ᠰᠢᠨ᠎ᠡ ᠭᠠᠷᠤᠭ᠎ᠠ ᠠᠴᠠ ᠡᠷᠡᠮᠡᠬᠡᠶᠢᠯᠡᠨ ᠤᠷᠤᠭᠰᠢᠯᠠᠵᠤ ᠰᠠᠶᠢᠨ ᠰᠠᠶᠢᠬᠠᠨ ᠢᠷᠡᠭᠡᠳᠦᠢ ᠵᠦᠭ ᠲᠡᠮᠡᠦᠯᠰᠦᠭᠡᠢ
ᠨᠡᠶᠢᠲᠡᠯᠡᠭᠰᠡᠨ ᠴᠠᠭ᠄
2024/2/28
       — ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠨᠳᠥᠷᠯᠡᠭᠰᠡᠨ ᠳᠤ ᠬᠠᠯᠠᠭᠤᠨ ᠪᠠᠶᠠᠷ ᠬᠦᠷᠭᠡᠶ᠎ᠡ       ᠡᠨᠡ ᠪᠣᠯ ᠨᠢᠭᠡᠨ ᠤᠳᠠᠭᠠᠨ ᠤ ᠡᠷᠡᠯᠬᠡᠭᠯᠡᠨ ᠲᠡᠮᠡᠴᠡᠵᠦ ᠡᠷᠡᠮᠡᠬᠡᠶᠢᠯᠡᠨ ᠤᠷᠤᠭᠰᠢᠯᠠᠭᠰᠠᠨ᠂ ᠣᠷᠭᠢᠯᠤᠮ᠎ᠠ ᠰᠡᠳᠬᠢᠯᠭᠡ ᠪᠠ ᠬᠦᠰᠡᠯ ᠵᠡᠭᠦᠳᠦ ᠪᠢᠯᠬᠠᠭᠰᠠᠨ ᠦᠪᠡᠳᠡᠭᠰᠢ ᠴᠤᠭᠯᠠᠭᠠᠨ ᠮᠥᠨ;       ᠡᠨᠡ ᠪᠣᠯ ᠨᠢᠭᠡᠨ ᠤᠳᠠᠭᠠᠨ ᠤ ᠤᠷᠤᠯᠳᠤᠭᠠᠨ ᠤ ᠷᠢᠳᠢ ᠰᠢᠳᠢ ᠶᠢ ᠢᠯᠡᠷᠡᠭᠦᠯᠵᠦ᠂ ᠪᠡᠶ᠎ᠡ ᠶᠢᠨ ᠲᠠᠮᠢᠷ ᠤᠨ ᠬᠦᠴᠦᠨ ᠢ ᠭᠠᠶᠢᠬᠠᠭᠤᠯᠤᠭᠰᠠᠨ ᠦᠪᠡᠳᠡᠭᠰᠢ ᠴᠤᠭᠯᠠᠭᠠᠨ ᠮᠦᠨ;       ᠡᠨᠡ ᠪᠣᠯ ᠨᠢᠭᠡᠨ ᠤᠳᠠᠭᠠᠨ ᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠢᠴᠢᠭᠯᠡᠵᠦ᠂ ᠡᠷᠡᠮᠡᠬᠡᠶᠢᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠰᠡᠬᠦᠭᠰᠡᠨ ᠦᠪᠡᠳᠡᠭᠰᠢ ᠴᠤᠭᠯᠠᠭᠠᠨ ᠮᠥᠨ᠃       ᠥᠴᠥᠭᠡᠳᠦᠷ ᠣᠷᠣᠢ 11 ᠡᠳᠦᠷ ᠳᠦᠷᠡᠯᠵᠡᠨ ᠨᠣᠴᠣᠭᠰᠠᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠠᠯᠭᠤᠷᠬᠠᠨ ᠤᠨᠲᠠᠷᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠪᠢᠳᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠪᠤᠢ ᠪᠦᠬᠦᠢ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕       ᠬᠦᠴᠦ ᠬᠥᠯᠥᠰᠦ ᠪᠠᠨ ᠠᠰᠬᠠᠷᠠᠭᠤᠯᠤᠨ ᠮᠡᠷᠡᠶᠢᠨ ᠲᠡᠮᠡᠴᠡᠬᠦ ᠳᠤᠨᠢ ᠤᠤᠬᠠᠶᠢᠯᠠᠬᠤ ᠳᠠᠭᠤᠨ ᠪᠠ ᠠᠯᠠᠭ᠎ᠠ ᠲᠠᠰᠢᠬᠤ ᠳᠠᠭᠤᠨ ᠵᠡᠷᠭᠡᠪᠡᠷ ᠨᠢᠵᠢᠭᠢᠨᠡᠨ᠎ᠡ᠃ ᠥᠷᠭᠡᠨ ᠣᠯᠠᠨ ᠲᠠᠮᠢᠷᠴᠢᠨ ᠪᠣᠯᠣᠨ ᠳᠠᠰᠬᠠᠯᠵᠢᠭᠤᠯᠤᠭᠴᠢ᠂ ᠬᠢᠨᠠᠭᠴᠢ ᠶᠢᠨ ᠤᠷᠤᠯᠳᠤᠭᠠᠨ ᠤ ᠲᠠᠯᠠᠪᠤᠷ ᠲᠤ ᠭᠠᠪᠰᠢᠭᠠᠶᠢᠯᠠᠵᠤ᠂ ᠮᠥᠰᠥ ᠴᠠᠰᠤᠨ ᠳᠤ ᠳᠡᠰᠢᠨ ᠴᠡᠨᠡᠯᠡᠵᠥ᠂ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠦᠶ᠎ᠡ ᠳᠡᠮᠵᠢᠨ ᠤᠯᠠᠮᠵᠢᠯᠠᠭᠳᠠᠵᠤ᠂ ᠦᠷᠭᠦᠯᠵᠢᠯᠡᠨ ᠲᠡᠮᠡᠴᠡᠬᠦ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠢ ᠪᠢᠳᠡ ᠮᠠᠷᠲᠠᠵᠤ ᠴᠢᠳᠠᠬᠤ ᠥᠭᠡᠶ; ᠲᠤᠭ᠎ᠠ ᠲᠣᠮᠰᠢ ᠦᠭᠡᠢ ᠠᠵᠢᠯᠲᠠᠨ᠂ ᠰᠠᠶᠢᠨ ᠲᠤᠷᠠᠴᠤᠳ᠂ ᠵᠠᠭᠤᠴᠢᠯᠠᠭᠤᠷ ᠤᠨ ᠰᠤᠷᠪᠤᠯᠵᠢᠯᠠᠬᠴᠢ ᠶᠠᠳᠠᠷᠠᠯ ᠵᠦᠳᠡᠷᠡᠯ ᠢ ᠦᠯᠦ ᠬᠠᠶᠢᠬᠤᠷᠤᠨ᠂ ᠪᠦᠯᠬᠦᠮᠳᠡᠨ ᠬᠠᠮᠵᠢᠯᠴᠠᠵᠤ᠂ ᠬᠠᠷᠠᠮ ᠦᠭᠡᠢ ᠵᠣᠷᠢᠭᠤᠯᠵᠤ᠂ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠤᠷᠤᠯᠳᠤᠭᠠᠨ ᠤ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠰᠠᠨ ᠢ ᠪᠢᠳᠡ ᠪᠠᠲᠤ ᠴᠡᠭᠡᠵᠢᠯᠡᠪᠡ; ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠬᠠᠯᠠᠭᠤᠨ ᠰᠡᠳᠬᠢᠯᠲᠦ ᠦᠵᠡᠭᠴᠢᠳ ᠬᠠᠮᠲᠤ ᠪᠠᠷ ᠦᠪᠡᠳᠡᠭᠰᠢ ᠴᠤᠭᠯᠠᠭᠠᠨ ᠳᠤ ᠣᠷᠣᠯᠴᠠᠵᠤ᠂ ᠤᠤᠬᠠᠶᠢᠯᠠᠨ ᠬᠠᠰᠬᠢᠷᠴᠤ ᠰᠦᠷ ᠬᠦᠴᠦᠨ ᠨᠡᠮᠡᠷᠢᠯᠡᠵᠦ᠂ ᠣᠷᠭᠢᠯᠤᠮ᠎ᠠ ᠰᠡᠳᠬᠢᠯᠭᠡ ᠪᠠᠷ ᠬᠤᠷᠰᠢᠯᠴᠠᠵᠤ᠂ ᠭᠤᠶᠢᠳᠠ ᠰᠠᠶᠢᠬᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠭᠦᠭ ᠨᠡᠮᠡᠵᠦ᠂ ᠡᠪᠦᠯ ᠤᠨ ᠤᠯᠠᠷᠢᠯ ᠤᠨ ᠥᠪᠥᠷ ᠮᠣᠩᠭᠤᠯ ᠳᠤ ᠬᠠᠯᠠᠭᠤᠨ ᠳᠤᠯᠠᠭᠠᠨ ᠨᠡᠮᠡᠷᠢᠯᠡᠭᠰᠡᠨ ᠢ ᠪᠢᠳᠡ ᠣᠯᠵᠤ ᠬᠠᠷᠠᠯ᠎ᠠ᠃ ᠤᠮᠠᠷᠠᠲᠤ ᠶᠢᠨ ᠡᠬᠡ ᠭᠠᠵᠠᠷ ᠲᠤ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠠᠯᠠᠭᠤᠨ ᠥᠷᠨᠢᠯᠲᠡ ᠭᠠᠷᠴᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠥᠷᠨᠢᠩᠭᠦᠢ ᠬᠥᠭᠵᠢᠵᠦ᠂ ︽ᠬᠦᠢᠲᠡᠨ ᠡᠬᠢ ᠪᠠᠶᠠᠯᠢᠭ︾ ᠦᠷᠭᠦᠯᠵᠢᠯᠡᠨ ︽ᠬᠠᠯᠠᠭᠤᠨ ᠦᠷ᠎ᠡ ᠨᠥᠯᠥᠭᠡ︾ ᠭᠠᠷᠭᠠᠵᠤ ᠪᠠᠶᠢᠬᠤ ᠶᠢ ᠪᠢᠳᠡ ᠣᠯᠵᠤ ᠮᠡᠳᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ  ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠭᠦ᠂ ᠤᠷᠤᠯᠳᠤᠭᠠᠨ ᠳᠤ ᠣᠷᠣᠯᠴᠠᠵᠤ ᠰᠢᠯᠢᠳᠡᠭ ᠬᠢᠷᠢ ᠪᠦᠳᠦᠮᠵᠢ ᠣᠯᠬᠤ᠂ ᠬᠠᠨᠤᠮᠵᠢᠳᠠᠢ ᠦᠢᠯᠡᠴᠢᠯᠡᠭᠡ ᠬᠠᠩᠭᠠᠬᠤ᠂ ᠤᠯᠠᠨ ᠲᠦᠮᠡᠨ ᠮᠠᠭᠲᠠᠨ ᠱᠠᠭᠰᠢᠬᠤ᠂ ᠬᠥᠭᠵᠢᠯᠲᠡ ᠳᠤ ᠬᠦᠴᠦᠨ ᠨᠡᠮᠡᠷᠢᠯᠡᠬᠦ︾ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭ᠎ᠠ᠂ ᠮᠠᠨ ᠤ ᠤᠯᠤᠰ ᠤᠨ ᠡᠷᠭᠢᠯᠡᠭᠰᠡᠨ  ᠬᠦᠷᠢᠶ᠎ᠡ ᠬᠡᠪᠴᠢᠶ᠎ᠡ ᠪᠠᠷ ᠬᠠᠮᠤᠭ ᠤᠨ ᠶᠡᠭᠡ᠂ ᠬᠢᠷᠢ ᠲᠦᠪᠰᠢᠨ ᠢᠶᠠᠷ ᠬᠠᠮᠤᠭ ᠤᠨ ᠥᠨᠳᠥᠷ᠂ ᠠᠯᠤᠰ ᠭᠡᠲᠦ ᠶᠢᠨ ᠨᠥᠯᠥᠭᠡ ᠪᠦᠬᠦᠢ ᠪᠦᠭᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠮᠥᠰᠥ ᠴᠠᠰᠤᠨ ᠤ ᠤᠷᠤᠯᠳᠤᠭᠠᠨ ᠪᠣᠯᠣᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠶᠠᠪᠤᠳᠠᠯ ᠪᠣᠯ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠷᠠᠭ᠎ᠠ ᠮᠠᠨ ᠤ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠨᠢᠭᠡ ᠤᠳᠠᠭ᠎ᠠ ᠶᠢᠨ ᠲᠥᠪᠯᠡᠷᠡᠩᠭᠦᠢ ᠦᠵᠡᠭᠦᠯᠭᠡ ᠪᠣᠯᠣᠨ᠎ᠠ᠂ ᠡᠨᠡ ᠨᠢ ᠮᠠᠨ ᠤ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠭᠦᠨᠵᠡᠭᠡᠢ ᠠᠬᠢᠭᠤᠯᠤᠭᠰᠠᠨ ︽ᠡᠮᠦᠨᠡᠰᠢ ᠥᠷᠭᠡᠳᠬᠡᠵᠦ᠂ ᠪᠠᠷᠠᠭᠤᠨᠰᠢ ᠲᠡᠯᠡᠵᠦ᠂ ᠵᠡᠭᠦᠨᠰᠢ ᠤᠷᠤᠭᠰᠢᠯᠠᠬᠤ︾ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ᠂ ︽ᠭᠤᠷᠪᠠᠨ ᠳ᠋ᠦᠩᠰᠢᠭᠤᠷ ᠬᠥᠮᠥᠨ ᠢ ᠲᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠤᠭᠰᠠᠨ︾ ᠡᠯᠪᠡᠭ ᠪᠠᠶᠠᠯᠢᠭ ᠦᠷ᠎ᠡ ᠪᠦᠲᠦᠭᠡᠯ ᠪᠣᠯᠣᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠶᠠᠪᠤᠳᠠᠯ ᠪᠣᠯ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠨᠢᠭᠡ ᠤᠳᠠᠭ᠎ᠠ ᠶᠢᠨ ᠶᠡᠭᠡ ᠪᠣᠯᠪᠠᠰᠤᠷᠠᠯ᠂ ᠶᠡᠭᠡ ᠰᠢᠯᠭᠠᠨ ᠪᠠᠶᠢᠴᠠᠭᠠᠯᠲᠠ ᠪᠣᠯᠣᠨ᠎ᠠ᠂ ᠡᠨᠡ ᠨᠢ ᠮᠠᠨ ᠤ ᠤᠯᠤᠰ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠭᠢᠶᠠᠯ ᠣᠯᠭᠤᠵᠠᠢ᠃ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠮᠠᠨ ᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠥᠷᠨᠢᠩᠭᠦᠢ ᠬᠥᠭᠵᠢᠯᠲᠡ ᠶᠢ ᠳᠠᠶᠢᠴᠢᠯᠠᠵᠤ᠂ ᠣᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠵᠢᠴᠢ ᠪᠡᠶ᠎ᠡ ᠶᠢᠨ ᠲᠠᠮᠢᠷ ᠤᠨ ᠦᠢᠯᠡᠰ ᠤᠨ ᠡᠯ᠎ᠡ ᠬᠦᠷᠢᠶᠡᠨ ᠤ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠬᠥᠲᠥᠯᠥᠨ ᠳᠠᠶᠢᠴᠢᠯᠠᠬᠤ ᠪᠣᠯᠣᠨ᠎ᠠ᠃       ᠨᠢᠭᠡ ᠤᠳᠠᠭᠠᠨ ᠤ ᠮᠥᠰᠥ ᠴᠠᠰᠤᠨ ᠤ ᠪᠣᠯᠵᠤᠭ᠎ᠠ ᠲᠦᠮᠡᠨ ᠤᠯᠠᠨ ᠤ ᠠᠩᠬᠠᠷᠤᠯ ᠢ ᠲᠠᠲᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠦᠭᠦ ᠤᠯᠤᠰ ᠵᠢᠴᠢ ᠳᠡᠯᠡᠬᠡᠢ ᠳ᠋ᠠᠬᠢᠨ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠤᠮᠠᠷᠠᠲᠤ ᠬᠢᠯᠢ ᠶᠢᠨ  ᠵᠢᠪᠬᠤᠭ᠎ᠠ᠂ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠮᠰᠤᠭ ᠵᠣᠴᠢᠨᠰᠠᠭ ᠵᠢᠴᠢ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠰᠡᠨ ᠠᠭᠤᠤ ᠶᠡᠭᠡ ᠠᠮᠵᠢᠯᠲᠠ ᠶᠢ ᠢᠯᠡᠷᠡᠭᠦᠯᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠠᠰᠠ ᠥᠪᠥᠷ ᠮᠣᠩᠭᠤᠯ ᠳᠤ ᠬᠤᠪᠣᠷ ᠨᠠᠨᠳᠢᠨ ᠥᠪ ᠬᠥᠷᠥᠩᠭᠡ ᠦᠯᠡᠳᠡᠭᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠷᠭᠢᠯᠡᠭᠦ ᠳᠤ ᠲᠦᠰᠢᠭᠯᠡᠨ᠂ ᠥᠪᠥᠷ ᠮᠣᠩᠭᠤᠯ ᠮᠥᠰᠥ ᠴᠠᠰᠤᠨ ᠤ ᠳᠠᠪᠠᠭᠤᠯᠢᠭ ᠲᠠᠭᠠᠨ ᠰᠠᠭᠤᠷᠢᠯᠠᠨ ᠮᠥᠰᠥ ᠴᠠᠰᠤᠨ ᠤ ᠠᠰᠢᠭ ᠢ ᠨᠡᠮᠡᠭᠳᠡᠭᠦᠯᠵᠦ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠤᠷᠤᠯᠳᠤᠭᠠᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠵᠡᠷᠭᠡ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠢ ᠶᠠᠭ ᠲᠦᠷᠭᠡᠳᠬᠡᠨ ᠣᠨᠳᠣᠣᠰᠢᠭᠤᠯᠤᠨ ᠠᠰᠢᠭᠯᠠᠵᠤ᠂ ︽ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠴᠠᠭᠠᠨ ᠳᠡᠯᠡᠬᠡᠢ ᠨᠢ ᠴᠦ ᠠᠯᠳᠠ ᠮᠥᠩᠭᠦᠨ ᠠᠭᠤᠯᠠ ᠮᠥᠨ︾ ᠭᠡᠬᠦ ᠦᠵᠡᠰᠬᠦᠯᠡᠩᠲᠦ ᠰᠠᠶᠢᠬᠠᠨ ᠦᠵᠡᠮᠵᠢ ᠶᠢ ᠭᠦᠢᠴᠡᠳ ᠳᠡᠯᠭᠡᠨ ᠦᠵᠡᠭᠦᠯᠵᠦ᠂ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠳᠤ ᠥᠷᠭᠡᠨ ᠠᠭᠤᠳᠠᠮ ᠢᠷᠡᠭᠡᠳᠦᠢ ᠶᠢ ᠡᠭᠦᠳᠦᠨ ᠥᠭᠴᠦ᠂ ︽ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠰᠦᠷ ᠳᠠᠯᠠᠶᠢᠴᠠᠲᠠᠢ ᠬᠥᠳᠡᠯᠭᠡᠬᠦ ᠴᠢᠳᠠᠪᠤᠷᠢ ᠨᠡᠮᠡᠷᠢᠯᠡᠪᠡ᠃       ︽ᠬᠥᠳᠡᠭᠡ ᠮᠣᠩᠭᠤᠯ ᠨᠤᠲᠤᠭ ᠲᠠᠭᠠᠨ ᠬᠦᠷᠴᠦ ᠵᠣᠯᠭᠠᠬᠤ ᠶᠢᠨ ᠪᠣᠯᠵᠤᠭ᠎ᠠ ᠲᠠᠢ᠂ ᠭᠦᠯᠦᠭ ᠤᠨ ᠵᠢᠯᠣᠭᠤ ᠰᠤᠩᠭᠠᠬᠤ ᠳᠤ ᠬᠦᠷᠡᠩ ᠵᠢᠷᠦᠬᠡ ᠮᠢᠨᠢ ᠪᠣᠯᠭᠢᠶ᠎ᠠ  ᠲᠠᠢ ᠁︾  ᠤᠴᠠᠷᠠᠯ ᠵᠣᠯᠭᠠᠯᠲᠠ  ᠬᠤᠭᠤᠴᠠᠭ᠎ᠠ ᠲᠠᠢ ᠪᠤᠯᠪᠠᠴᠤ ᠬᠦᠰᠡᠯ ᠵᠡᠭᠦᠳᠦ ᠶᠢᠨ ᠬᠥᠭᠡᠭᠡᠴᠡᠯᠳᠦᠯ ᠬᠢᠵᠠᠭᠠᠯᠠᠰᠢ ᠦᠭᠡᠢ ᠶᠤᠮ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠨᠳᠥᠷᠯᠡᠭᠰᠡᠨ ᠪᠤᠯᠪᠠᠴᠤ ᠬᠥᠮᠥᠰ ᠤᠨ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠪᠠ ᠬᠦᠰᠡᠯ ᠵᠡᠭᠦᠳᠦ ᠵᠦᠭ ᠢᠶᠠᠨ ᠲᠡᠮᠡᠦᠯᠬᠦ ᠬᠦᠰᠡᠯ ᠵᠡᠭᠦᠳᠦ ᠨᠢ ᠡᠭᠦᠷᠢᠳᠡ ᠵᠣᠭᠰᠣᠰᠢ ᠦᠭᠡᠢ ᠶᠤᠮ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠵᠡᠭᠡᠶ᠎ᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ