᠨ  ᠰᠢᠭᠤᠳ  ᠬᠠᠮᠤᠭ ᠤᠨ  ᠢᠯᠡᠷᠬᠡᠶ  ᠪᠠᠶᠢᠳᠠᠭ᠃  ᠪᠢᠳᠡ  ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ  ᠲᠣᠳᠣ  ᠤᠳᠤᠷᠢᠳᠤᠮᠵᠢ ᠶᠢ  ᠪᠠᠲᠤ  ᠪᠣᠶ  ᠪᠣᠯᠭᠠᠵᠤ᠂  ᠠᠷᠠᠳ ᠤᠨ  ᠠᠮᠢᠳᠤᠷᠠᠯ ᠤᠨ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠲᠤᠯᠭᠠᠮᠳᠠᠵᠦ ᠬᠦᠴᠢᠷᠲᠡᠵᠦ  ᠵᠤᠪᠠᠨᠢᠵᠦ ᠬᠦᠰᠡᠵᠦ ᠪᠠᠶᠢᠭ᠎ᠠ ︿10 ᠪᠣᠳᠠᠲᠤ ᠶᠠᠪᠤᠳᠠᠯ﹀ ᠢ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ  ᠲᠥᠷᠥᠭᠳᠡᠯ᠂  ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ︾ ᠭᠡᠵᠦ  ᠹᠠᠩ  ᠯᠢᠩ  ᠮᠢᠨ ᠬᠡᠯᠡᠪᠡ᠃                ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠮᠥᠩᠭᠦᠨ ᠭᠦᠢᠯᠭᠡᠭᠡ᠂  ᠤᠯᠤᠰ ᠤᠨ  ᠥᠮᠴᠢᠯᠡᠯ ᠤᠨ  ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ  ᠪᠣᠯᠤᠨ  ᠦᠨᠳᠦᠰᠦᠨ  ᠪᠦᠳᠦᠬᠡᠨ  ᠪᠠᠶᠢᠭᠤᠯᠤᠯᠲᠠ ᠶᠢᠨ  ᠢᠨᠵᠧᠨᠧᠷᠢᠩ  ᠵᠡᠷᠭᠡ  ᠡᠷᠬᠡ ᠲᠥᠪᠯᠡᠷᠡᠭᠰᠡᠨ᠂ ᠪᠡᠯᠡ ᠮᠥᠩᠭᠦ ᠲᠥᠪᠯᠡᠷᠡᠭᠰᠡᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ ᠤ ᠢᠯᠵᠢᠷᠡᠯ ᠢ  ᠴᠡᠭᠴᠡᠯᠡᠨ  ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠬᠡᠮ ᠰᠣᠭᠤᠭ ᠢ ᠠᠷᠢᠯᠭᠠᠵᠤ᠂ ᠠᠵᠤ ᠠᠬᠤᠢ  ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠷᠰᠢ ᠰᠠᠭᠠᠳ ᠢ ᠠᠷᠢᠯᠭᠠᠨ ᠪᠠᠲᠤᠯᠠᠭ᠎ᠠ ᠬᠠᠩᠭᠠᠪᠠ᠃                ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ  ᠭᠡᠰᠢᠭᠦᠨ᠂  ᠲᠥᠪ ᠤᠨ  ᠰᠠᠬᠢᠯᠭ᠎ᠠ  ᠪᠠᠲᠤ  ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ  ᠬᠢᠨᠠᠨ  ᠪᠠᠶᠢᠴᠠᠭᠠᠬᠤ  ᠳᠤᠭᠤᠶᠢᠯᠠᠩ ᠤᠨ  ᠳᠠᠷᠤᠭ᠎ᠠ  ᠰᠢ  ᠬᠤᠸᠠ  ᠲᠠᠨᠢᠯᠴᠠᠭᠤᠯᠬᠤ  ᠳᠠᠭᠠᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ  ᠪᠠᠶᠢᠴᠠᠭᠠᠬᠤ  ᠬᠢᠨᠠᠨ  ᠪᠠᠶᠢᠴᠠᠭᠠᠬᠤ ᠳᠤᠭᠤᠶᠢᠯᠠᠩ ᠨᠢ ᠥᠪᠡᠷ ᠤᠨ ᠪᠡᠶ᠎ᠡ ᠳᠡᠭᠡᠨ ᠬᠤᠪᠢᠰᠬᠠᠯ  ᠬᠢᠬᠦ  ᠵᠣᠷᠢᠭ  ᠰᠠᠨᠠᠭ᠎ᠠ ᠪᠠᠷ  ᠢᠯᠵᠠᠷᠠᠯ ᠢ  ᠡᠰᠡᠷᠭᠦᠴᠡᠬᠦ  ᠲᠡᠮᠡᠴᠡᠯ ᠢ ᠭᠤᠶᠢᠪᠢᠰᠢ  ᠦᠭᠡᠢ  ᠠᠬᠢᠭᠤᠯᠵᠤ᠂  ᠬᠡᠷᠡᠭ ᠢᠶᠠᠷ  ᠴᠡᠭᠴᠡᠯᠡᠨ  ᠵᠠᠯᠠᠷᠠᠭᠤᠯᠬᠤ ᠶᠢ  ᠠᠬᠢᠭᠤᠯᠬᠤ᠂  ᠬᠡᠷᠡᠭ ᠢᠶᠠᠷ   ᠵᠠᠰᠠᠯᠲᠠ ᠶᠢ ᠠᠬᠢᠭᠤᠯᠬᠤ ᠶᠢ ᠵᠡᠷᠭᠡ ᠪᠠᠷ ᠠᠬᠢᠭᠤᠯᠵᠤ᠂ ᠬᠡᠷᠡᠭ ᠤᠨ ᠪᠦᠷᠢᠯᠳᠦᠭᠰᠡᠨ ᠰᠢᠯᠲᠠᠭᠠᠨ ᠢ ᠭᠦᠨᠵᠡᠭᠡᠢ  ᠵᠠᠳᠠᠯᠵᠤ᠂  ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠢᠯᠵᠠᠷᠠᠯ ᠤᠨ  ᠪᠤᠢ  ᠪᠣᠯᠬᠤ  ᠬᠥᠷᠥᠰᠥ  ᠰᠢᠷᠣᠢ ᠶᠢ  ᠠᠷᠢᠯᠭᠠᠬᠤ  ᠰᠠᠨᠠᠯ ᠰᠠᠨᠠᠭᠤᠯᠭ᠎ᠠ ᠶᠢ ᠳᠤᠷᠠᠳᠤᠭᠰᠠᠨ ᠪᠥᠭᠡᠳ ᠰᠡᠷᠡᠮᠵᠢᠯᠡᠭᠦᠯᠬᠦ ᠬᠥᠮᠦᠵᠢᠯ ᠢ ᠯᠠᠪᠳᠠᠭᠤᠨ ᠪᠠᠲᠤᠲᠠᠢ  ᠥᠷᠨᠢᠭᠦᠯᠵᠦ᠂  ᠨᠢᠭᠡ  ᠬᠡᠷᠡᠭ ᠢ ᠪᠠᠶᠢᠴᠠᠭᠠᠨ ᠰᠢᠢᠳᠪᠦᠷᠢᠯᠡᠬᠦ ᠠᠴᠠ ᠰᠢᠷᠢᠰ ᠬᠡᠷᠡᠭ ᠢ ᠪᠠᠶᠢᠴᠠᠭᠠᠨ ᠰᠢᠢᠳᠪᠦᠷᠢᠯᠡᠬᠦ  ᠬᠦᠷᠲᠡᠯ᠎ᠡ᠂  ᠲᠠᠬᠢᠭᠠᠳ  ᠪᠦᠬᠦ  ᠬᠦᠷᠢᠶᠡᠨ ᠤ ᠵᠠᠰᠠᠯᠲᠠ ᠶᠢᠨ ᠰᠠᠶᠢᠨ ᠦᠷ᠎ᠡ ᠪᠦᠲᠦᠮᠵᠢ ᠶᠢ ᠤᠯᠬᠤ ᠶᠢ ᠪᠡᠶᠡᠯᠡᠭᠦᠯᠪᠡ ᠭᠡᠵᠡᠢ᠃                ︽ᠲᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠶ  ᠱᠦᠵᠢ  ᠰᠢ ᠶᠢᠨ  ᠫᠢᠩ ᠤᠨ  ᠴᠢᠬᠤᠯᠠ  ᠶᠠᠷᠢᠶᠠᠨ ᠤ  ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠬᠢᠨᠠᠯᠲᠠ ᠶᠢ ᠦᠷᠭᠦᠯᠵᠢᠯᠡᠨ  ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠢᠯᠵᠠᠷᠠᠯ ᠢ ᠡᠰᠡᠷᠭᠦᠴᠡᠬᠦ ᠪᠠ ᠬᠥᠯ ᠪᠥᠮᠪᠦᠭᠡ ᠶᠢᠨ  ᠢᠯᠵᠠᠷᠠᠯ ᠢ  ᠡᠰᠡᠷᠭᠦᠴᠡᠬᠦ  ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠰᠲ᠋ᠧᠮᠲᠦ ᠰᠡᠳᠬᠢᠬᠦᠶ ᠪᠠᠷ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠯᠠᠷᠠᠭᠤᠯᠬᠤ ᠶᠢ  ᠠᠬᠢᠭᠤᠯᠵᠤ᠂  ᠤᠯᠤᠰ ᠲᠥᠷᠥ ᠶᠢᠨ  ᠠᠮᠢ  ᠠᠬᠤᠶ ᠶᠢ  ᠦᠷᠭᠦᠯᠵᠢᠯᠡᠨ  ᠰᠡᠷᠭᠦᠭᠡᠨ  ᠰᠠᠶᠢᠵᠢᠷᠠᠭᠤᠯᠵᠤ᠂  ᠪᠡᠶ᠎ᠡ ᠶᠢᠨ   ᠲᠠᠮᠢᠷ ᠤᠨ   ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠡᠭᠦᠰᠦᠭᠰᠡᠨ ᠬᠥᠷᠥᠰᠥ  ᠰᠢᠷᠣᠶ  ᠪᠠ  ᠨᠥᠬᠦᠴᠡᠯ ᠢ  ᠡᠷᠡᠰ  ᠠᠷᠢᠯᠭᠠᠵᠤ᠂  ᠪᠡᠶ᠎ᠡ ᠶᠢᠨ  ᠲᠠᠮᠢᠷ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ︾ ᠭᠡᠵᠦ ᠰᠢ ᠬᠤᠸᠠ ᠬᠡᠯᠡᠪᠡ᠃                ᠨᠠᠮ ᠤᠨ ᠲᠥᠪ ᠬᠤᠷᠢᠶ᠎ᠠ ᠳᠤ ᠢᠳᠡᠭᠡᠯᠲᠡᠢ᠂ ᠠᠷᠠᠳ ᠣᠯᠠᠨ ᠬᠠᠨᠤᠮᠵᠢᠲᠠᠶ  ᠰᠠᠬᠢᠯᠭ᠎ᠠ  ᠪᠠᠲᠤ  ᠪᠠᠶᠢᠴᠠᠭᠠᠬᠤ  ᠬᠢᠨᠠᠨ ᠪᠠᠶᠢᠴᠠᠭᠠᠬᠤ ᠪᠦᠬᠦᠨ ᠢ ᠢᠯᠠᠭᠴᠢ ᠴᠡᠷᠢᠭ ᠠᠩᠬᠢ ᠶᠢ ᠪᠠᠶᠢᠭᠤᠯᠤᠨ᠎ᠠ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠢ᠃                ᠶᠡᠷᠦᠩᠬᠡᠢ ᠱᠦᠵᠢ  ᠰᠢ ᠶᠢᠨ  ᠫᠢᠩ  ᠶᠠᠷᠢᠶᠠᠨ ᠳᠠᠭᠠᠨ᠂  ︽ᠰᠠᠬᠢᠯᠭ᠎ᠠ  ᠪᠠᠲᠤ  ᠪᠠᠶᠢᠴᠠᠭᠠᠬᠤ  ᠬᠢᠨᠠᠨ  ᠪᠠᠶᠢᠴᠠᠭᠠᠬᠤ ᠪᠠᠶᠢᠭᠤᠯᠤᠯᠭ᠎ᠠ ᠪᠣᠯ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ  ᠪᠤᠯᠬᠤ  ᠲᠤᠯᠠ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ ᠢᠷᠠᠭᠤ  ᠠᠯᠳᠠᠷᠲᠤ  ᠡᠭᠦᠷᠭᠡ ᠶᠢ  ᠡᠭᠦᠷᠭᠡᠯᠡᠵᠦ  ᠪᠠᠶᠢᠨ᠎ᠠ᠂  ᠡᠷᠬᠡᠪᠰᠢ ᠲᠤᠶᠢᠯ ᠤᠨ ᠦᠨᠡᠨᠴᠢ ᠰᠢᠳᠤᠷᠭᠤ᠂ ᠲᠤᠶᠢᠯ ᠤᠨ  ᠨᠠᠶᠢᠳᠠᠪᠤᠷᠢᠲᠠᠢ᠂  ᠲᠤᠶᠢᠯ  ᠤᠨ  ᠴᠡᠪᠡᠷ  ᠠᠷᠢᠭᠤᠨ  ᠪᠠᠶᠢᠬᠤ ᠶᠢ  ᠢᠮᠠᠭᠲᠠ ᠪᠡᠶᠡᠯᠡᠭᠦᠯᠬᠦ ᠬᠡᠷᠡᠭᠲᠡᠢ︾᠂ ︽ᠨᠠᠮ ᠤᠨ ᠲᠥᠪ ᠬᠤᠷᠢᠶ᠎ᠠ ᠳᠤ  ᠢᠳᠡᠭᠡᠯᠲᠡᠢ᠂  ᠠᠷᠠᠳ  ᠤᠯᠠᠨ  ᠬᠠᠨᠤᠮᠵᠢᠲᠠᠢ  ᠰᠠᠬᠢᠯᠭ᠎ᠠ  ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠬᠴᠢ ᠴᠡᠷᠢᠭ ᠠᠩᠭᠢ ᠶᠢ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃                ︽ᠶᠡᠷᠦᠩᠬᠡᠢ ᠱᠦᠵᠢ ᠰᠢ ᠶᠢᠨ ᠫᠢᠩ ᠰᠠᠬᠢᠯᠭ᠎ᠠ ᠪᠠᠲᠤ ᠪᠠᠶᠢᠴᠠᠭᠠᠬᠤ  ᠬᠢᠨᠠᠨ  ᠪᠠᠶᠢᠴᠠᠭᠠᠬᠤ  ᠺᠠᠳ᠋ᠷ ᠤᠨ  ᠡᠩᠨᠡᠭᠡ ᠳᠤ ᠨᠠᠨᠳᠢᠨ ᠬᠦᠰᠡᠯ ᠨᠠᠶᠢᠳᠠᠯᠭ᠎ᠠ ᠲᠠᠯᠪᠢᠵᠤ᠂ ᠲᠣᠳᠣᠷᠬᠠᠢ  ᠱᠠᠭᠠᠷᠳᠠᠯᠭ᠎ᠠ  ᠳᠤᠷᠠᠳᠴᠠᠢ᠃  ᠪᠢᠳᠡ  ᠶᠡᠷᠦᠩᠬᠡᠢ  ᠱᠦᠵᠢ ᠶᠢᠨ  ᠴᠢᠩ ᠰᠡᠳᠬᠢᠯ ᠤᠨ ᠰᠤᠷᠭᠠᠯ ᠢ ᠪᠠᠲᠤ ᠴᠡᠭᠡᠵᠢᠯᠡᠵᠦ᠂ ᠰᠠᠬᠢᠯᠭ᠎ᠠ  ᠪᠠᠲᠤ  ᠪᠠᠶᠢᠴᠠᠭᠠᠬᠤ  ᠬᠢᠨᠠᠨ  ᠪᠠᠶᠢᠴᠠᠭᠠᠬᠤ  ᠺᠠᠳ᠋ᠷ ᠤᠨ  ᠡᠩᠨᠡᠭᠡ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠴᠢᠩᠭᠠᠳᠬᠠᠬᠤ ᠶᠢ ᠥᠨᠢᠳᠡ ᠶᠢᠨ ᠰᠡᠳᠦᠪ ᠪᠣᠯᠭᠠᠵᠤ᠂  ᠰᠢ ᠶᠢᠨ  ᠫᠢᠩ ᠤᠨ  ᠰᠢᠨ᠎ᠡ ᠴᠠᠭ  ᠦᠶ᠎ᠡ ᠶᠢᠨ  ᠳᠤᠮᠳᠠᠳᠤ  ᠤᠯᠤᠰ ᠤᠨ  ᠣᠨᠴᠠᠯᠢᠭ ᠲᠠᠢ  ᠨᠡᠶᠢᠭᠡᠮ  ᠵᠢᠷᠤᠮ ᠤᠨ  ᠦᠵᠡᠯ   ᠰᠠᠨᠠᠭ᠎ᠠ ᠶᠢ   ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ᠂ ᠰᠠᠬᠢᠯᠭ᠎ᠠ ᠪᠠᠲᠤ ᠪᠠᠶᠢᠴᠠᠭᠠᠬᠤ  ᠬᠢᠨᠠᠨ  ᠪᠠᠶᠢᠴᠠᠭᠠᠬᠤ  ᠺᠠᠳ᠋ᠷ ᠤᠨ  ᠡᠩᠨᠡᠭᠡ ᠶᠢ ᠬᠥᠮᠦᠵᠢᠭᠦᠯᠦᠨ ᠴᠡᠭᠴᠡᠯᠡᠭᠰᠡᠨ ᠦᠷ᠎ᠡ ᠪᠦᠲᠦᠭᠡᠯ ᠢ  ᠦᠷᠭᠦᠯᠵᠢᠯᠡᠨ  ᠪᠠᠬᠢᠵᠢᠭᠦᠯᠦᠨ  ᠥᠷᠭᠡᠳᠬᠡᠵᠦ᠂  ᠦᠵᠡᠯ  ᠰᠠᠨᠠᠭ᠎ᠠ ᠪᠠᠨ ᠴᠡᠪᠡᠷᠰᠢᠭᠦᠯᠬᠦ᠂ ᠵᠣᠬᠢᠶᠠᠨ ᠪᠠᠶᠢᠭᠤᠯᠤᠯᠲᠠ ᠪᠠᠨ ᠴᠡᠪᠡᠷᠰᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠲᠥᠪ  ᠬᠤᠷᠢᠶ᠎ᠠ ᠳᠤ ᠢᠳᠡᠭᠡᠯᠲᠡᠢ᠂ ᠠᠷᠠᠳ ᠤᠯᠠᠨ ᠬᠠᠨᠤᠮᠵᠢᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ︾ ᠭᠡᠵᠦ ᠯᠢᠦ ᠬᠠᠶ ᠴᠢᠤᠸᠠᠨ ᠬᠡᠯᠡᠪᠡ᠃                ᠶᠡᠷᠦᠩᠬᠡᠢ ᠱᠦᠵᠢ ᠰᠢ ᠶᠢᠨ ᠫᠢᠩ᠄ ᠰᠠᠬᠢᠯᠭ᠎ᠠ ᠪᠠᠲᠤ ᠪᠠᠶᠢᠴᠠᠭᠠᠬᠤ  ᠬᠢᠨᠠᠨ  ᠪᠠᠶᠢᠴᠠᠭᠠᠬᠤ  ᠺᠠᠳ᠋ᠷ ᠤᠨ  ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠢ ᠲᠤᠶᠢᠳᠦᠭᠴᠢ ᠶᠢ  ᠠᠷᠢᠯᠭᠠᠬᠤ  ᠠᠵᠢᠯ  ᠢ  ᠪᠠᠶᠢᠡᠭᠭᠤᠵᠢᠭᠤᠯᠵᠤ᠂  ︽ᠳᠡᠷᠭᠡᠳᠡᠬᠢ ᠠᠰᠠᠭᠤᠳᠠᠯ ᠢᠶᠠᠨ ᠤᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ ᠵᠠᠰᠠᠵᠤ᠂ ᠥᠪᠡᠷ ᠤᠨ  ᠪᠡᠶ᠎ᠡ ᠳᠡᠭᠡᠨ  ᠬᠤᠪᠢᠰᠬᠠᠯ ᠬᠢᠬᠦ ᠦᠯᠢᠭᠡᠷ ᠳᠠᠭᠤᠷᠢᠶᠠᠯ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ  ᠰᠠᠬᠢᠬᠤ  ᠬᠡᠪ  ᠳᠠᠭᠤᠷᠢᠶᠠᠯ  ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃                ᠭᠦᠩ ᠲᠠᠩ ᠬᠤᠸᠠ ᠬᠡᠯᠡᠬᠦ ᠳᠡᠭᠡᠨ᠂ ᠦᠵᠡᠯ ᠰᠠᠨᠠᠭᠠᠨ ᠤ ᠲᠠᠯ᠎ᠠ ᠪᠠᠷ ᠴᠢᠩᠭ᠎ᠠ  ᠪᠠᠶᠢᠵᠤ᠂  ︽ᠨᠢᠭᠡᠳᠦᠭᠡᠷ  ᠵᠥᠪᠯᠡᠬᠦ ᠵᠦᠢᠯ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ  ᠰᠠᠨᠠᠭ᠎ᠠ ᠶᠢ  ᠦᠨᠡᠨ  ᠰᠡᠳᠬᠢᠯ ᠠᠴᠠ ᠪᠠᠨ  ᠭᠦᠨᠵᠡᠭᠡᠢ  ᠰᠤᠷᠤᠯᠴᠠᠨ  ᠨᠠᠷᠢᠨ ᠣᠶᠢᠯᠠᠭᠠᠵᠤ᠂ ᠲᠤᠶᠢᠯ ᠤᠨ ᠦᠨᠡᠨᠴᠢ ᠰᠢᠳᠤᠷᠭᠤ᠂ ᠲᠤᠶᠢᠯ ᠤᠨ  ᠨᠠᠶᠢᠳᠠᠪᠤᠷᠢᠲᠠᠢ᠂  ᠲᠤᠶᠢᠯ  ᠤᠨ  ᠴᠡᠪᠡᠷ  ᠠᠷᠢᠭᠤᠨ  ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠴᠢᠳᠠᠪᠤᠷᠢ ᠶᠢᠨ ᠲᠠᠯ᠎ᠠ ᠪᠠᠷ ᠴᠢᠩᠳᠠᠯᠠᠵᠤ᠂ ᠭᠦᠨᠵᠡᠭᠡᠢ ᠰᠤᠷᠤᠯᠴᠠᠬᠤ᠂ ᠪᠣᠳᠠᠲᠠᠢ ᠪᠠᠶᠢᠴᠠᠭᠠᠨ ᠰᠤᠳᠤᠯᠬᠤ᠂ ᠨᠠᠶᠢᠳᠠᠪᠤᠷᠢᠵᠢᠭᠤᠯᠤᠯᠳᠠ ᠶᠢ ᠠᠳᠬᠤᠬᠤ ᠠᠵᠢᠯ ᠤᠨ ᠲᠣᠭᠲᠠᠴᠠ ᠶᠢ  ᠰᠠᠶᠢᠲᠤᠷ  ᠬᠡᠷᠡᠭᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠨᠢᠭᠡᠳᠦᠭᠡᠷ ᠹᠷᠣᠨᠲ ᠲᠤ ᠺᠠᠳ᠋ᠷ ᠢ ᠳᠠᠪᠲᠠᠨ  ᠪᠣᠯᠪᠠᠰᠤᠷᠠᠭᠤᠯᠵᠤ᠂  ᠴᠢᠳᠠᠮᠠᠭᠠᠢ  ᠲᠡᠮᠡᠴᠡᠬᠦ ᠨᠢᠷᠤᠭᠤ ᠲᠤᠯᠭᠠᠭᠤᠷᠢ᠂ ᠬᠠᠳᠠᠭᠤ ᠮᠥᠷᠥ᠂ ᠵᠢᠩᠬᠢᠨᠢ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ︔  ᠰᠤᠷᠲᠠᠯ ᠤᠨ  ᠲᠠᠯ᠎ᠠ ᠪᠠᠷ ᠴᠢᠩᠳᠠᠯᠠᠵᠤ᠂ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠪᠠᠶᠢᠴᠠᠭᠠᠵᠤ  ᠪᠠᠶᠢᠴᠠᠭᠠᠯᠲᠠ  ᠬᠢᠬᠦ᠂  ᠬᠠᠷᠢᠭᠤᠴᠠᠯᠭ᠎ᠠ  ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠵᠡᠷᠭᠡ ᠡᠯ᠎ᠡ ᠵᠦᠢᠯ ᠤᠨ ᠠᠵᠢᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ  ᠶᠣᠰᠣᠭᠠᠷ ᠥᠷᠨᠢᠭᠦᠯᠵᠦ᠂  ᠢᠷ ᠢ  ᠳᠣᠲᠣᠭᠰᠢ  ᠬᠠᠨᠳᠤᠭᠤᠯᠬᠤ ᠶᠢ  ᠪᠠᠷᠢᠮᠲᠠᠯᠠᠵᠤ᠂  ᠴᠢᠩᠭ᠎ᠠ  ᠬᠠᠮᠢᠶᠠᠷᠬᠤ   ᠲᠦᠷᠢᠮ   ᠲᠣᠭᠲᠠᠴᠠ ᠶᠢ ᠪᠦᠷᠢᠨᠰᠢᠬᠦᠯᠵᠤ᠂ ᠦᠨᠡᠨᠴᠢ ᠰᠢᠳᠤᠷᠭᠤ ᠬᠠᠮᠠᠭᠠᠯᠠᠭᠴᠢ ᠪᠣᠯᠤᠨ᠎ᠠ ᠭᠡᠪᠡ᠃                ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ᠃               ᠬᠤᠷᠠᠯ ᠳᠤ ᠣᠷᠣᠯᠴᠠᠭᠰᠠᠨ ᠨᠥᠬᠦᠳ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠰᠠᠨ︾ ᠢ  ᠡᠷᠡᠰ  ᠬᠦᠷᠢᠶᠡᠯᠡᠵᠦ᠂  ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠢ ᠪᠦᠬᠦ  ᠲᠠᠯ᠎ᠠ ᠪᠠᠷ  ᠴᠢᠩᠭ᠎ᠠ  ᠵᠠᠰᠠᠬᠤ᠂  ᠨᠠᠮ ᠤᠨ  ᠥᠪᠡᠷ ᠤᠨ  ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠵᠤ᠂  ᠳᠤᠮᠳᠠᠳᠤ  ᠤᠯᠤᠰ ᠤᠨ  ᠮᠠᠶ᠋ᠢᠭ ᠤᠨ  ᠣᠳᠣᠬᠢᠴᠢᠯᠠᠯᠲᠠ ᠪᠠᠷ  ᠤᠯᠤᠰ  ᠢᠶᠠᠨ ᠬᠦᠴᠦᠷᠭᠡᠭᠵᠢᠭᠦᠯᠭᠦ ᠪᠠᠶᠢᠭᠤᠯᠤᠯᠳᠠ᠂  ᠦᠨᠳᠦᠰᠦᠲᠡᠨ ᠤ  ᠰᠡᠷᠭᠦᠨ  ᠮᠠᠨᠳᠤᠯᠲᠠ ᠶᠢᠨ  ᠠᠭᠤᠤ  ᠦᠢᠯᠡᠰ ᠢ  ᠪᠦᠬᠦ  ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃  
ᠢᠷᠡᠯᠲᠡ᠄ ᠠᠷᠠᠳ ᠤᠨ ᠮᠤᠩᠭᠤᠯ ᠰᠦᠯᠵᠢᠶ᠎ᠡ