ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠨᠳᠥᠷᠯᠡᠪᠡ ᠭᠤᠤ ᡁᠢ ᠳ᠋ᠠᠨ ᠸᠠᠩ ᠯᠢ ᠰᠢᠶᠠ ᠪᠠᠶᠠᠷ ᠤᠨ ᠦᠭᠡ ᠬᠡᠯᠡᠵᠦ ᠯᠢ ᠯᠧ ᠴᠧᠩ ᠳᠤᠭ ᠢ ᠳᠤᠰᠪᠠ
ᠨᠡᠶᠢᠲᠡᠯᠡᠭᠰᠡᠨ ᠴᠠᠭ᠄
2024/2/28
       2 ᠰᠠᠷ᠎ᠠ ᠶᠢᠨ 27 ᠤ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ᠃ ᠤᠷᠤᠯᠳᠤᠭᠠᠨ ᠳᠤ ᠣᠷᠣᠯᠴᠠᠬᠰᠠᠨ ᠲᠠᠮᠢᠷᠴᠢᠨ᠂ ᠳᠠᠰᠬᠠᠯᠵᠢᠭᠤᠯᠤᠭᠴᠢ᠂ ᠠᠵᠢᠯᠲᠠᠨ ᠪᠣᠯᠣᠨ ᠵᠣᠴᠢᠨ ᠬᠥᠯᠥᠨ ᠪᠤᠶᠢᠷ ᠤᠨ ᠲᠣᠮᠣ ᠲᠢᠶᠠᠳ᠋ᠷ ᠲᠤ ᠴᠤᠭᠯᠠᠷᠠᠵᠤ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠣᠭᠰᠠᠨ ᠢ ᠪᠡᠯᠭᠡᠯᠡᠪᠡ᠃
20240228-1.jpg
       2 ᠰᠠᠷ᠎ᠠ ᠶᠢᠨ 27 ᠤ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ᠃ ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ       ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ᠃ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠯᠢ ᠯᠧ ᠴᠧᠩ᠂ ᠮᠤᠵᠢ ᠶᠢᠨ ᠳᠡᠳ᠋ ᠳᠠᠷᠤᠭ᠎ᠠ ᠭᠦᠸᠧ ᠼᠠᠢ ᠶᠦᠨ ᠬᠤᠷᠠᠯ ᠳᠤ ᠣᠷᠣᠯᠴᠠᠪᠠ᠃       20 ᠴᠠᠭ ᠠᠴᠠ ᠲᠡᠭᠦᠰᠬᠦ ᠶᠣᠰᠣᠯᠠᠯ ᠡᠬᠢᠯᠡᠵᠦ᠂ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠷᠭᠢᠯᠡᠪᠡ᠃ ᠡᠯ᠎ᠡ ᠲᠥᠯᠥᠭᠡᠯᠡᠭᠴᠢᠳ ᠤᠨ ᠪᠦᠯᠭᠦᠮ ᠡᠮᠬᠢ ᠳᠠᠷᠠᠭ᠎ᠠ ᠲᠠᠢ ᠲᠠᠯᠠᠪᠠᠢ ᠳᠤ ᠣᠷᠣᠵᠤ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃       ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠵᠧᠦ ᠶᠢᠨ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠲᠥᠯᠥᠭᠡᠯᠡᠭᠴᠢᠳ ᠤᠨ ᠪᠦᠯᠭᠦᠮ ᠳᠤ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠪᠠ ᠤᠷᠤᠯᠳᠤᠭᠠᠨ ᠳᠤ ᠣᠷᠣᠯᠴᠠᠬᠰᠠᠨ ᠳᠤᠷᠠᠰᠬᠠᠯ ᠤᠨ ᠱᠠᠩᠨᠠᠯ ᠣᠯᠭᠤᠬᠤ ᠲᠤᠬᠠᠢ ᠲᠣᠭᠲᠠᠭᠠᠯ ᠢ ᠤᠩᠰᠢᠨ ᠨᠡᠶᠢᠲᠡᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠷᠦᠢ ᠯᠢᠶᠠᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢ ᠲᠥᠯᠥᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠤᠷᠠᠰᠬᠠᠯ ᠤᠨ ᠪᠣᠳᠠᠰ ᠪᠡᠯᠡᠭᠯᠡᠪᠡ᠃       ᠸᠠᠩ ᠯᠢ ᠰᠢᠶᠠ ᠪᠠᠶᠠᠷ ᠤᠨ ᠦᠭᠡ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠪᠦᠭᠦ ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭᠴᠢ ᠬᠠᠮᠲᠤ ᠪᠠᠷ ᠴᠢᠷᠮᠠᠶᠢᠵᠤ᠂ ᠥᠷᠭᠡᠨ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ᠂ ᠤᠳᠠᠯ ᠦᠭᠡᠢ ᠥᠨᠳᠥᠷᠯᠡᠬᠦ ᠪᠣᠯᠣᠯ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠣᠷᠣᠨ ᠤ ᠳᠣᠲᠣᠨ᠎ᠠ ᠭᠠᠳᠠᠨᠠᠬᠢ ᠡᠯ᠎ᠡ ᠤᠷᠤᠯᠳᠤᠭᠠᠨ ᠤ ᠲᠣᠭᠤᠷᠢᠭ᠂ ᠪᠤᠢ ᠪᠦᠬᠦᠢ ᠣᠷᠣᠯᠴᠠᠭᠴᠢ᠂ ᠬᠤᠪᠢ ᠨᠡᠮᠡᠷᠢ ᠦᠵᠡᠭᠦᠯᠦᠭᠰᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠨᠢᠭᠡ ᠤᠳᠠᠭ᠎ᠠ ᠶᠢᠨ ᠶᠡᠭᠡ ᠪᠣᠯᠪᠠᠰᠤᠷᠠᠯ᠂ ᠶᠡᠭᠡ ᠰᠢᠯᠭᠠᠨ ᠪᠠᠶᠢᠴᠠᠭᠠᠯᠲᠠ ᠮᠥᠨ᠂ ᠮᠥᠨ ᠴᠦ ᠮᠠᠨ ᠤ ᠤᠯᠤᠰ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠭᠢᠶᠠᠯ ᠣᠯᠭᠤᠵᠠᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠭᠤᠷᠪᠠᠨ ᠳ᠋ᠦᠩᠰᠢᠭᠤᠷ ᠬᠥᠮᠥᠨ ᠢ ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ︕ ᠭᠡᠪᠡ᠃       ᠭᠤᠤ ᡁᠢ ᠳ᠋ᠠᠨ ᠪᠠᠶᠠᠷ ᠤᠨ ᠦᠭᠡ ᠬᠡᠯᠡᠬᠦ ᠳᠡᠭᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠦᠭᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ᠂ ᠲᠥᠭᠦᠮ ᠠᠪᠰᠠᠷᠬᠠᠨ ᠪᠥᠭᠡᠳ ᠠᠮᠤᠷ ᠲᠦᠪᠰᠢᠨ᠂ ᠪᠣᠬᠢᠷᠳᠤᠯ ᠦᠭᠡᠢ ᠠᠷᠠᠳ ᠲᠤ ᠠᠰᠢᠭ ᠬᠦᠷᠲᠡᠭᠡᠭᠰᠡᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠵᠡᠢ᠂ ᠡᠨᠡ ᠨᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠦᠷᠢᠨ ᠲᠡᠭᠦᠯᠳᠡᠷ ᠢᠯᠡᠷᠡᠯ ᠪᠤᠯᠬᠤ ᠪᠥᠭᠡᠳ ᠪᠠᠰᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠦᠢᠯᠡᠳᠦᠯᠭᠡ ᠮᠥᠨ᠃ ᠲᠠᠮᠢᠷ ᠤᠨ ᠴᠤᠭᠯᠠᠭᠠᠨ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠯ᠂ ᠥᠨᠳᠥᠷ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠦ ᠲᠦᠪᠰᠢᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠡᠭᠦᠯᠳᠡᠷᠵᠢᠯ ᠪᠠ ᠴᠢᠳᠠᠪᠤᠷᠢᠲᠠᠨ ᠤ ᠥᠨᠢᠷ ᠪᠠᠶᠠᠯᠢᠭ ᠪᠠᠶᠢᠬᠤ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠡᠦᠬᠡᠨ ᠳᠤ ᠥᠩᠭᠡ ᠢᠯᠭᠠᠷᠠᠮ᠎ᠠ ᠤᠯᠠ ᠮᠥᠷ ᠢ ᠦᠯᠡᠳᠡᠭᠡᠬᠦ ᠨᠢ ᠯᠠᠪᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠢᠯᠡᠳᠬᠡᠪᠡ᠃        ᠳᠠᠷᠠᠭ᠎ᠠ ᠨᠢ᠂ ᠭᠤᠤ ᡁᠢ ᠳ᠋ᠠᠨ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰᠪᠡ ᠭᠡᠵᠦ ᠨᠡᠶᠢᠲᠡᠯᠡᠪᠡ᠃ ᠴᠤᠭᠯᠠᠭᠠᠨ ᠤ ᠲᠤᠭ ᠢ ᠠᠯᠭᠤᠷᠬᠠᠨ ᠪᠠᠭᠤᠯᠭᠠᠵᠤ᠂ 11 ᠡᠳᠦᠷ ᠳᠦᠷᠡᠯᠵᠡᠭᠰᠡᠨ ᠭᠤᠣᠯ ᠭᠠᠯ ᠪᠠᠮᠪᠠᠷ ᠠᠭᠠᠵᠢᠮ ᠢᠶᠠᠷ ᠤᠨᠲᠠᠷᠠᠪᠠ᠃       ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 31 ᠮᠤᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠰᠢᠶᠠᠩᠭᠠᠩ ᠣᠣᠮᠧᠨ ᠣᠷᠣᠨ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 35 ᠲᠥᠯᠥᠭᠡᠯᠡᠭᠴᠢᠳ ᠤᠨ ᠪᠦᠯᠭᠦᠮ ᠤᠨ 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠯᠭᠦᠮ ᠤᠨ ᠲᠥᠷᠥᠯ ᠵᠦᠢᠯ ᠤᠨ ᠤᠷᠤᠯᠳᠤᠭᠠᠨ ᠳᠤ ᠣᠷᠣᠯᠴᠠᠪᠠ᠃ ᠡᠯ᠎ᠡ ᠲᠥᠷᠥᠯ ᠵᠦᠢᠯ ᠤᠨ ᠮᠥᠰᠥ ᠴᠠᠰᠤᠨ ᠤ ᠲᠠᠮᠢᠷᠴᠢᠳ ᠡᠷᠡᠮᠡᠬᠡᠶᠢᠯᠡᠨ ᠲᠡᠮᠡᠴᠡᠵᠦ᠂ ᠥᠷᠢᠰᠦᠯᠳᠦᠭᠡᠨ ᠵᠠᠷᠯᠠᠵᠤ᠂ ᠲᠦᠷᠭᠡᠨ ᠲᠡᠰᠢᠯᠲᠡ ᠶᠢᠨ ᠲᠥᠷᠥᠯ ᠵᠦᠢᠯ ᠳᠤ 1 ᠬᠥᠮᠥᠨ 1 ᠤᠳᠠᠭ᠎ᠠ 1 ᠲᠦᠷᠦᠯ ᠤᠨ ᠪᠦᠭᠦ ᠤᠯᠤᠰ ᠤᠨ ᠲᠡᠮᠳᠡᠭᠯᠡᠯ ᠢ ᠰᠢᠨᠡᠳᠬᠡᠵᠦ᠂ 2 ᠠᠩᠭᠢ 2 ᠤᠳᠠᠭ᠎ᠠ 1 ᠲᠦᠷᠦᠯ ᠤᠨ ᠪᠦᠭᠦ ᠤᠯᠤᠰ ᠤᠨ ᠵᠠᠯᠠᠭᠤᠴᠤᠳ ᠤᠨ ᠲᠡᠮᠳᠡᠭᠯᠡᠯ ᠢ ᠰᠢᠨᠡᠳᠬᠡᠪᠡ᠃       ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ᠂ ᠸᠠᠩ ᠯᠢ ᠰᠢᠶᠠ ᠲᠠᠮᠢᠷ ᠤᠨ ᠴᠤᠭᠯᠠᠭᠠᠨ ᠤ ᠲᠤᠭ ᠢ ᠬᠤᠷᠦ᠋ᠢᠯᠠᠵᠤ᠂ ᠲᠠᠷᠠᠭ᠎ᠠ ᠨᠢ ᠭᠤᠤ ᡁᠢ ᠳ᠋ᠠᠨ ᠳᠤ ᠭᠠᠷᠳᠠᠭᠤᠯᠵᠤ᠂ ᠭᠤᠤ ᡁᠢ ᠳ᠋ᠠᠨ ᠲᠠᠮᠢᠷ ᠤᠨ ᠴᠤᠭᠯᠠᠭᠠᠨ ᠤ ᠲᠤᠭ ᠢ ᠯᠢ ᠯᠧ ᠴᠧᠩ ᠳᠤ ᠭᠠᠷᠳᠠᠭᠤᠯᠪᠠ᠃ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2028 ᠣᠨ ᠳᠤ ᠯᠢᠶᠣᠤᠨᠢᠩ ᠮᠤᠵᠢ ᠳᠤ ᠶᠠᠪᠤᠭᠳᠠᠬᠤ ᠪᠣᠯᠣᠨ᠎ᠠ᠃       ᠪᠠᠶᠠᠷ ᠪᠠᠶᠠᠰᠬᠤᠯᠠᠩᠲᠤ ᠬᠥᠭᠵᠢᠮ ᠤᠨ ᠳᠤᠮᠳᠠ᠂ ᠤᠷᠠᠨ ᠰᠠᠶᠢᠬᠠᠨ ᠤ ᠲᠣᠬᠯᠠᠯᠲᠠ ᠡᠬᠢᠯᠡᠪᠡ᠃ ᠠᠷᠪᠠᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠭᠦ ᠭᠠᠵᠠᠷ ᠯᠢᠶᠣᠤᠨᠢᠩ ᠮᠤᠵᠢ ︽ᠠᠭᠤᠯᠠ ᠤᠰᠤᠨ ᠤ ᠡᠪᠦᠯ ᠤᠨ ᠡᠭᠡᠰᠢᠭᠯᠢᠭ︾ ᠢ ᠭᠤᠶᠢᠳᠠ ᠰᠠᠶᠢᠬᠠᠨ ᠲᠣᠭᠯᠠᠪᠠ᠃ ᠲᠠᠷᠠᠭ᠎ᠠ ᠨᠢ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠭᠡᠬᠦ ᠭᠤᠣᠯ ᠰᠡᠳᠦᠪᠲᠦ ᠲᠣᠬᠯᠠᠯᠲᠠ ᠭᠤᠶᠢᠳᠠ ᠰᠠᠶᠢᠬᠠᠨ ᠶᠠᠪᠤᠭᠳᠠᠪᠠ᠃ ᠪᠥᠵᠢᠭ ︽ᠤᠢ ᠰᠢᠭᠤᠢ ᠶᠢ ᠮᠡᠳᠡᠭᠴᠢ︾ ᠨᠢ ᠬᠥᠯᠥᠨ ᠪᠤᠶᠢᠷ ᠤᠨ ᠬᠥᠬᠡᠮᠳᠦᠭ ᠨᠣᠭᠤᠭᠠᠨ ᠠᠭᠤᠯᠠ ᠤᠰᠤ ᠪᠠ ᠠᠷᠠᠳ ᠤᠨ ᠵᠠᠩ ᠦᠢᠯᠡ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ᠃ ︽ᠴᠢ ᠮᠢᠨᠢ ᠳᠡᠷᠭᠡᠳᠡ ᠪᠠᠶᠢᠭ᠎ᠠ ᠪᠣᠯᠬᠤᠷ︾ ᠭᠡᠬᠦ ᠳᠠᠭᠤᠤ ᠪᠥᠵᠢᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠥᠯᠥᠭᠡ ᠬᠠᠷᠠᠮ ᠦᠭᠡᠢ ᠵᠣᠷᠢᠭᠤᠯᠤᠭᠰᠠᠨ ᠪᠤᠢ ᠪᠦᠬᠦᠢ ᠬᠥᠮᠥᠰ ᠲᠤ ᠬᠦᠨᠳᠦᠳᠬᠡᠯ ᠳᠡᠪᠰᠢᠭᠦᠯᠪᠡ᠃ ᠳᠠᠭᠤᠤ ︽ᠰᠢᠨ᠎ᠡ ᠭᠠᠷᠤᠭ᠎ᠠ︾ ᠨᠢ ᠮᠥᠰᠥ ᠴᠠᠰᠤᠨ ᠤ ᠲᠠᠮᠢᠷᠴᠢᠳ ᠤᠨ ᠰᠢᠨ᠎ᠡ ᠠᠶᠠᠨ ᠳᠠᠭᠠᠨ ᠮᠣᠷᠳᠠᠵᠤ᠂ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠴᠢᠩ ᠰᠡᠳᠬᠢᠯ ᠤᠨ ᠵᠥᠩᠨᠡᠯ ᠳᠡᠪᠰᠢᠭᠦᠯᠪᠡ᠃       ᠬᠠᠮᠤᠭ ᠤᠨ ᠰᠡᠭᠦᠯ ᠳᠤ᠂ ︽ᠲᠠᠯ᠎ᠠ ᠨᠤᠲᠤᠭ ᠲᠤ ᠵᠣᠭᠰᠣᠵᠤ ᠪᠡᠭᠡᠵᠢᠩ ᠢ ᠪᠠᠷᠠᠯᠠᠬᠤᠶ᠎ᠠ︾ ᠭᠡᠬᠦ ᠬᠥᠮᠥᠨ ᠢ ᠰᠣᠬᠲᠣᠷᠠᠭᠤᠯᠤᠮ᠎ᠠ ᠳᠠᠭᠤᠤ ᠶᠢᠨ ᠳᠤᠮᠳᠠ ᠣᠯᠠᠨ ᠢᠶᠠᠷ ᠢᠶᠠᠨ ᠰᠠᠯᠵᠤ ᠶᠠᠳᠠᠨ᠂ ᠬᠠᠷᠢᠯᠴᠠᠨ ᠵᠥᠩᠨᠡᠯ ᠳᠡᠪᠰᠢᠭᠦᠯᠵᠦ᠂ ᠳᠠᠷᠠᠭ᠎ᠠ ᠤᠳᠠᠭ᠎ᠠ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠳᠠᠭᠢᠨ ᠠᠭᠤᠯᠵᠠᠬᠤ ᠶᠢᠨ ᠢᠷᠦᠭᠡᠯ ᠲᠠᠯᠪᠢᠯ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ