ᠵᠢᠷᠭᠠᠯ᠂ ︵1907.5.12-1941.3.19︶᠂ ᠬᠢᠲᠠᠳ ᠨᠡᠷ᠎ᠡ ᠨᠢ ᠺᠠᠩ ᠹᠦ᠋ ᠴᠧᠩ᠂ ᠬᠡᠷᠡᠭᠯᠡᠵᠦ ᠦᠩᠭᠡᠷᠡᠭᠰᠡᠨ ᠨᠡᠷ᠎ᠡ ᠨᠢ ᠪᠠᠶᠠᠨᠪᠠᠲᠤ᠂ ᠡᠷᠡᠭᠳᠡᠢ᠂ | ᠮᠤᠩᠭᠤᠯ ᠦᠨᠳᠦᠰᠦᠳᠡᠨ᠂ ᠦᠪᠦᠷ ᠮᠤᠩᠭᠤᠯ ᠤᠨ ᠲᠦᠮᠡᠳ ᠬᠤᠰᠢᠭᠤᠨ ᠤ ᠬᠦᠮᠦᠨ᠂ ᠲᠦᠮᠡᠳ ᠬᠤᠰᠢᠭᠤᠨ ᠤ ᠪᠠᠭᠰᠢ ᠲᠤᠰᠬᠤᠨ ᠤ ᠨᠢᠭᠡ ᠲᠠᠷᠢᠶᠠᠴᠢᠨ ᠤ ᠭᠡᠷ | ᠪᠥᠯᠢ ᠳᠤ ᠲᠦᠷᠦᠵᠡᠢ᠃ | ᠵᠢᠷᠭᠠᠯ ᠪᠠᠭ᠎ᠠ ᠨᠠᠰᠤᠨ ᠳᠠᠭᠠᠨ ᠲᠦᠮᠡᠳ ᠤᠨ ᠦᠨᠳᠦᠷ ᠵᠡᠷᠭᠡ ᠶᠢᠨ ᠪᠠᠭ᠎ᠠ ᠰᠤᠷᠭᠠᠭᠤᠯᠢ ᠳᠤ ᠪᠢᠴᠢᠭ ᠦᠵᠡᠵᠦ᠂ 1924 ᠤᠨ ᠳᠤ ᠪᠡᠭᠡᠵᠢᠩ ᠤᠨ | ᠮᠤᠩᠭᠤᠯ ᠲᠦᠪᠡᠳ ᠰᠤᠷᠭᠠᠭᠤᠯᠢ ᠳᠤ ᠰᠢᠯᠭᠠᠵᠤ ᠤᠷᠤᠪᠠ᠃ 1925 ᠣᠨ ᠳᠤ ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ ᠳᠤ ᠤᠷᠤᠵᠤ᠂ | ᠤᠳᠠᠯ ᠦᠭᠡᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ ᠪᠣᠯᠵᠠᠢ᠃ | 1926 ᠣᠨ ᠤ ᠡᠬᠢᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠮᠠᠷᠠᠳᠤ ᠤᠷᠤᠨ ᠤ ᠬᠤᠷᠢᠶ᠎ᠠ ᠵᠢᠷᠭᠠᠯ ᠢ ᠭᠤᠸᠠᠩᠵᠸᠦ ᠶᠢᠨ ᠲᠠᠷᠢᠶᠠᠴᠢᠨ ᠤ | ᠬᠦᠳᠡᠯᠭᠡᠭᠡᠨ ᠤ ᠪᠤᠯᠪᠠᠰᠤᠷᠠᠯ ᠤᠨ ᠭᠠᠵᠠᠷ ᠤᠨ ᠵᠢᠷᠭᠤᠳᠤᠭᠠᠷ ᠬᠤᠭᠤᠴᠠᠭ᠎ᠠ ᠳᠤ ᠲᠤᠮᠢᠯᠠᠵᠤ ᠰᠤᠷᠤᠯᠴᠠᠭᠤᠯᠪᠠ᠃ ᠲᠡᠷᠡ ᠮᠠᠥ ᠽᠧ ᠳ᠋ᠦᠩ ᠨᠦᠬᠦᠷ ᠤᠨ ᠰᠤᠷᠭᠠᠯ ᠪᠠ | ᠵᠸᠦ ᠡᠸ᠋ᠨ ᠯᠠᠢ᠂ ᠫᠧᠩ ᠫᠠᠢ᠂ ᠰᠢᠶᠤᠤ ᠴᠦ᠋ ᠨᠢᠥᠢ᠂ ᠶᠦᠨ ᠳ᠋ᠠᠢ ᠶᠢᠩ᠂ ᠯᠢ ᠯᠢ ᠰᠠᠨ ᠵᠡᠷᠭᠡ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠤᠷᠤᠭᠰᠠᠨ | ᠬᠢᠴᠢᠶᠡᠯ ᠤᠳ ᠢ ᠰᠣᠨᠤᠰᠬᠤ ᠶᠢᠨ ᠬᠠᠮᠳᠤ ᠪᠠᠰᠠ ᠬᠠᠢ ᠯᠦ ᠹᠧᠩ ᠤᠨ ᠲᠠᠷᠢᠶᠠᠴᠢᠨ ᠤ ᠬᠦᠳᠡᠯᠭᠡᠭᠡᠨ ᠢ ᠲᠤᠭᠤᠷᠢᠨ ᠦᠵᠡᠪᠡ᠃ 10 ᠳ᠋ᠤᠭᠠᠷ ᠰᠠᠷ᠎ᠠ ᠳᠤ ᠰᠤᠷᠤᠯᠭ᠎ᠠ | ᠲᠡᠭᠦᠰᠦᠭᠰᠡᠨ ᠤ ᠲᠠᠷᠠᠭ᠎ᠠ ᠲᠡᠷᠡ ᠦᠪᠦᠷ ᠮᠤᠩᠭᠤᠯ ᠳᠠᠭᠠᠨ ᠪᠤᠴᠠᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠦᠢ ᠶᠤᠸᠠᠨ ᠤᠷᠤᠨ ᠤ ᠬᠤᠷᠢᠶ᠎ᠠ ᠶᠢᠨ | ᠤᠳᠤᠷᠢᠳᠤᠯᠭ᠎ᠠ ᠲᠤᠤᠷ᠎ᠠ᠂ ᠲᠠᠷᠢᠶᠠᠴᠢᠨ ᠤ ᠬᠦᠳᠡᠯᠭᠡᠭᠡᠨ ᠤ ᠣᠨᠴᠠ ᠲᠣᠮᠢᠯᠠᠭᠳᠠᠭᠴᠢ ᠶᠢᠨ ᠬᠤᠪᠢ ᠪᠠᠷ ᠲᠦᠮᠡᠳ ᠤᠨ ᠲᠠᠯ᠎ᠠ ᠶᠢᠨ ᠬᠦᠳᠡᠭᠡ ᠲᠤᠰᠬᠤᠨ ᠳᠤ | ᠲᠠᠷᠢᠶᠠᠴᠢᠨ ᠤ ᠬᠦᠳᠡᠯᠭᠡᠭᠡᠨ ᠢ ᠦᠷᠨᠢᠬᠦᠯᠪᠡ᠃ | 1927 ᠣᠨ ᠤ ᠡᠬᠢᠨ ᠳᠤ᠂ ᠵᠢᠷᠭᠠᠯ ᠸᠠᠩ ᠵᠢᠶᠠᠨ ᠭᠦᠩ᠂ ᠭᠤᠮᠪᠤᠵᠠᠪ ᠨᠠᠷ ᠲᠠᠢ ᠬᠠᠮᠳᠤᠪᠡᠷ ᠬᠦᠬᠡᠬᠤᠲᠠ ᠠᠴᠠ ᠪᠠᠷᠠᠭᠤᠨᠰᠢᠬᠢ ᠤᠷᠤᠨ ᠳᠤ | ᠲᠠᠷᠢᠶᠠᠴᠢᠳ ᠢ ᠲᠠᠶᠢᠴᠢᠯᠠᠨ᠂ ᠰᠦᠢ ᠶᠤᠸᠠᠨ ᠤ ᠬᠤᠰᠢᠭᠤ ᠵᠠᠩᠭᠢ ᠶᠢᠨ ᠤᠷᠳᠤᠨ ᠳᠤ ︽ᠲᠠᠷᠢᠶᠠᠨ ᠭᠠᠵᠠᠷ ᠬᠡᠮᠵᠢᠬᠦ︾ ᠪᠠ ᠲᠠᠮᠠᠬᠢ ᠶᠢᠨ ᠬᠤᠷᠢᠭ᠎ᠠ ᠶᠢ ᠲᠠᠶᠢᠯᠬᠤ ᠶᠢ | ᠡᠰᠡᠷᠭᠦᠴᠡᠵᠦ᠂ ︽ᠭᠦ᠋ ᠡᠾᠦ᠋ᠨ ᠲᠠᠨ ᠤ ᠬᠡᠷᠡᠭ︾ ᠢ ᠡᠭᠦᠰᠭᠡᠪᠡ᠃ ᠶᠡᠭᠡ ᠬᠤᠪᠢᠰᠬᠠᠯ ᠢᠯᠠᠭᠳᠠᠭᠰᠠᠨ ᠤ ᠲᠠᠷᠠᠭ᠎ᠠ ᠲᠡᠷᠡ ᠮᠦᠨ ᠲᠦᠮᠡᠳ ᠤᠨ ᠲᠠᠯ᠎ᠠ ᠶᠢᠨ ᠬᠦᠳᠡᠭᠡ | ᠲᠤᠰᠬᠤᠨ ᠳᠤ ᠨᠢᠭᠤᠴᠠ ᠲᠡᠮᠡᠴᠡᠯ ᠶᠠᠪᠤᠭᠤᠯᠬᠤ ᠪᠠᠨ ᠪᠠᠷᠢᠮᠳᠠᠯᠠᠵᠤ ᠪᠠᠶᠢᠪᠠ᠃ | 1929 ᠣᠨ ᠤ 4 ᠳ᠋ᠤᠭᠡᠷ ᠰᠠᠷ᠎ᠠ ᠳᠤ᠂ ᠵᠢᠷᠭᠠᠯ ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠨᠠᠮ ᠤᠨ ᠠᠵᠢᠯ ᠤᠨ ᠰᠤᠷᠭᠠᠭᠤᠯᠢ ᠳᠤ ᠬᠦᠷᠴᠦ | ᠰᠤᠷᠤᠯᠴᠠᠪᠠ᠃ 1932 ᠣᠨ ᠳᠤ ᠤᠯᠠᠭᠠᠨ ᠠᠵᠢᠯᠳᠠᠨ ᠠᠵᠢᠯᠴᠢᠨ ᠤ ᠢᠨᠲ᠋ᠧᠷᠨᠠᠼᠢᠥᠨᠠᠯ ᠤᠨ ᠲᠤᠮᠳᠠᠳᠤ ᠤᠯᠤᠰ ᠤᠨ ᠠᠵᠢᠯᠴᠢᠨ ᠤ ᠺᠯᠦ᠋ᠪ ᠲᠤ ᠨᠢᠭᠲᠠᠯᠠᠨ | ᠪᠤᠳᠤᠭᠴᠢ ᠶᠢᠨ ᠲᠤᠰᠢᠶᠠᠯ ᠢ ᠬᠠᠷᠢᠭᠤᠴᠠᠪᠠ᠃ | 1937 ᠣᠨ ᠤ 8 ᠳ᠋ᠤᠭᠠᠷ ᠰᠠᠷ᠎ᠠ ᠳᠤ᠂ ᠵᠢᠷᠭᠠᠯ ᠲᠤᠮᠢᠯᠠᠯᠲᠠ ᠪᠠᠷ ᠤᠯᠤᠰ ᠲᠠᠭᠠᠨ ᠪᠤᠴᠠᠵᠤ ᠶᠠᠫᠤᠨ ᠢ ᠡᠰᠡᠷᠬᠦᠴᠡᠬᠦ ᠲᠡᠮᠡᠴᠡᠯ ᠳᠤ ᠤᠷᠤᠯᠴᠠᠵᠤ᠂ | ᠪᠤᠭᠤᠳᠤ᠂ ᠬᠦᠬᠡᠬᠤᠲᠠ᠂ ᠳ᠋ᠠᠲ᠋ᠦ᠋ᠩ ᠲᠡᠮᠦᠷ ᠵᠠᠮ ᠲᠠᠭᠠᠤ ᠨᠢᠭᠤᠴᠠ ᠠᠵᠢᠯ ᠬᠢᠵᠡᠢ᠃ 10 ᠳ᠋ᠤᠭᠠᠷ ᠰᠠᠷ᠎ᠠ ᠳᠤ᠂ ᠲᠡᠷᠡ ᠰᠠᠮᠪᠠᠭᠠᠯᠢᠭ ᠢᠶᠠᠷ ᠳ᠋ᠠᠲ᠋ᠦ᠋ᠩ ᠤᠨ ᠸᠦᠸᠧ | ᠬᠤ᠋ ᠸᠠᠨ ᠳᠠᠬᠢ ᠶᠠᠫᠤᠨ ᠴᠡᠷᠢᠭ ᠤᠨ ᠵᠡᠷ ᠵᠡᠪᠰᠡᠭ ᠤᠨ ᠬᠦᠮᠦᠷᠭᠡ ᠶᠢ ᠲᠡᠯᠪᠡᠴᠢᠵᠡᠢ᠃ 1938 ᠣᠨ ᠤ 9 ᠳ᠋ᠤᠭᠡᠷ ᠰᠠᠷ᠎ᠠ ᠳᠤ᠂ ᠵᠢᠷᠭᠠᠯ ᠵᠡᠷᠭᠡ ᠨᠦᠬᠦᠷ ᠮᠠᠰᠢ | ᠬᠤᠷᠳᠤᠨ ᠢᠶᠠᠷ ᠨᠠᠢᠮᠠᠳᠤᠭᠠᠷ ᠵᠠᠮ ᠤᠨ ᠴᠡᠷᠢᠭ ᠤᠨ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠲᠠᠢ ᠬᠤᠯᠪᠤᠭ᠎ᠠ ᠠᠪᠴᠤ᠂ ᠲᠦᠮᠡᠳ ᠤᠨ ᠲᠠᠯ᠎ᠠ ᠳᠤ ᠨᠢᠭᠤᠴᠠ | ᠲᠡᠮᠡᠴᠡᠯ ᠶᠠᠪᠤᠭᠤᠯᠤᠨ᠂ ᠮᠤᠩᠭᠤᠯ ᠦᠨᠳᠦᠰᠦᠳᠡᠨ ᠤ ᠠᠵᠢᠯ ᠪᠠ ᠬᠠᠭᠤᠷᠮᠠᠭ ᠴᠡᠷᠢᠭ ᠤᠨ ᠠᠵᠢᠯ ᠢ ᠦᠷᠨᠢᠭᠦᠯᠪᠡ᠃ | 1939 ᠣᠨ ᠤ 9 ᠳ᠋ᠤᠭᠡᠷ ᠰᠠᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠮᠡᠳ ᠬᠤᠰᠢᠭᠤᠨ ᠤ ᠮᠤᠩᠭᠤᠯ ᠤᠨ ᠠᠵᠢᠯ ᠤᠨ ᠵᠦᠪᠯᠡᠯ | ᠪᠠᠶᠢᠭᠤᠯᠤᠭᠳᠠᠵᠤ᠂ ᠵᠢᠷᠭᠠᠯ ᠨᠦᠬᠦᠷ ᠭᠤᠣᠯ ᠬᠠᠷᠢᠭᠤᠴᠠᠯᠭᠠᠳᠠᠨ ᠤ ᠨᠢᠭᠡ ᠪᠣᠯᠪᠠ᠃ ᠲᠡᠷᠡ ᠮᠤᠩᠭᠤᠯ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢ | ᠪᠠᠶᠢᠭᠤᠯᠬᠤ ᠳᠤ ᠤᠷᠤᠯᠴᠠᠵᠤ᠂ ᠨᠢᠭᠡᠳᠦᠭᠡᠷ ᠡᠭᠡᠯᠵᠢ ᠶᠢᠨ ᠵᠢᠯᠤᠭᠤᠳᠤᠭᠴᠢ ᠪᠣᠯᠵᠤ᠂ ᠰᠦᠢ ᠶᠤᠸᠠᠨ ᠤ ᠪᠠᠷᠠᠭᠤᠨ ᠭᠡᠰᠡᠭ ᠤᠨ ᠲᠠᠯ᠎ᠠ ᠭᠠᠵᠠᠷ ᠠᠭᠤᠯᠠᠨ ᠤᠷᠤᠨ ᠳᠤ | ᠪᠠᠶᠢᠯᠳᠤᠭᠠᠨ ᠬᠢᠵᠦ ᠪᠠᠶᠢᠪᠠ᠃ ᠲᠡᠷᠡ ᠮᠤᠩᠭᠤᠯ ᠦᠨᠳᠦᠰᠦᠳᠡᠨ ᠤ ᠺᠠᠳ᠋ᠷ ᠢ ᠬᠦᠮᠦᠵᠢᠬᠦᠯᠬᠦ ᠶᠢᠨ ᠲᠦᠯᠦᠭᠡ᠂ ᠪᠦᠯᠦᠭ ᠪᠦᠯᠦᠭ ᠮᠤᠩᠭᠤᠯ ᠵᠠᠯᠠᠭᠤᠴᠤᠳ ᠢ ᠶᠠᠨ | ᠠᠨ ᠳᠤ ᠰᠤᠩᠭᠤᠨ ᠬᠦᠷᠭᠡᠪᠡ᠃ ᠲᠡᠷᠡ ᠪᠠᠰᠠ ᠬᠠᠭᠤᠷᠮᠠᠭ ᠴᠡᠷᠢᠭ ᠤᠨ ᠠᠵᠢᠯ ᠢ ᠢᠳᠡᠪᠬᠢᠳᠡᠢ ᠦᠷᠨᠢᠬᠦᠯᠵᠦ᠂ ᠬᠠᠭᠤᠷᠮᠠᠭ ᠴᠡᠷᠢᠭ ᠤᠨ ᠡᠪ ᠬᠠᠮᠳᠤ ᠨᠠᠮ ᠢ | ᠰᠡᠷᠭᠡᠶᠢᠯᠡᠬᠦ ᠬᠤᠶᠠᠳᠤᠭᠠᠷ ᠳ᠋ᠢᠸᠢᠽᠢ ᠶᠢᠨ ᠲᠠᠷᠤᠭ᠎ᠠ ᠬᠠᠨ ᠦ᠋ ᠶᠢ ᠶᠠᠫᠤᠨ ᠢ ᠡᠰᠡᠷᠭᠦᠴᠡᠬᠦ ᠵᠠᠮ ᠢᠶᠠᠷ ᠵᠠᠮᠨᠠᠭᠤᠯᠬᠤ ᠪᠠᠷ ᠴᠢᠷᠮᠠᠶᠢᠵᠠᠢ᠃ ᠲᠡᠷᠡ ᠦᠪᠡᠷ ᠤᠨ ᠬᠠᠳᠠᠮ | ᠠᠬ᠎ᠠ ᠬᠤᠪᠢᠲᠤ ᠪᠠᠷ ᠪᠣᠤ ᠵᠢᠶᠠ ᠶᠢᠨ ᠪᠦᠯᠬᠦᠮ ᠢ ᠪᠠᠶᠢᠭᠤᠯᠤᠭᠤᠯᠵᠤ᠂ ᠪᠦᠯᠬᠦᠮ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠨᠢᠭᠤᠴᠠ ᠲᠡᠮᠡᠴᠡᠯ ᠢ | ᠬᠠᠮᠠᠭᠠᠯᠠᠵᠤ ᠪᠠᠶᠢᠪᠠ᠃ | 1940 ᠣᠨ ᠤ ᠡᠬᠢᠨ ᠳᠤ᠂ ᠵᠢᠷᠭᠠᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠦᠢ ᠶᠤᠸᠠᠨ ᠤ ᠪᠠᠷᠠᠭᠤᠨ ᠤᠷᠤᠨ ᠤ ᠬᠤᠷᠢᠶ᠎ᠠ ᠶᠢᠨ ᠮᠤᠩᠭᠤᠯ | ᠦᠨᠳᠦᠰᠦᠳᠡᠨ ᠤ ᠠᠵᠢᠯ ᠤᠨ ᠬᠡᠯᠲᠡᠰ ᠤᠨ ᠬᠡᠯᠲᠡᠰ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠲᠠᠷᠠᠭ᠎ᠠ ᠪᠠᠷ ᠨᠢ ᠰᠦᠢ ᠶᠤᠸᠠᠨ ᠴᠠᠬᠠᠷ ᠤᠨ ᠵᠠᠬᠢᠷᠭ᠎ᠠ ᠶᠢᠨ | ᠮᠤᠩᠭᠤᠯ ᠵᠠᠰᠠᠭ ᠤᠨ ᠭᠠᠵᠠᠷ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ | 1941 ᠣᠨ ᠤ ᠡᠭᠢᠨ ᠳᠤ᠂ ᠵᠢᠷᠭᠠᠯ ᠨᠦᠬᠦᠷ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠯᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠶᠢᠨ ᠬᠤᠪᠢ ᠪᠠᠷ᠂ ᠨᠢᠭᠡ ᠪᠦᠯᠦᠭ ᠮᠤᠩᠭᠤᠯ ᠦᠨᠳᠦᠰᠦᠳᠡᠨ ᠤ ᠵᠠᠯᠠᠭᠤᠴᠤᠳ ᠢ ᠲᠠᠭᠠᠭᠤᠯᠤᠨ ᠲᠠᠯᠠᠨ ᠬᠠᠷ᠎ᠠ ᠠᠭᠤᠯᠠ ᠶᠢᠨ ᠶᠠᠫᠤᠨ ᠢ | ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠠᠴᠠ ᠶᠠᠨ ᠠᠨ ᠢ ᠵᠣᠷᠢᠪᠠ᠃ ᠵᠠᠮ ᠲᠤᠮᠳᠠ ᠪᠠᠨ᠂ 3 ᠳ᠋ᠤᠭᠠᠷ ᠰᠠᠷ᠎ᠠ ᠶᠢᠨ 19 ᠤ ᠡᠳᠦᠷ᠂ ᠰᠦᠢ ᠶᠤᠸᠠᠨ ᠤ | ᠪᠠᠷᠠᠭᠤᠨ ᠬᠡᠰᠡᠭ ᠤᠨ ᠲᠠᠯᠠᠨ ᠬᠠᠷ᠎ᠠ ᠠᠭᠤᠯᠠ ᠶᠢᠨ ᠵᠠᠩ ᠴᠢ ᠮᠢᠩ ᠭᠤᠤ ᠳᠤ ᠶᠠᠫᠤᠨ ᠲᠡᠭᠡᠷᠡᠮ ᠳᠤ ᠪᠦᠰᠡᠯᠡᠭᠳᠡᠵᠦ᠂ ᠲᠡᠷᠡ ᠨᠦᠭᠦᠳ ᠢᠶᠠᠨ ᠬᠠᠮᠠᠭᠠᠯᠠᠨ | ᠪᠦᠰᠡᠯᠡᠯᠲᠡ ᠶᠢ ᠰᠢᠪᠳᠤᠯᠬᠤ ᠪᠠᠶᠢᠯᠳᠤᠭᠠᠨ ᠲᠤᠮᠳᠠ ᠪᠠᠭᠠᠳᠤᠷᠯᠢᠭ ᠢᠶᠠᠷ ᠪᠡᠶ᠎ᠡ ᠦᠷᠡᠭᠳᠡᠵᠡᠢ᠃ |