ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠬᠦᠢᠯᠭᠡᠭᠡᠨ ᠤ ᠰᠣᠶᠣᠯ ᠢ ᠢᠳᠡᠪᠬᠢᠲᠡᠶ ᠪᠤᠶᠢᠵᠢᠭᠤᠯᠰᠤᠭᠠᠢ
ᠨᠡᠶᠢᠲᠡᠯᠡᠭᠰᠡᠨ ᠴᠠᠭ᠄
2024/2/26
       — ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠲᠤᠬᠠᠶ ᠥᠭᠦᠯᠡᠬᠦ ᠨᠢ                                               ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ        ︽ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠬᠠᠤᠯᠢᠵᠢᠯ ᠪᠣᠯᠤᠨ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ︾᠃ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠤᠶᠢᠵᠢᠭᠤᠯᠤᠨ ᠪᠠᠳᠠᠷᠠᠭᠤᠯᠬᠤ ᠡᠨᠡ ᠬᠦ ᠴᠢᠬᠤᠯᠠ ᠶᠡᠭᠡ ᠰᠡᠳᠦᠪ ᠢ ᠲᠣᠳᠣᠷᠬᠠᠢ ᠲᠤᠷᠠᠳᠴᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠤᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃       ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ ᠤ ᠰᠦᠭ ᠰᠦᠨᠡᠰᠦ ᠮᠥᠨ᠃ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠵᠡᠷᠭᠡ ︽ᠬᠠᠲᠠᠭᠤ ᠪᠣᠳᠠᠲᠤ ᠬᠦᠴᠦᠨ︾ ᠤ ᠪᠠᠶᠢᠭᠤᠯᠤᠯᠲᠠ ᠶᠢ ᠴᠢᠩᠭᠠᠳᠬᠠᠬᠤ ᠪᠠᠷ ᠪᠠᠷᠠᠬᠤ ᠦᠭᠡᠢ᠂ ᠪᠠᠰᠠ ᠦᠷᠳᠡᠭ ᠤᠨ ᠦᠵᠡᠯᠲᠡ᠂ ᠠᠵᠢᠯᠯᠠᠭ᠎ᠠ ᠶᠢᠨ ᠵᠢᠷᠤᠮᠵᠢᠯ ᠵᠡᠷᠭᠡ ︽ᠵᠥᠭᠡᠯᠡᠨ ᠪᠣᠳᠠᠲᠤ ᠬᠦᠴᠦᠨ︾ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠢᠳᠡᠭ ᠢᠳᠡᠭ  ᠢᠶᠠᠷ ᠵᠠᠮᠨᠠᠪᠠ᠃ ︽ᠦᠨᠡᠨᠴᠢ ᠢᠲᠡᠭᠡᠮᠵᠢᠲᠡᠢ ᠪᠠᠶᠢᠵᠤ᠂ ᠬᠤᠷᠢᠭ᠎ᠠ ᠱᠤᠭᠤᠮ ᠢ ᠳᠠᠪᠠᠵᠦ ᠪᠤᠯᠬᠤ ᠦᠭᠡᠢ︔ ᠠᠰᠢᠭ ᠬᠤᠨᠵᠢᠪᠦᠷᠢ ᠶᠢ ᠰᠢᠳᠤᠷᠭᠤ ᠪᠠᠷ ᠤᠯᠵᠤ᠂ ᠠᠰᠢᠭ ᠬᠤᠨᠵᠢᠪᠦᠷᠢ ᠳᠤ ᠰᠢᠨᠤᠵᠦ ᠪᠤᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ ᠬᠥᠭᠡᠭᠡᠴᠡᠯᠳᠦᠵᠦ ᠪᠤᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠶ ᠪᠠᠶᠢᠳᠠᠯ ᠠᠴᠠ ᠰᠠᠯᠵᠤ ᠬᠡᠶᠢᠰᠪᠦᠷᠢ ᠵᠦᠢᠯ ᠢ ᠬᠥᠭᠡᠭᠡᠴᠡᠯᠳᠦᠵᠦ ᠪᠤᠯᠬᠤ ᠥᠬᠡᠶ︔ ᠬᠠᠤᠯᠢ ᠲᠣᠭᠲᠠᠭᠠᠯ ᠶᠣᠰᠣᠭᠠᠷ ᠬᠦᠢᠴᠡᠳᠭᠡᠵᠦ᠂ ᠰᠠᠨᠠᠭ᠎ᠠ ᠪᠠᠷ ᠢᠶᠠᠨ ᠰᠠᠪᠠᠵᠤ ᠵᠢᠯᠤᠭᠤ ᠪᠠᠷ ᠢᠶᠠᠨ ᠵᠤᠳᠤᠵᠤ ᠪᠤᠯᠬᠤ ᠦᠭᠡᠢ︾᠃       ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠡᠨᠡ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠨᠢ ᠮᠠᠨ ᠤ ᠨᠠᠮ ᠤᠨ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠤᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠬᠦᠨᠵᠡᠭᠡᠶᠢᠷᠡᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ︽ᠳᠤᠮᠳᠠᠳᠤ ᠤᠯᠤᠰ ᠤᠨ ᠣᠨᠴᠠᠯᠢᠭ︾ ᠭᠡᠬᠦ ᠡᠨᠡ ᠬᠦ ᠵᠠᠩᠭᠢᠯᠠᠭ᠎ᠠ ᠶᠢ ᠲᠤᠪᠤᠶᠢᠯᠭᠠᠬᠤ ᠬᠡᠷᠡᠭᠲᠡᠢ᠃ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠳᠤᠮᠳᠠᠳᠤ ᠶᠢᠨ ᠰᠣᠶᠣᠯ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠡᠯᠪᠡᠭ ᠪᠠᠶᠠᠯᠢᠭ ᠶᠣᠰᠣ ᠰᠤᠷᠲᠠᠬᠤᠨ ᠤ ᠡᠬᠢ ᠪᠠᠶᠠᠯᠢᠭ ᠠᠭᠤᠯᠤᠭᠳᠠᠵᠤ ᠪᠠᠶᠢᠳᠠᠭ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ ᠰᠢᠮ᠎ᠡ ᠲᠡᠵᠢᠭᠡᠯ ᠬᠦᠷᠳᠡᠬᠦ ᠪᠣᠯ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠤᠶᠢᠵᠢᠭᠤᠯᠬᠤ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠢᠲᠡᠭᠡᠮᠵᠢ ᠶᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ᠂ ᠮᠥᠩᠭᠦᠨ ᠭᠦᠢᠯᠭᠡᠭᠡᠨ ᠤ ᠠᠵᠢᠯ ᠲᠦᠷᠦᠯ ᠨᠢ ᠢᠲᠡᠭᠡᠮᠵᠢ ᠪᠠᠷ ᠰᠠᠭᠤᠷᠢ ᠪᠣᠯᠭᠠᠬᠤ ᠶᠢ ᠴᠢᠬᠤᠯᠠᠴᠢᠯᠠᠳᠠᠭ ᠪᠤᠯᠬᠤᠷ ᠡᠷᠬᠡᠪᠰᠢ ᠭᠡᠷ᠎ᠡ ᠶᠢᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︽ᠵᠢᠷᠤᠮ ᠢ ᠡᠷᠬᠢᠮᠯᠡᠵᠦ ᠠᠰᠢᠭ ᠣᠯᠤᠭᠰᠠᠳ ᠢᠷᠠᠭᠤ ᠠᠯᠳᠠᠷ ᠲᠠᠢ᠂ ᠵᠢᠷᠦᠮ ᠢ ᠲᠡᠷᠰᠯᠡᠵᠦ ᠠᠰᠢᠭ ᠣᠯᠤᠭᠰᠠᠳ ᠢᠴᠢᠭᠦᠷᠢ ᠭᠤᠲᠤᠮᠰᠢᠭ ᠲᠠᠢ︾᠂ ᠮᠥᠩᠭᠦᠨ ᠭᠦᠢᠯᠭᠡᠭᠡ ᠪᠣᠯ ᠴᠢᠳᠠᠮᠵᠢᠳᠤ ᠴᠢᠨᠠᠷ ᠪᠠ ᠠᠰᠢᠭ ᠤᠯᠬᠤ ᠴᠢᠨᠠᠷ ᠤᠨ ᠳᠠᠪᠬᠤᠷ ᠥᠪᠡᠷᠮᠢᠴᠡ ᠴᠢᠨᠠᠷ ᠲᠠᠢ ᠪᠠᠶᠢᠳᠠᠭ ᠪᠣᠯᠬᠤᠷ ᠡᠷᠬᠡᠪᠰᠢ ᠵᠢᠷᠤᠮ ᠢ ᠡᠷᠬᠢᠮᠯᠡᠨ ᠠᠰᠢᠭ ᠣᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃       ︽ᠬᠤᠷᠳᠤᠨ ᠢ ᠬᠦᠰᠡᠪᠡᠰᠦ ᠲᠦᠬᠡᠮᠡᠯ ᠦᠭᠡᠢ ᠪᠤᠯᠤᠮᠤᠢ᠂ ᠪᠠᠭ᠎ᠠ ᠰᠠᠭ᠎ᠠ ᠠᠰᠢᠭ ᠲᠤᠷ ᠤᠷᠤᠪᠠᠰᠤ ᠶᠡᠭᠡ ᠬᠡᠷᠡᠭ ᠦᠯᠦ ᠪᠦᠳᠦᠮᠦᠢ︾᠂ ᠮᠥᠩᠭᠦᠨ ᠭᠦᠢᠯᠭᠡᠭᠡᠨ ᠤ ᠦᠢᠯᠡᠰ ᠪᠣᠯ ᠣᠨᠴᠠᠭᠠᠢ ᠠᠶᠤᠯ ᠲᠦᠭᠰᠢᠭᠦᠷᠢ ᠶᠡᠬᠡᠲᠡᠢ ᠠᠵᠢᠯ ᠲᠦᠷᠦᠯ ᠪᠤᠯᠬᠤ ᠲᠤᠯᠠ ᠡᠷᠬᠡᠪᠰᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠡᠭᠦᠷᠢᠳᠡ ᠶᠢᠨ ᠭᠤᠣᠯ ᠰᠡᠳᠦᠪ ᠪᠣᠯᠭᠠᠬᠤ ᠶᠢ ᠢᠮᠠᠭᠲᠠ ᠪᠠᠷᠢᠮᠲᠠᠯᠠᠵᠦ᠂ ᠠᠪᠤᠨ ᠳᠣᠣᠷ᠎ᠠ ᠪᠠᠨ ᠠᠰᠢᠭ ᠤᠯᠬᠤ ᠪᠠᠷ ᠶᠠᠭᠠᠷᠠᠵᠤ ᠪᠣᠯᠬᠤ ᠦᠭᠡᠢ᠃ ︽ᠨᠢᠭᠡᠨ ᠡᠳᠦᠷ ᠰᠢᠨᠡᠳᠭᠡᠪᠡᠰᠦ᠂ ᠡᠳᠦᠷ ᠪᠦᠷᠢ ᠰᠢᠨᠡᠳᠴᠦ᠂ ᠡᠳᠦᠷ ᠠᠴᠠ ᠡᠳᠦᠷ ᠰᠢᠨᠠᠳᠤᠨ᠎ᠠ︾᠂ ᠰᠢᠨ᠎ᠡ ᠶᠢ ᠡᠭᠦᠳᠬᠦ ᠪᠣᠯ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠮᠥᠨ᠂ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠂ ᠭᠡᠪᠡᠴᠦ ᠰᠢᠨ᠎ᠡ ᠶᠢ ᠡᠭᠦᠳᠬᠦ ᠨᠡᠷ᠎ᠡ ᠪᠠᠷ ᠰᠣᠬᠤᠷ ᠪᠠᠯᠠᠢ ᠪᠠᠷ ᠳᠡᠯᠭᠡᠭᠦᠷ ᠨᠡᠭᠡᠭᠡᠵᠦ᠂ ᠪᠡᠯᠡ ᠮᠥᠩᠭᠦ ᠶᠢᠨ ᠳᠣᠲᠣᠭᠠᠳᠤ ᠶᠢᠨ ᠡᠷᠭᠢᠯᠲᠡ ᠶᠢ ᠶᠡᠭᠡ ᠪᠠᠷ ᠬᠢᠵᠦ᠂ ᠪᠣᠳᠠᠲᠠᠢ ᠠᠴᠠ ᠠᠩᠭᠢᠵᠢᠷᠠᠨ ᠬᠡᠶᠢᠰᠪᠦᠷᠢ ᠲᠡᠶᠢᠰᠢ ᠶᠠᠪᠤᠵᠤ ᠪᠣᠯᠬᠤ ᠦᠭᠡᠢ᠃ ︽ᠬᠠᠤᠯᠢ ᠬᠡᠮᠡᠭᠴᠢ ᠳᠡᠯᠡᠬᠡᠢ ᠳ᠋ᠠᠬᠢᠨ ᠤ ᠵᠢᠷᠤᠮ ᠪᠤᠯᠠᠢ᠂ ᠲᠦᠮᠡᠨ ᠶᠠᠪᠤᠳᠠᠯ ᠤᠨ ᠳᠦᠷᠢ ᠲᠥᠷᠬᠦ ᠪᠤᠯᠠᠢ︾᠂ ᠮᠥᠩᠭᠦᠨ ᠭᠦᠢᠯᠭᠡᠭᠡᠨ ᠤ ᠦᠢᠯᠡᠰ ᠨᠢ ᠵᠣᠭᠤᠰ ᠲᠠᠢ ᠬᠠᠷᠢᠯᠴᠠᠬᠤ ᠳᠠᠭᠠᠨ ᠠᠶᠠᠨᠳᠠᠭᠠᠨ ᠨᠡᠯᠢᠶᠡᠳ ᠥᠨᠳᠥᠷ ᠶᠣᠰᠣ ᠰᠤᠷᠲᠠᠬᠤᠨ ᠤ ᠠᠶᠤᠯ ᠲᠦᠭᠰᠢᠭᠦᠷᠢ᠂ ᠠᠵᠢᠯᠯᠠᠭᠠᠨ ᠤ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠳᠠᠭ ᠪᠤᠯᠬᠤᠷ ᠡᠷᠬᠡᠪᠰᠢ ᠬᠠᠤᠯᠢ ᠶᠣᠰᠣᠭᠠᠷ ᠡᠵᠡᠩᠨᠡᠬᠦ᠂ ᠲᠣᠭᠲᠠᠭᠠᠯ ᠳᠤ ᠨᠡᠶᠢᠴᠡᠭᠦᠯᠦᠨ ᠠᠵᠢᠯᠯᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠂ ᠳᠤᠷ᠎ᠠ ᠪᠠᠷ ᠢᠶᠠᠨ ᠦᠢᠯᠡᠳᠴᠦ᠂ ᠬᠤᠷᠢᠭ᠎ᠠ ᠱᠤᠭᠤᠮ ᠢ ᠳᠠᠪᠠᠵᠤ ᠪᠣᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃       ᠵᠠᠬ᠎ᠠ ᠳᠡᠯᠭᠡᠭᠦᠷ ᠤᠨ ᠲᠦᠷᠢᠮ ᠪᠣᠯᠤᠨ ᠲᠤᠬᠠᠶᠢᠯᠠᠭᠰᠠᠨ ᠠᠵᠢᠯ ᠤᠨ ᠬᠡᠪ ᠰᠤᠷᠲᠠᠯ ᠢ ᠪᠠᠲᠤ ᠰᠠᠬᠢᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠠᠭᠤᠰᠤᠯᠴᠠᠭᠤᠯᠵᠤ᠂ ᠴᠢᠳᠠᠪᠤᠷᠢ ᠰᠠᠶᠢᠳᠠᠢ᠂ ᠴᠢᠨᠠᠷ ᠰᠠᠶᠢᠳᠠᠢ᠂ ᠬᠠᠳᠠᠭᠤ ᠴᠢᠩᠭ᠎ᠠ ᠲᠦᠷᠢᠮ ᠲᠣᠭᠲᠠᠭᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠮᠠᠭᠲᠠ ᠬᠠᠭᠤᠷᠮᠠᠭ ᠲᠠᠩᠰᠠ ᠬᠢᠬᠦ ᠦᠭᠡᠢ᠂ ᠦᠨᠡᠨᠴᠢ ᠰᠢᠳᠤᠷᠭᠤ ᠪᠠᠷ ᠡᠵᠡᠩᠨᠡᠵᠦ᠂ ᠢᠲᠡᠭᠡᠯ ᠬᠦᠨᠳᠦ ᠪᠠᠨ ᠨᠠᠨᠳᠢᠩᠨᠠᠵᠤ᠂ ᠬᠤᠷᠢᠭ᠎ᠠ ᠱᠤᠭᠤᠮ ᠠᠴᠠ ᠳᠠᠪᠠᠭ᠋ᠤ ᠦᠭᠡᠢ ᠪᠠᠶᠢᠬᠤ ᠬᠡᠷᠡᠭᠲᠡᠢ᠃ ᠵᠢᠷᠤᠮ ᠪᠣᠯᠤᠨ ᠠᠰᠢᠭ ᠲᠤᠰᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠦᠷᠳᠡᠭ ᠪᠣᠯᠤᠨ ᠠᠰᠢᠭ ᠬᠤᠨᠵᠢᠪᠣᠷᠢ ᠶᠢ ᠡᠭᠦᠳᠦᠨ ᠪᠦᠲᠦᠭᠡᠵᠦ᠂ ᠠᠵᠤ ᠠᠬᠤᠢ ᠪᠣᠯᠤᠨ ᠮᠥᠩᠭᠦᠨ ᠭᠦᠢᠯᠭᠡᠭᠡ ᠬᠠᠮᠲᠤ ᠪᠠᠷ ᠣᠷᠣᠰᠢᠵᠤ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠂ ᠠᠰᠢᠭ ᠬᠤᠨᠵᠢᠪᠣᠷᠢ ᠳᠤ ᠰᠢᠨᠤᠬᠠᠶᠢᠷᠠᠵᠤ ᠪᠣᠯᠬᠤ ᠦᠭᠡᠢ᠃ ᠵᠥᠪ ᠡᠵᠡᠩᠨᠡᠯᠲᠡ ᠶᠢᠨ ᠦᠵᠡᠯᠲᠡ᠂ ᠠᠮᠵᠢᠯᠲᠠ ᠪᠦᠲᠦᠮᠵᠢ ᠶᠢᠨ ᠦᠵᠡᠯᠲᠡ᠂ ᠠᠶᠤᠯ ᠲᠦᠭᠰᠢᠭᠦᠷᠢ ᠶᠢᠨ ᠦᠵᠡᠯᠲᠡ ᠶᠢ ᠪᠤᠢ ᠪᠣᠯᠭᠠᠵᠤ᠂ ᠯᠠᠪᠳᠠᠭᠤᠨ ᠪᠣᠯᠭᠤᠮᠵᠢᠲᠠᠢ ᠪᠠᠷ ᠡᠵᠡᠩᠨᠡᠵᠦ᠂ ᠣᠳᠣᠬᠢ ᠪᠠᠶᠢᠳᠠᠯ ᠢ ᠦᠵᠡᠬᠦ ᠪᠠᠷ ᠪᠠᠷᠠᠬᠤ ᠦᠭᠡᠢ᠂ ᠨᠡᠩ ᠴᠤ ᠠᠯᠤᠰ ᠬᠤᠯᠠ ᠶᠢ ᠬᠠᠷᠠᠵᠤ᠂ ᠣᠬᠤᠷ ᠬᠤᠭᠤᠴᠠᠭᠠᠨ ᠤ ᠬᠡᠳᠦ ᠠᠰᠢᠭ ᠢ ᠬᠥᠭᠡᠭᠡᠴᠡᠯᠳᠦᠬᠦ ᠦᠭᠡᠢ᠂ ᠶᠠᠭᠠᠷᠠᠤ ᠭᠡᠨᠡᠨ ᠢᠶᠠᠷ ᠤᠷᠤᠭᠰᠢᠯᠠᠬᠤ ᠦᠭᠡᠢ᠂ ᠳᠠᠭᠠᠭᠠᠬᠤ ᠴᠢᠳᠠᠪᠤᠷᠢ ᠠᠴᠠ ᠪᠠᠨ ᠬᠡᠳᠦᠷᠡᠬᠦᠯᠦᠨ ᠬᠡᠳᠦ ᠭᠡᠨᠡᠨ ᠢᠶᠠᠷ ᠬᠢᠬᠦ ᠦᠭᠡᠢ ᠪᠠᠶᠢᠬᠤ ᠬᠡᠷᠡᠭᠲᠡᠢ᠃ ᠮᠥᠩᠭᠦᠨ ᠭᠦᠢᠯᠭᠡᠭᠡ ᠨᠢ ᠬᠡᠨ ᠳᠤ ᠦᠢᠯᠡᠴᠢᠯᠡᠬᠦ᠂ ᠬᠡᠨ ᠤ ᠲᠥᠯᠥᠭᠡ ᠰᠢᠨ᠎ᠡ ᠶᠢ ᠡᠭᠦᠳᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠨ ᠦᠢᠯᠡᠴᠢᠯᠡᠬᠦ᠂ ᠠᠷᠠᠳ ᠤᠯᠠᠨ ᠳᠤ ᠲᠦᠬᠦᠮ ᠦᠵᠡᠭᠦᠯᠬᠦ ᠶᠢᠨ ᠲᠤᠭᠤᠷᠢᠨ ᠳᠤ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠂ ᠬᠤᠳᠠᠯ ᠬᠠᠭᠤᠷᠮᠠᠭ ᠢᠶᠠᠷ ᠰᠢᠨ᠎ᠡ ᠶᠢ ᠡᠭᠦᠳᠴᠦ᠂ ᠳᠤᠷ᠎ᠠ ᠪᠠᠷ ᠢᠶᠠᠨ ᠰᠢᠨ᠎ᠡ ᠶᠢ ᠡᠭᠦᠳᠴᠦ ᠪᠣᠯᠬᠤ ᠦᠭᠡᠢ᠃ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠯᠠᠵᠤ᠂ ᠬᠢᠨᠠᠯᠲᠠ ᠬᠠᠮᠢᠶᠠᠷᠤᠯᠲᠠ ᠶᠢᠨ ᠵᠥᠪᠰᠢᠶᠡᠷᠡᠯ ᠤᠨ ᠬᠡᠪᠴᠢᠶᠡᠨ ᠳᠣᠲᠣᠷ᠎ᠠ ᠤᠬᠠᠮᠰᠠᠷ ᠠᠴᠠ ᠪᠠᠨ ᠬᠠᠤᠯᠢ ᠶᠣᠰᠣᠭᠠᠷ ᠡᠵᠡᠩᠨᠡᠬᠦ ᠬᠡᠷᠡᠭᠲᠡᠢ᠂ ᠬᠠᠤᠯᠢ ᠲᠣᠭᠲᠠᠭᠠᠯ ᠪᠠ ᠳᠦᠷᠢᠮ ᠤᠨ ᠵᠠᠢ ᠵᠠᠪᠰᠠᠷ ᠢ ᠳᠠᠯᠢᠮᠳᠠᠭᠤᠯᠵᠤ᠂ ᠬᠢᠨᠠᠯᠲᠠ ᠬᠠᠮᠢᠶᠠᠷᠤᠯᠲᠠ ᠠᠴᠠ ᠵᠠᠶᠢᠯᠠᠵᠤ ᠠᠰᠢᠭ ᠬᠥᠭᠡᠭᠡᠴᠡᠯᠳᠦᠵᠦ ᠪᠣᠯᠬᠤ ᠦᠭᠡᠢ᠃       ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠢᠯ ᠡᠷᠬᠢᠯᠡᠵᠦ ᠪᠠᠶᠢᠭ᠎ᠠ ᠬᠥᠮᠦᠰ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠪᠡᠶᠡᠯᠡᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠤᠨ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠤᠨ ᠪᠠᠶᠢᠷᠢ᠂ ᠪᠣᠳᠠᠲᠠᠢ ᠠᠵᠢᠯᠯᠠᠭ᠎ᠠ ᠳᠤᠮᠳᠠ ᠪᠠᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠰᠣᠶᠣᠯ ᠤᠨ ᠰᠠᠭᠤᠷᠢ ᠶᠢ ᠪᠠᠬᠢᠵᠢᠬᠦᠯᠵᠦ᠂ ᠰᠣᠶᠣᠯ ᠤᠨ ᠰᠦᠭ ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ᠃ ᠨᠡᠶᠢᠭᠡᠮ ᠳᠠᠶᠠᠭᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃       ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠬᠠᠮᠤᠭ ᠤᠨ ᠶᠡᠭᠡ ᠤᠯᠤᠰ ᠲᠦᠷᠦ ᠮᠥᠨ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠬᠤ ᠡᠭᠦᠷᠭᠡ ᠬᠦᠨᠳᠦ ᠴᠢᠬᠤᠯᠠ ᠶᠤᠮ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠰᠦᠭᠡᠢ᠃  
ᠢᠷᠡᠯᠲᠡ᠄ ᠠᠷᠠᠳ ᠤᠨ ᠮᠣᠩᠭᠤᠯ ᠰᠦᠯᠵᠢᠶ᠎ᠡ