ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠪᠠ ᠲᠡᠭᠦᠨ ᠳᠤ ᠦᠢᠯᠡᠴᠢᠯᠡᠶ᠎ᠠ
ᠨᠡᠶᠢᠲᠡᠯᠡᠭᠰᠡᠨ ᠴᠠᠭ᠄
2024/2/26
                                        ᠰᠢᠨᠬᠤᠸᠠ ᠬᠤᠷᠢᠶᠠᠨ ᠤ ᠰᠤᠷᠪᠤᠯᠵᠢᠯᠠᠭᠴᠢ        — ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠤᠯᠤᠰ ᠲᠥᠷᠥ ᠬᠠᠤᠯᠢ ᠴᠠᠭᠠᠵᠠ ᠶᠢᠨ ᠹᠷᠣᠨᠲ ᠤᠨ ᠦᠷᠭᠦᠯᠵᠢᠯᠡᠨ ᠡᠷᠡᠮᠡᠭᠡᠶᠢᠯᠡᠨ ᠤᠷᠤᠭᠰᠢᠯᠠᠬᠤ ᠳᠤ ᠴᠢᠭᠯᠡᠯ ᠢ ᠵᠢᠭᠠᠵᠤ ᠥᠭᠪᠡ        ︽ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠪᠠ ᠲᠡᠭᠦᠨ ᠳᠤ ᠦᠢᠯᠡᠴᠢᠯᠡᠵᠦ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ︾᠃ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ 1 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃       ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠲᠤ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠡᠦᠬᠡᠲᠦ ᠡᠭᠦᠷᠭᠡ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠵᠢᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠤ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠬᠤ ᠳᠤ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠰᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠬᠡᠷᠡᠭᠲᠡᠶ ᠭᠡᠵᠦ ᠢᠯᠡᠳᠭᠡᠵᠡᠭᠡᠪᠡ᠃       ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠭᠠᠳ ᠰᠢᠨ᠎ᠡ ᠦᠷ᠎ᠡ ᠪᠦᠲᠦᠮᠵᠢ ᠣᠯᠵᠠᠢ᠃ ︽ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠨᠢ ᠪᠢᠳᠡᠨ ᠤ ᠢᠲᠡᠭᠡᠯ ᠵᠣᠷᠢᠭ ᠢ ᠬᠥᠪᠴᠢᠯᠡᠵᠡᠢ︾᠃ ᠲᠤᠬᠠᠶ ᠶᠢᠨ ᠲᠠᠯᠠᠪᠠᠶ ᠳᠤ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠬᠤ ᠶᠢ ᠰᠣᠨᠣᠰᠤᠭᠠᠳ ᠱᠠᠨ ᠰᠢ ᠮᠤᠵᠢ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠡᠳᠦᠷ ᠲᠤᠲᠤᠮ ᠤᠨ ᠠᠵᠢᠯ ᠢ ᠡᠷᠭᠢᠯᠡᠬᠦ ᠳᠡᠳ᠋ ᠱᠦᠵᠢ ᠮᠢᠶᠣᠣ ᠸᠧᠶ ᠲᠦᠢᠯ ᠢᠶᠠᠷ ᠤᠷᠮᠠᠰᠢᠨ ᠵᠣᠷᠢᠭᠵᠢᠵᠤ᠂ ︽ᠪᠢᠳᠡ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠡᠬᠦ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠭᠦ ᠲᠠᠯ᠎ᠠ ᠪᠠᠷ ᠨᠠᠩ ᠶᠡᠭᠡ ᠬᠦᠴᠦ ᠣᠷᠣᠭᠤᠯᠵᠤ᠂ ᠨᠠᠩ ᠶᠡᠭᠡ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ︾ ᠭᠡᠪᠡ᠃ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃       ᠶᠡᠷᠦᠩᠬᠡᠢ ᠱᠦᠵᠢ ᠰᠢ ᠶᠢᠨ ᠫᠢᠩ᠄ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠤᠯᠤᠰ ᠲᠦᠷᠦ ᠶᠢᠨ ᠰᠡᠷᠭᠡᠭ ᠴᠢᠨᠠᠷ ᠪᠣᠯᠤᠨ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠶᠢᠨ ᠺᠠᠳ᠋ᠷ ᠴᠠᠭᠳᠠᠭ᠎ᠠ᠂ ᠤᠯᠤᠰ ᠤᠨ ᠠᠮᠤᠷ ᠲᠦᠪᠰᠢᠨ ᠤ ᠪᠠᠶᠢᠭᠤᠯᠤᠯᠭ᠎ᠠ ᠶᠢᠨ ᠤᠯᠤᠰ ᠲᠥᠷᠥ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠲᠡᠮᠡᠴᠡᠯ ᠤᠨ ᠪᠠᠶᠢᠳᠠᠯ ᠤᠨ ᠡᠮᠦᠨ᠎ᠡ᠂ ᠳᠡᠯᠡᠬᠡᠶ ᠶᠢᠨ ᠪᠠᠶᠢᠳᠠᠯ᠂ ᠤᠯᠤᠰ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠴᠠᠭ ᠢᠮᠠᠭᠲᠠ ᠦᠪᠴᠢ ᠬᠤᠶᠠᠬᠯᠠᠨ ᠦᠦᠷ ᠴᠠᠶᠢᠯᠭᠠᠬᠤ ᠲᠠᠶᠢᠨ ᠳᠤ ᠪᠡᠯᠡᠳᠭᠡᠭᠦ ᠲᠡᠮᠡᠴᠡᠯ ᠤᠨ ᠪᠠᠶᠢᠳᠠᠯ ᠢᠶᠠᠨ ᠬᠠᠳᠠᠭᠠᠯᠠᠵᠤ᠂ ᠤᠯᠤᠰ ᠤᠨ ᠠᠮᠤᠷ ᠲᠦᠪᠰᠢᠨ ᠤ ᠪᠣᠯᠣᠳ ᠬᠡᠷᠡᠮ ᠢ ᠪᠠᠲᠤ ᠴᠣᠭᠴᠠᠯᠠᠨ᠎ᠠ ᠭᠡᠵᠦ ᠰᠠᠨᠠᠯ ᠨᠢᠭᠡᠲᠡᠢ ᠬᠡᠯᠡᠪᠡ᠃ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ  ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠳᠤ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠰᠢᠢᠳᠪᠦᠷᠢᠯᠡᠬᠦ ᠬᠠᠤᠯᠢ ᠪᠠᠷ ᠵᠠᠰᠠᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠢ ᠭᠦᠢᠴᠡᠳ ᠳᠠᠶᠢᠴᠢᠯᠠᠨ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ ᠲᠦᠮᠡᠨ ᠤ ᠥᠪᠡᠷ ᠤᠨ ᠤᠴᠢᠷ ᠶᠠᠪᠤᠳᠠᠯ ᠢ ᠰᠢᠢᠳᠪᠦᠷᠢᠯᠡᠬᠦ ᠴᠢᠬᠤᠯᠠᠲᠠᠢ ᠶᠤᠮ᠃ ᠤᠢᠢᠷ᠎ᠠ ᠶᠢᠨ ᠵᠢᠯ ᠠᠴᠠ᠂ ᠵᠢᠶᠠᠩᠰᠢ ᠶᠢᠨ ᠨᠠᠨᠴᠠᠩ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠨᠠᠭᠠᠴᠤ ᠶᠢᠨ ᠡᠶᠡᠳᠡᠭᠦᠯᠬᠦ ᠲᠠᠰᠤᠭ︾᠂ ︽ᠲᠣᠰᠬᠤᠨ ᠤ ᠠᠷᠠᠳ ᠤᠨ ᠬᠡᠷᠡᠭ ᠡᠷᠬᠢᠯᠡᠭᠴᠢᠳ ᠤᠨ ᠬᠤᠷᠠᠯ︾ ᠵᠡᠷᠭᠡ ᠡᠶᠡᠳᠡᠭᠦᠯᠬᠦ ᠲᠦᠷᠦᠯ ᠲᠡᠮᠳᠡᠭ ᠢ ᠪᠠᠶᠢᠭᠤᠯᠵᠤ᠂ 2023 ᠣᠨ ᠳᠤ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠡᠶᠢᠳᠡ 7.7 ᠲᠦᠮᠡ ᠭᠠᠷᠤᠢ ᠤᠳᠠᠭ᠎ᠠ ᠰᠢᠢᠳᠪᠦᠷᠢᠯᠡᠪᠡ᠃ ᠨᠠᠨᠴᠠᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠧᠨ ᠫᠧᠩ ᠬᠤᠢ᠄ ︽ᠰᠢᠨ᠎ᠡ ᠴᠠᠭ ᠦᠶ᠎ᠡ ᠶᠢᠨ ︿ᠹᠧᠩ ᠴᠢᠶᠣᠤ ᠶᠢᠨ ᠲᠤᠷᠰᠢᠯᠭ᠎ᠠ﹀ ᠶᠢ ᠪᠠᠷᠢᠮᠲᠠᠯᠠᠨ ᠬᠥᠭᠵᠢᠭᠦᠯᠵᠦ᠂ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠦ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠪᠠ᠃       ᠪᠢᠳᠡ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠦ ᠪᠦᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠵᠦ᠂ ᠤᠶᠤᠨ ᠤᠬᠠᠭᠠᠨ ᠬᠦᠴᠦᠨ ᠴᠢᠳᠠᠯ ᠢ ᠰᠠᠶᠢᠲᠤᠷ ᠨᠢᠭᠲᠠᠷᠠᠭᠤᠯᠵᠤ᠂ ᠨᠡᠶᠢᠭᠡᠮ ᠤᠨ ᠡᠶ᠎ᠡ ᠲᠣᠭᠲᠠᠭᠤᠨ ᠢ ᠡᠷᠡᠰ ᠬᠠᠮᠠᠭᠠᠯᠠᠨ᠎ᠠ︾ ᠭᠡᠪᠡ᠃ ᠲᠥᠪ ᠭᠤᠣᠯᠴᠢ ᠰᠢᠳᠤᠷᠭᠤ ᠶᠣᠰᠣ ᠪᠣᠯ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠠᠮᠢᠨ ᠰᠤᠳᠠᠰᠤ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠬᠤ᠂ ᠤᠯᠤᠰ ᠤᠨ ᠬᠠᠤᠯᠢ ᠶᠢᠨ ᠵᠠᠰᠠᠯᠳᠠ ᠶᠢᠨ ᠨᠢᠭᠡᠳᠦᠯ ᠢ ᠬᠠᠮᠠᠭᠠᠯᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ ︽ᠪᠢᠳᠡ ᠠᠭᠤᠴᠢᠯᠠᠬᠤ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠤᠤᠱᠯᠠᠭᠤᠯᠵᠤ᠂ ᠬᠡᠷᠡᠭ ᠨᠢᠭᠡ ᠪᠦᠷᠢ ᠶᠢ ᠥᠨᠳᠥᠷ ᠪᠦᠲᠦᠮᠵᠢᠲᠡᠢ ᠰᠠᠶᠢᠲᠤᠷ ᠰᠢᠢᠳᠪᠦᠷᠢᠯᠡᠬᠦ ᠪᠠᠷ ᠦᠨᠳᠦᠰᠦᠨ ᠦᠷᠳᠡᠭ ᠤᠨ ᠬᠥᠭᠡᠭᠡᠴᠡᠯᠳᠦᠯ ᠢᠶᠠᠨ ᠪᠣᠯᠭᠠᠵᠤ᠂ ᠡᠷᠡᠭᠦᠦ ᠶᠢᠨ ᠵᠠᠷᠭᠤ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠡᠷᠬᠡ ᠶᠢᠨ ᠠᠵᠢᠯᠯᠠᠭᠠᠨ ᠢ ᠬᠢᠵᠠᠭᠠᠷᠯᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠭᠤᠰᠤᠯᠴᠠᠭᠤᠯᠬᠤ ᠪᠠ ᠦᠢᠯᠡᠴᠢᠯᠡᠨ᠎ᠡ︾ ᠭᠡᠵᠦ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠢᠭᠡᠳᠦᠭᠡᠷ ᠪᠠᠶᠢᠴᠠᠭᠠᠬᠤ ᠲᠢᠩᠬᠢᠮ ᠤᠨ ᠳᠡᠳ᠋ ᠳᠠᠷᠤᠭ᠎ᠠ ᠯᠦᠸᠧ ᠴᠢᠩ ᠳ᠋ᠦᠩ ᠬᠡᠯᠡᠪᠡ᠃ 2023 ᠣᠨ ᠳᠤ᠂ ᠬᠠᠤᠯᠢ ᠴᠠᠭᠠᠵᠠ ᠶᠢᠨ ᠶᠠᠮᠤᠨ 51 ᠬᠤᠪᠢ ᠬᠠᠤᠯᠢ ᠲᠣᠭᠲᠠᠭᠠᠬᠤ ᠲᠥᠷᠥᠯ ᠵᠦᠢᠯ ᠢ ᠬᠢᠨᠠᠨ ᠪᠠᠶᠢᠴᠠᠭᠠᠵᠤ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 96.2% ᠢᠶᠠᠷ ᠨᠡᠮᠡᠭᠳᠡᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃        ᠬᠠᠤᠯᠢ ᠴᠠᠭᠠᠵᠠ ᠶᠢᠨ ᠶᠠᠮᠤᠨ ᠤ ᠬᠠᠤᠯᠢ ᠶᠢᠨ ᠵᠠᠰᠠᠯᠳᠠ ᠶᠢᠨ ᠪᠠᠶᠢᠴᠠᠭᠠᠨ ᠰᠤᠳᠤᠯᠤᠯᠲᠠ ᠶᠢᠨ ᠲᠣᠪᠴᠢᠶᠠᠨ ᠤ ᠳᠠᠷᠤᠭ᠎ᠠ ᠬᠦ᠋ ᠲᠢᠩ ᠬᠠᠢ᠄ ︽ᠪᠢᠳᠡ ᠬᠠᠤᠯᠢ ᠲᠣᠭᠲᠠᠭᠠᠬᠤ ᠶᠢ ᠬᠢᠨᠠᠨ ᠪᠠᠶᠢᠴᠠᠭᠠᠬᠤ ᠪᠣᠭᠤᠮᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠲᠣᠭᠲᠠᠭᠠᠯ ᠲᠦᠷᠢᠮ ᠲᠣᠭᠲᠠᠭᠠᠯ ᠢ ᠳᠠᠩᠰᠠᠯᠠᠭᠤᠯᠤᠨ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠬᠠᠤᠯᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠬᠠᠤᠯᠢ ᠶᠢᠨ ᠵᠠᠰᠠᠯᠳᠠ ᠶᠢᠨ ᠨᠢᠭᠡᠳᠦᠯ ᠢ ᠡᠷᠡᠰ ᠬᠠᠮᠠᠭᠠᠯᠠᠨ᠎ᠠ︾ ᠭᠡᠪᠡ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠪᠣᠯ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠠᠩᠭᠢᠯᠠᠭ᠎ᠠ ᠮᠥᠨ᠃ ᠾᠧᠨᠠᠨ ᠤ ᠵᠧᠩᠵᠧᠦ ᠶᠢᠨ ᠭᠤᠸᠠᠨᠴᠧᠩ ᠬᠤᠲᠣᠩ ᠦᠨᠳᠦᠰᠦᠲᠡᠨ ᠤ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠣᠷᠣᠯᠠᠭᠴᠢ ᠳᠠᠷᠤᠭ᠎ᠠ ᠭᠦᠸᠧ ᠰᠢᠶᠤᠤ ᠺᠦᠨ᠄ ︽ᠪᠢᠳᠡ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ ᠢᠵᠢ ᠪᠦᠷᠢᠳᠦᠬᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠨᠠᠷᠢᠯᠢᠭ ᠤᠨᠤᠴᠠᠳᠠᠢ ᠰᠢᠭᠦᠨ ᠲᠠᠰᠤᠯᠬᠤ ᠬᠠᠮᠢᠶᠠᠷᠤᠯᠲᠠ ᠶᠢᠨ ᠲᠣᠭᠲᠠᠴᠠ ᠪᠣᠯᠤᠨ ᠬᠠᠤᠯᠢ ᠪᠠᠷᠢᠬᠤ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠡᠷᠬᠡ ᠬᠠᠷᠢᠭᠤᠴᠠᠯᠭ᠎ᠠ ᠶᠢᠨ ᠨᠢᠭᠡᠳᠦᠯ ᠢ ᠦᠨᠡᠨ ᠬᠦ ᠪᠠᠲᠤᠯᠠᠵᠤ᠂ ︿ᠰᠢᠭᠦᠭᠴᠢ ᠪᠠᠷ ᠲᠠᠰᠤᠯᠤᠨ ᠲᠣᠭᠲᠠᠭᠠᠯᠭᠠᠵᠤ᠂ ᠲᠠᠰᠤᠯᠤᠨ ᠲᠣᠭᠲᠠᠭᠠᠭᠴᠢ ᠪᠠᠷ ᠬᠠᠷᠢᠭᠤᠴᠠᠭᠤᠯᠬᠤ﹀ ᠶᠢ ᠦᠨᠡᠨ ᠬᠦ ᠪᠡᠶᠡᠯᠡᠭᠦᠯᠦᠨ᠎ᠡ︾ ᠭᠡᠪᠡ᠃ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ᠃ ᠶᠡᠷᠦᠩᠬᠡᠢ ᠱᠦᠵᠢ ᠰᠢ ᠶᠢᠨ ᠫᠢᠩ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠤᠯᠢ ᠶᠣᠰᠣᠭᠠᠷ ᠬᠠᠮᠠᠭᠠᠯᠠᠵᠤ᠂ ᠬᠠᠤᠯᠢ ᠪᠠᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠬᠠᠷᠢᠭᠤᠴᠠᠯᠭᠠᠲᠠᠨ ᠸᠠᠩ ᠰᠢᠶᠠᠩ ᠳ᠋ᠦᠩ ᠭᠦᠨ ᠲᠦᠷᠦᠭᠳᠡᠯ ᠲᠠᠢ ᠪᠠᠶᠢᠯ᠎ᠠ᠃       ᠲᠡᠷᠡ᠂ ᠥᠪᠥᠷ ᠮᠣᠩᠭᠤᠯ ᠤᠢᠢᠷ᠎ᠠ ᠶᠢᠨ ᠵᠢᠯ ᠠᠴᠠ ᠬᠠᠤᠯᠢ ᠪᠠᠷ ᠵᠠᠰᠠᠬᠰᠠᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠨᠠᠯ ᠪᠣᠯᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠬᠠᠤᠯᠢ ᠶᠤᠰᠤᠭᠠᠷ ᠴᠢᠩᠭᠠᠳᠬᠠᠬᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠪᠡ᠂ ᠵᠠᠯᠭᠠᠭᠠᠳ ᠦᠷᠭᠦᠯᠵᠢᠯᠡᠨ ᠬᠦᠴᠦᠯᠡᠵᠦ᠂ ᠬᠠᠤᠯᠢ ᠪᠠᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠬᠢᠨ ᠰᠢᠯᠢᠳᠡᠭᠵᠢᠭᠦᠯᠬᠦ ᠶᠢ ᠠᠬᠢᠭᠤᠯᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠥᠭᠵᠢᠭᠡᠬᠦ ᠬᠡᠷᠡᠭᠲᠡᠢ ᠭᠡᠪᠡ᠃ ᠬᠠᠮᠤᠭ ᠤᠨ ᠬᠠᠲᠠᠭᠤ ᠲᠡᠮᠦᠷ ᠢ ᠲᠠᠪᠳᠠᠬᠤ ᠳᠤ᠂ ᠡᠷᠭᠡᠪᠰᠢ ᠬᠠᠳᠠᠭᠤ ᠴᠢᠩᠭ᠎ᠠ ᠬᠥᠮᠦᠨ ᠪᠠᠶᠢᠬᠤ ᠬᠡᠷᠡᠭᠳᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠰᠢᠯᠭᠠᠷᠠᠭᠰᠠᠨ ᠡᠩᠨᠡᠭᠡ ᠪᠠᠶᠢᠬᠤ ᠬᠡᠷᠡᠭᠲᠡᠢ᠃ ︽ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠨᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠳᠤ ᠬᠦᠴᠦᠷᠬᠡᠭ ᠶᠡᠭᠡ ᠬᠦᠴᠦᠨ ᠨᠡᠮᠡᠷᠢᠯᠡᠵᠡᠢ︾ ᠭᠡᠵᠦ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠭᠤᠸᠠᠨ ᠶᠠᠨ ᠵᠢᠶᠧ ᠬᠡᠯᠡᠭᠰᠡᠨ ᠢᠶᠠᠨ ᠵᠠᠯᠭᠠᠭᠠᠳ᠄ ︽ᠪᠢᠳᠡ ᠤᠯᠤᠰ ᠲᠥᠷᠥ ᠶᠢᠨ ᠵᠢᠯᠣᠭᠤᠳᠤᠮᠵᠢ ᠪᠠᠨ ᠴᠢᠨᠠᠬᠰᠢᠳᠠ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠭᠡᠨ ᠰᠦᠨᠠᠰᠤ ᠪᠠᠨ ᠱᠤᠭᠤᠵᠤ᠂ ︿ᠳᠥᠷᠪᠡᠨ ᠲᠡᠮᠦᠷ ᠮᠡᠲᠦ ᠭᠠᠳᠠᠭᠤ﹀ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠦᠢᠯᠡᠰ ᠤᠨ ᠨᠠᠶᠢᠳᠠᠪᠤᠷᠢᠲᠠᠶ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ︾ ᠭᠡᠵᠦ ᠬᠡᠯᠡᠪᠡ᠃       ︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 14 ᠤ ᠡᠳᠦᠷ ᠤᠨ ᠮᠡᠳᠡᠭᠡ ᠰᠤᠷᠪᠤᠯᠵᠢᠯᠠᠭᠴᠢ ᠰᠢᠶᠦ᠋ᠩ ᠹᠸᠡᠭ᠂ ᠯᠦᠸᠧ ᠱᠠ᠂ ᠪᠠᠢ ᠶᠠᠩ᠂ ᠯᠢᠦ ᠱᠦᠸᠧ᠂ ᠹᠸᠡᠭ ᠵᠢᠶᠠ ᠱᠦᠨ᠂ ᠴᠢ ᠴᠢ︶ 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ