2 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠤᠳᠤᠷᠢᠳᠤᠯᠭ᠎ᠠ ᠥᠪᠥᠷ ᠮᠣᠩᠭᠤᠯ ᠤᠨ | ᠦᠵᠡᠰᠭᠦᠯᠡᠩ ᠤᠨ ᠣᠷᠳᠣᠨ ᠳᠤ ᠢᠷᠡᠵᠦ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠨᠠᠮ ᠤᠨ ᠠᠴᠢ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠨᠠᠮ︾ ᠭᠡᠬᠦ | ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ᠃ | | | ᠦᠵᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠪᠤᠯᠭᠠᠵᠤ᠂ ︽ᠠᠷᠠᠳ ᠲᠦᠮᠡᠨ ᠤ ᠤᠳᠤᠷᠢᠳᠤᠭᠴᠢ ᠤᠮᠠᠷᠠᠲᠤ ᠬᠢᠯᠢ ᠲᠠᠢ ᠰᠡᠳᠬᠢᠯ ᠵᠢᠷᠦᠬᠡ ᠪᠠᠨ ᠬᠤᠯᠪᠣᠨ᠎ᠠ︾᠂ ︽ᠥᠨᠳᠥᠷ ᠲᠤ ᠵᠣᠭᠰᠣᠨ ᠠᠯᠤᠰ ᠢ | ᠪᠠᠷᠠᠯᠠᠵᠤ ᠵᠠᠯᠠᠭᠤᠷ ᠢ ᠡᠵᠡᠮᠳᠡᠨ ᠠᠶᠠᠯᠠᠯ ᠢ ᠵᠠᠮᠴᠢᠯᠠᠨ᠎ᠠ︾᠂ ︽ᠲᠠᠪᠤᠨ ᠶᠡᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠡᠷᠡᠯᠬᠡᠭᠯᠡᠨ ᠤᠷᠤᠭᠰᠢᠯᠠᠨ᠎ᠠ︾᠂ ︽ᠭᠤᠣᠯ | ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ ᠵᠢᠱᠢᠶ᠎ᠡ ᠦᠵᠡᠭᠦᠯᠦᠨ ᠤᠷᠤᠭᠰᠢᠯᠠᠨ᠎ᠠ︾᠂ ︽ᠠᠷᠠᠳ ᠲᠦᠮᠡᠨ ᠢ ᠳᠡᠭᠡᠳᠦᠯᠡᠬᠦ ᠤᠭ ᠰᠠᠨᠠᠭ᠎ᠠ ᠬᠤᠪᠢᠷᠠᠰᠢ ᠦᠭᠡᠢ︾᠂ | ︽ᠵᠣᠷᠢᠭᠲᠠᠢ ᠪᠠᠷ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠨ᠎ᠠ︾ ᠭᠡᠬᠦ 6 ᠬᠡᠰᠡᠭ ᠬᠤᠪᠢᠶᠠᠵᠤ᠂ ᠶᠡᠷᠦᠩᠬᠡᠢ ᠱᠦᠵᠢ ᠰᠢ ᠶᠢᠨ ᠫᠢᠩ ᠤᠨ 2009 | ᠣᠨ ᠠᠴᠠ ᠨᠠᠭᠠᠰᠢ 4 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ 2008 ᠣᠨ ᠠᠴᠠ 2022 ᠣᠨ ᠪᠤᠯᠲᠠᠯ᠎ᠠ 6 ᠤᠳᠠᠭ᠎ᠠ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ 1 | ᠤᠳᠠᠭ᠎ᠠ ᠪᠢᠴᠢᠭᠡᠰᠦ ᠪᠢᠴᠢᠵᠦ᠂ 6 ᠤᠳᠠᠭ᠎ᠠ ᠪᠠᠶᠠᠷ ᠤᠨ ᠵᠠᠬᠢᠳᠠᠯ ᠢᠯᠡᠭᠡᠵᠦ᠂ 3 ᠤᠳᠠᠭ᠎ᠠ ᠥᠪᠥᠷ ᠮᠣᠩᠭᠤᠯ ᠳᠤ ᠢᠷᠡᠵᠦ ᠠᠵᠢᠯᠯᠠᠭ᠎ᠠ ᠳᠤ ᠣᠷᠣᠯᠴᠠᠬᠰᠠᠨ | ᠬᠤᠪᠣᠷ ᠨᠠᠨᠳᠢᠨ ᠦᠵᠡᠭᠳᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ | ᠮᠣᠩᠭᠤᠯ ᠢ ᠬᠠᠯᠠᠮᠵᠢᠯᠠᠨ ᠳᠡᠮᠵᠢᠵᠦ ᠪᠠᠶᠢᠭ᠎ᠠ ᠶᠢ ᠠᠮᠢᠳᠤᠯᠢᠭ ᠢᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ | ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠳᠣᠲᠣᠭᠠᠳᠤ | ᠠᠭᠤᠯᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠠᠶᠢᠯᠪᠤᠷᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠠᠯᠢ ᠤᠯᠠᠨ ᠳᠠᠪᠠᠭᠤᠯᠢᠭ᠂ | ᠠᠰᠤᠷᠤ ᠰᠠᠶᠢᠨ ᠪᠠᠶᠢᠳᠠᠯ᠂ ᠰᠠᠶᠢᠨ ᠰᠠᠶᠢᠬᠠᠨ ᠠᠯᠤᠰ ᠢᠷᠡᠭᠡᠳᠦᠢ ᠶᠢ ᠲᠥᠪᠯᠡᠷᠡᠭᠦᠯᠦᠨ ᠢᠯᠡᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠨᠠᠷ ᠰᠠᠶᠢᠲᠠᠢ ᠪᠠᠷ ᠬᠥᠭᠵᠢᠭᠦᠯᠬᠦ ᠡᠨᠡ | ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠶᠡᠷᠦᠩᠬᠡᠢ ᠱᠦᠵᠢ ᠰᠢ ᠶᠢᠨ ᠫᠢᠩ ᠢ ᠡᠷᠡᠰ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ᠪᠠᠶᠢᠭ᠎ᠠ | ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠵᠡᠢ᠃ | | | ᠦᠵᠡᠭᠦᠯᠭᠡ ᠶᠢᠨ ᠲᠢᠩᠬᠢᠮ ᠳᠤ᠂ ᠪᠣᠳᠠᠲᠤ ᠪᠣᠳᠠᠰ ᠤᠨ ᠦᠵᠡᠭᠦᠯᠭᠡ ᠶᠢᠨ ᠵᠦᠢᠯᠡᠰ᠂ ᠵᠢᠷᠤᠭ ᠬᠦᠰᠦᠨᠦᠭᠲᠦ᠂ ᠠᠮᠢᠳᠤᠯᠢᠭ ᠦᠰᠦᠭ ᠪᠢᠴᠢᠭ ᠤᠳ ᠨᠢ | ᠤᠯᠠᠨ ᠤ ᠠᠩᠬᠠᠷᠤᠯ ᠢ ᠶᠡᠬᠡᠳᠡ ᠲᠠᠲᠠᠪᠠ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠨ ᠨᠠᠷᠢᠯᠢᠭ ᠦᠵᠡᠵᠦ᠂ | ᠬᠤᠯᠪᠣᠭᠳᠠᠯ ᠪᠦᠬᠦᠢ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠶ᠋ᠯᠡ ᠠᠵᠢᠯᠯᠠᠭᠠᠨ ᠤ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠲᠡᠰᠪᠦᠷᠢ ᠬᠠᠲᠠᠭᠤᠵᠢᠯᠲᠠᠢ ᠲᠡᠮᠡᠴᠡᠵᠦ | ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ | ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃ | ᠲᠣᠰ ᠤᠳᠠᠭ᠎ᠠ ᠶᠢᠨ ᠦᠵᠡᠭᠦᠯᠭᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ ᠠᠵᠢᠯᠯᠠᠭ᠎ᠠ ᠳᠤ ᠣᠷᠣᠯᠴᠠᠵᠠᠢ᠃ |