ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠬᠦ ᠶᠢᠨ ᠦᠨᠳᠦᠰᠦᠨ ᠵᠢᠷᠤᠮᠯᠠᠯ
ᠨᠡᠶᠢᠲᠡᠯᠡᠭᠰᠡᠨ ᠴᠠᠭ᠄
2024/2/26
                                          ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ        ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠲᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠤᠰᠢᠶᠠᠯ ᠬᠠᠷᠢᠭᠤᠴᠠᠯᠭ᠎ᠠ᠂ ᠠᠭᠤᠯᠭ᠎ᠠ᠂ ᠭᠤᠣᠯ ᠬᠡᠯᠪᠡᠷᠢ᠂ ᠪᠠᠲᠤᠯᠠᠭ᠎ᠠ ᠪᠠ ᠬᠢᠨᠠᠯᠲᠠ ᠵᠡᠷᠭᠡ ᠳᠤ ᠪᠦᠬᠦ ᠲᠠᠯ᠎ᠠ ᠶᠢᠨ ᠵᠢᠷᠤᠮᠵᠢᠯ ᠭᠠᠷᠭᠠᠪᠠ᠂ ᠡᠨᠡ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠶᠢᠨ ᠦᠨᠳᠦᠰᠦᠨ ᠵᠢᠷᠤᠮᠯᠠᠯ ᠮᠥᠨ᠃ ︽ᠲᠦᠷᠢᠮ︾ ᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ᠂ ᠪᠥᠬᠦ ᠨᠠᠮ ᠪᠥᠬᠦ ᠨᠡᠶᠢᠭᠡᠮ ᠢᠶᠠᠷ ᠢᠶᠠᠨ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ ᠪᠠ ᠨᠠᠮ ᠤᠨ ᠲᠡᠦᠬᠡ ᠶᠢ ᠰᠠᠶᠢᠲᠤᠷ ᠬᠡᠷᠡᠭᠯᠡᠬᠦ᠂ ᠨᠠᠮ ᠤᠨ ᠲᠡᠦᠬᠡ ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠬᠤ ᠶᠢ ᠠᠬᠢᠭᠤᠯᠬᠤ᠂ ᠲᠡᠦᠬᠡ ᠰᠤᠷᠤᠯᠴᠠᠨ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠤᠯᠴᠠᠨ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠵᠤ ᠬᠦᠴᠦᠯᠡᠨ ᠬᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠨᠠᠮ ᠤᠨ ᠲᠡᠦᠬᠡ ᠪᠣᠯ ᠬᠠᠮᠤᠭ ᠤᠨ ᠠᠮᠢᠳᠤᠯᠢᠭ᠂ ᠬᠠᠮᠤᠭ ᠤᠨ ᠢᠲᠡᠭᠡᠭᠦᠯᠬᠦ ᠬᠦᠴᠦᠨ ᠲᠠᠢ ᠰᠤᠷᠬᠤ ᠪᠢᠴᠢᠭ ᠮᠥᠨ᠃ ᠮᠠᠨ ᠤ ᠨᠠᠮ ᠲᠡᠦᠬᠡᠨ ᠠᠴᠠ ᠠᠪᠤᠭᠠᠳ ᠨᠠᠮ ᠤᠨ ᠲᠡᠦᠬᠡ ᠶᠢᠨ ᠲᠤᠬᠠᠢ ᠰᠤᠷᠤᠯᠴᠠᠯᠭ᠎ᠠ ᠬᠥᠮᠦᠵᠢᠯ ᠢ ᠴᠢᠬᠤᠯᠠᠴᠢᠯᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢ ᠬᠥᠪᠴᠢᠯᠡᠨ ᠴᠢᠭᠯᠡᠯ ᠢ ᠵᠢᠯᠣᠭᠤᠳᠬᠤ ᠶᠢ ᠴᠢᠬᠤᠯᠠᠴᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠲᠡᠦᠬᠡᠨ ᠲᠤᠷᠰᠢᠯᠭ᠎ᠠ ᠪᠠ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠠᠷ ᠤᠶᠤᠨ ᠤᠬᠠᠭᠠᠨ ᠢᠶᠠᠨ ᠰᠡᠩᠬᠡᠷᠡᠭᠦᠯᠵᠦ ᠵᠠᠩ ᠰᠤᠷᠲᠠᠯ ᠢᠶᠠᠨ ᠬᠠᠲᠠᠭᠤᠵᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠨᠠᠮ ᠤᠨ ᠲᠡᠦᠬᠡ ᠶᠢ ᠰᠤᠷᠤᠯᠴᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠵᠠᠭᠤᠨ ᠵᠢᠯ ᠤᠨ ᠨᠠᠮ ᠤᠨ ᠲᠡᠦᠬᠡ ᠶᠢᠨ ᠰᠢᠨ᠎ᠡ ᠡᠬᠢᠯᠡᠯᠲᠡ ᠳᠤ ᠰᠠᠭᠤᠷᠢᠯᠠᠨ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠬᠤ  ᠠᠴᠠ ᠭᠠᠷᠳᠠᠵᠤ᠂ ᠪᠥᠬᠦ ᠨᠠᠮ ᠳᠤ ᠨᠠᠮ ᠤᠨ ᠲᠡᠦᠬᠡ ᠶᠢᠨ ᠲᠤᠬᠠᠶ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠢᠭᠡ ᠤᠳᠠᠭᠠᠨ ᠤ ᠪᠥᠬᠦ ᠲᠠᠯ᠎ᠠ ᠶᠢᠨ ᠪᠥᠭᠡᠳ ᠭᠦᠨ ᠭᠦᠨᠵᠡᠭᠡᠶ ᠤᠯᠤᠰ ᠲᠥᠷᠥ ᠶᠢᠨ ᠬᠥᠮᠦᠵᠢᠯ᠂ ᠦᠵᠡᠯ ᠰᠠᠨᠠᠭᠠᠨ ᠤ ᠳᠠᠪᠲᠠᠯᠲᠠ᠂ ᠣᠶᠤᠨ ᠰᠠᠨᠠᠭᠠᠨ ᠤ ᠳᠠᠪᠲᠠᠯᠲᠠ ᠶᠢ ᠭᠥᠷᠳᠡᠵᠦ᠂ ᠪᠥᠬᠦ ᠨᠠᠮ ᠤᠨ ᠲᠡᠦᠬᠡ ᠶᠢᠨ ᠤᠬᠠᠮᠰᠠᠷ᠂ ᠲᠡᠦᠬᠡ ᠶᠢᠨ ᠢᠲᠡᠭᠡᠯ ᠶᠡᠭᠡ ᠪᠠᠷ ᠨᠡᠮᠡᠭᠳᠡᠨ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠶᠡᠭᠡ ᠪᠠᠷ ᠳᠡᠭᠡᠭᠰᠢᠯᠡᠪᠡ᠃ ︽ᠲᠦᠷᠢᠮ︾ ᠢ ᠲᠣᠭᠲᠠᠭᠠᠭᠰᠠᠨ ᠨᠢ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠲᠤᠷᠰᠢᠯᠭ᠎ᠠ ᠰᠢᠨ᠎ᠡ ᠦᠷ᠎ᠡ ᠪᠦᠲᠦᠭᠡᠯ ᠢ ᠳ᠋ᠦᠩᠨᠡᠨ ᠰᠢᠩᠭᠡᠭᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠪᠠ᠃       ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠨᠠᠮ ᠳᠤ ᠪᠥᠷᠬᠦᠭᠦᠯᠬᠦ ᠪᠠ ᠨᠡᠶᠢᠭᠡᠮ ᠳᠤ ᠬᠠᠨᠳᠤᠭᠤᠯᠬᠤ ᠶᠢ ᠬᠠᠷᠢᠯᠴᠠᠨ ᠨᠡᠪᠲᠡᠷᠡᠯᠴᠡᠭᠦᠯᠭᠦ ᠶᠢ ᠪᠠᠷᠢᠮᠲᠠᠯᠠᠬᠤ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠬᠤ ᠶᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠦᠨᠳᠦᠰᠦᠨ ᠠᠭᠤᠯᠭ᠎ᠠ ᠪᠣᠯᠤᠨ ᠡᠷᠬᠢᠮ ᠨᠠᠨᠳᠢᠨ ᠲᠡᠦᠬᠡ ᠶᠢᠨ ᠲᠤᠷᠰᠢᠯᠭ᠎ᠠ ᠶᠢ ᠰᠤᠷᠤᠯᠴᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠨᠠᠮ ᠤᠨ ᠭᠡᠰᠢᠭᠦᠨ ᠤ ᠥᠪᠡᠷ ᠢᠶᠠᠨ ᠰᠤᠷᠤᠯᠴᠠᠬᠤ ᠪᠠ ᠵᠣᠬᠢᠶᠠᠨ ᠪᠠᠶᠢᠭᠤᠯᠤᠨ ᠰᠤᠷᠤᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷᠴᠤᠳ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠠᠮ ᠤᠨ ᠲᠡᠦᠬᠡ ᠶᠢᠨ ᠬᠢᠴᠢᠶᠡᠯ ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠷᠭ᠎ᠠ ᠵᠠᠮ᠂ ᠬᠤᠪᠢᠰᠬᠠᠯ ᠤᠨ ᠡᠬᠢ ᠪᠠᠶᠠᠯᠢᠭ᠂ ᠵᠠᠭᠤᠴᠢᠯᠠᠭᠤᠷ ᠤᠨ ᠤᠬᠠᠭᠤᠯᠭ᠎ᠠ ᠪᠠ ᠦᠨᠳᠦᠰᠦᠨ ᠱᠠᠲᠤᠨ ᠤ ᠤᠬᠠᠭᠤᠯᠭ᠎ᠠ ᠲᠠᠶᠢᠯᠪᠤᠷᠢᠯᠠᠯᠲᠠ ᠵᠡᠷᠭᠡ ᠬᠡᠯᠪᠡᠷᠢ ᠶᠢ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ᠂ ᠰᠠᠬᠢᠯᠭ᠎ᠠ ᠪᠠᠲᠤ᠂ ᠵᠠᠷᠤᠳᠠᠯ ᠵᠡᠷᠭᠡ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠰᠲ᠋ᠧᠮᠲᠦ ᠴᠢᠨᠠᠷ᠂ ᠬᠠᠨᠳᠤᠯᠭᠠᠳᠤ ᠴᠢᠨᠠᠷ᠂ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃       ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠡᠦᠬᠡ ᠶᠢᠨ ᠦᠭᠡᠶᠢᠰᠬᠡᠬᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠ ᠦᠵᠡᠯᠲᠡ ᠶᠢ ᠡᠷᠡᠰ ᠡᠰᠡᠷᠭᠦᠴᠡᠭᠦ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠳᠣᠣᠷᠠᠳᠤ ᠲᠡᠰ ᠤᠨ ᠤᠯᠠᠭᠠᠨ︾᠂ ︽ᠲᠡᠭᠡᠲᠦ ᠲᠡᠰ ᠤᠨ ᠬᠠᠷ᠎ᠠ︾ ᠶᠢ ᠰᠡᠷᠭᠡᠶᠢᠯᠡᠬᠦ ᠬᠡᠷᠡᠭᠲᠡᠶ᠃ ︽ᠲᠦᠷᠢᠮ ᠢ ᠪᠣᠯ ᠵᠢᠷᠤᠮᠯᠠᠬᠤ ᠪᠠ ᠬᠡᠷᠡᠭᠵᠢᠭᠦᠯᠬᠦ ᠳᠤ ᠬᠡᠷᠡᠭᠯᠡᠳᠡᠭ︾᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠲᠦᠷᠢᠮ︾ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ︽ᠲᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠭᠤᠳ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ᠤᠳᠤᠷᠢᠳᠬᠤ ᠺᠠᠳ᠋ᠷᠴᠤᠳ ᠤᠷᠢᠳ ᠢᠶᠠᠷ ᠰᠤᠷᠤᠯᠴᠠᠵᠤ᠂ ᠦᠯᠢᠭᠡᠷ ᠳᠠᠭᠤᠷᠢᠶᠠᠯ ᠪᠤᠯᠵᠤ᠂ ᠨᠠᠮ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠨᠠᠮ ᠤᠨ ᠲᠡᠦᠬᠡ ᠶᠢ ᠰᠤᠷᠤᠯᠴᠠᠵᠤ᠂ ᠠᠵᠢᠯ ᠦᠢᠯᠡᠰ ᠲᠤ ᠴᠢᠩᠭ᠎ᠠ ᠬᠠᠷᠢᠭᠤᠴᠠᠯᠭ᠎ᠠ ᠶᠢ ᠡᠪᠦᠷᠯᠡᠨ ᠨᠠᠮ ᠤᠨ ᠲᠡᠦᠬᠡ ᠶᠢ ᠬᠡᠷᠡᠭᠯᠡᠵᠦ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠵᠤ᠂ ᠪᠦᠬᠦ ᠨᠠᠮ ᠢᠶᠠᠷ ᠢᠶᠠᠨ ᠬᠠᠮᠲᠤ ᠪᠠᠷ ᠰᠤᠷᠤᠯᠴᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠪᠠᠯ ᠰᠠᠶ᠋ᠢ ᠢᠷᠡᠭᠡᠳᠦᠢ ᠶᠢ ᠨᠡᠭᠡᠭᠡᠵᠦ ᠴᠢᠳᠠᠨ᠎ᠠ᠃       ᠨᠠᠮ ᠤᠨ ᠲᠡᠦᠬᠡ ᠶᠢ ᠰᠤᠷᠤᠯᠴᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠨᠠᠮ ᠪᠠ ᠤᠯᠤᠰ ᠤᠨ ᠠᠵᠢᠯ ᠦᠢᠯᠡᠰ ᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠶᠢᠨ ᠵᠠᠪᠠᠯ ᠰᠤᠷᠬᠤ ᠬᠢᠴᠢᠶᠡᠯ ᠮᠥᠨ᠂ ᠡᠨᠡ ᠬᠦ ᠬᠢᠴᠢᠶᠡᠯ ᠢ ᠵᠠᠪᠠᠯ ᠰᠤᠷᠬᠤ ᠪᠠᠷ ᠪᠠᠷᠠᠬᠤ ᠦᠭᠡᠢ ᠵᠠᠪᠠᠯ ᠰᠠᠶᠢᠲᠤᠷ ᠰᠤᠷᠬᠤ ᠬᠡᠷᠡᠭᠲᠡᠢ᠃ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠭᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠦᠷᠢᠮ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠤᠯᠭᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠪᠠᠷ ᠣᠶᠤᠨ ᠤᠬᠠᠭᠠᠨ ᠢᠶᠠᠨ ᠨᠡᠩ ᠰᠠᠶᠢᠳᠤᠷ ᠨᠡᠮᠡᠭᠳᠡᠭᠦᠯᠵᠦ᠂ ᠪᠦᠯᠬᠦᠮᠳᠡᠯ ᠢᠶᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠲᠡᠮᠡᠴᠡᠯ ᠤᠨ ᠵᠣᠷᠢᠭ ᠢᠶᠠᠨ ᠨᠡᠮᠡᠭᠳᠡᠭᠦᠯᠵᠦ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠪᠠᠲᠤ ᠴᠡᠭᠡᠵᠢᠯᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠰᠠᠶᠢᠨ ᠬᠢᠷᠢ ᠪᠦᠲᠦᠮᠵᠢ ᠤᠯᠬᠤ ᠬᠡᠷᠡᠭᠲᠡᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ