ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/2/26
       ᠴᠠᠭᠠᠨ ᠰᠠᠷ᠎ᠠ ᠥᠩᠭᠡᠷᠡᠮᠡᠭᠴᠡ᠂ ᠥᠪᠡᠷᠲᠡᠭᠡᠨ ᠵᠠᠰᠠᠬᠤ ᠣᠷᠣᠨ ᠵᠥᠪᠳᠡᠯᠴᠡᠵᠦ ᠬᠠᠮᠲᠤᠷᠠᠯᠴᠠᠬᠤ ᠪᠠᠷ ᠢᠷᠡᠭᠰᠡᠨ ᠲᠦᠷᠦᠭᠦᠦ ᠨᠢᠭᠡ ᠠᠵᠤ ᠠᠬᠤᠶᠢᠯᠠᠯ ᠢ ᠤᠭᠲᠤᠨ ᠠᠪᠤᠯ᠎ᠠ᠃ 2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠨᠠᠷ ᠲᠠᠢ ᠠᠭᠤᠯᠵᠠᠪᠠ᠃
 20240226-1.jpg
       ᠰᠦᠨ ᠱᠤᠤ ᠴᠧᠩ ᠽᠧᠦ ᠯᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠳᠠᠯ ᠪᠣᠯᠣᠨ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠡᠨᠡ ᠵᠢᠯ ᠪᠢᠳᠡ ︽ᠵᠢᠷᠭᠤᠭᠠᠨ ᠢᠨᠵᠧᠨᠧᠷᠢᠩ︾ ᠢ ᠪᠦᠭᠦ ᠬᠦᠴᠦᠨ ᠢᠶᠠᠷ ᠢᠶᠠᠨ ᠠᠬᠢᠭᠤᠯᠬᠤ ᠪᠠᠷ ᠪᠠᠶᠢᠨ᠎ᠠ᠂ ᠡᠭᠦᠨ ᠳᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ ᠨᠢ ᠳ᠋ᠠ ᠲᠠᠩ ᠪᠦᠯᠦᠭᠯᠡᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠳᠡᠭᠡᠳᠦ ᠬᠡᠮᠵᠢᠶ᠎ᠡ ᠪᠠᠷ ᠵᠣᠬᠢᠴᠠᠯᠳᠤᠵᠤ ᠪᠠᠶᠢᠨ᠎ᠠ᠂ ᠳ᠋ᠠ ᠲᠠᠩ ᠪᠦᠯᠦᠭᠯᠡᠯ ᠤᠨ ᠭᠦᠨᠵᠡᠭᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠪᠣᠯᠣᠨ ᠳ᠋ᠠ ᠲᠠᠩ ᠪᠦᠯᠦᠭᠯᠡᠯ ᠤᠨ ᠬᠠᠮᠲᠤᠷᠠᠯᠴᠠᠭᠠᠨ ᠤ ᠰᠠᠭᠤᠷᠢ ᠰᠠᠶᠢᠨ ᠪᠠᠶᠢᠵᠤ᠂ ᠬᠤᠶᠠᠷ ᠲᠠᠯ᠎ᠠ ᠶᠢᠨ ᠬᠥᠭᠵᠢᠯᠲᠡ ᠶᠢᠨ ᠴᠢᠭᠯᠡᠯ ᠪᠣᠯᠣᠨ ᠬᠠᠷᠠᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ᠃ ᠳ᠋ᠠ ᠲᠠᠩ ᠪᠦᠯᠦᠭᠯᠡᠯ ᠤᠨ ᠳᠤᠷᠠᠳᠤᠭᠰᠠᠨ ᠬᠠᠮᠲᠤᠷᠠᠯᠴᠠᠭᠠᠨ ᠤ ᠰᠠᠨᠠᠮᠵᠢ ᠪᠣᠯᠣᠨ ᠪᠣᠳᠠᠲᠠᠢ ᠶᠠᠪᠤᠳᠠᠯ ᠢ ᠪᠢᠳᠡ ᠪᠦᠭᠦ ᠬᠦᠴᠦ ᠪᠠᠷ ᠢᠶᠠᠨ ᠳᠡᠮᠵᠢᠨ᠎ᠡ᠃ ᠳ᠋ᠠ ᠲᠠᠩ ᠪᠦᠯᠦᠭᠯᠡᠯ ᠤᠨ ᠬᠤᠯᠪᠣᠭᠳᠠᠯ ᠪᠦᠬᠦᠢ ᠲᠦᠷᠦᠯ ᠵᠦᠢᠯ ᠢᠯᠠᠩᠭᠤᠶ᠎ᠠ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠶᠢ ᠥᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
20240226-2.jpg
       ᠽᠧᠦ ᠯᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳ᠋ᠠ ᠲᠠᠩ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠦᠯᠦᠭᠯᠡᠯ ᠤᠨ ᠢᠶᠠᠨ 2023 ᠣᠨ ᠤ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠡᠵᠡᠩᠨᠡᠯᠲᠡ ᠶᠢᠨ ᠪᠠᠶᠢᠳᠠᠯ ᠪᠣᠯᠣᠨ 2024 ᠣᠨ ᠤ ᠠᠵᠢᠯ ᠤᠨ ᠲᠥᠯᠥᠪᠯᠡᠭᠡ ᠪᠠᠨ ᠲᠠᠨᠢᠯᠴᠠᠭᠤᠯᠪᠠ᠃ ᠲᠡᠷᠡ᠂ ᠳ᠋ᠠ ᠲᠠᠩ ᠪᠦᠯᠦᠭᠯᠡᠯ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠲᠣᠭᠠᠴᠢᠯᠠᠭᠰᠠᠨ ᠪᠣᠳᠣᠯᠲᠠ ᠶᠢᠨ ᠴᠢᠳᠠᠪᠤᠷᠢ᠂ ᠪᠣᠬᠢᠷᠳᠤᠯ ᠦᠭᠡᠢ ᠴᠠᠭᠢᠯᠭᠠᠨ ᠪᠣᠬᠢᠷᠳᠤᠯ ᠦᠭᠡᠢ ᠤᠰᠤᠲᠥ᠋ᠷᠥᠭᠴᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠡᠪᠡᠷ ᠳᠤᠯᠠᠭᠠᠯᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃       ᠢᠦᠢ ᠯᠢ ᠰᠢᠨ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ