ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠠᠢ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠤᠳᠠᠯ ᠦᠭᠡᠢ ᠨᠡᠶᠢᠲᠡᠯᠡᠬᠦ ᠭᠡᠵᠦ ᠪᠠᠶᠢᠨ᠎ᠠ︕
ᠨᠡᠶᠢᠲᠡᠯᠡᠭᠰᠡᠨ ᠴᠠᠭ᠄
2024/2/28
       ᠰᠤᠷᠪᠤᠯᠵᠢᠯᠠᠭᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠡᠭᠡᠵᠢᠩ ᠢ ᠪᠠᠭᠲᠠᠭᠠᠭᠰᠠᠨ ᠣᠯᠠᠨ ᠭᠠᠵᠠᠷ ᠤᠨ ᠬᠢᠨ ᠴᠥᠮ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠴᠡᠨᠡᠭ ᠤᠨ ᠠᠶᠤᠯᠭᠦᠶ ᠴᠢᠨᠠᠷ ᠤᠨ ᠲᠤᠬᠠᠶ ᠣᠷᠣᠨ ᠨᠤᠲᠤᠭ ᠤᠨ ᠴᠢᠨᠠᠷᠲᠠᠶ ᠮᠡᠷᠭᠡᠵᠢᠯ ᠤᠨ ᠪᠠᠷᠢᠮᠵᠢᠶ᠎ᠠ ᠲᠣᠭᠲᠠᠭᠠᠭᠰᠠᠨ ᠪᠠᠶᠢᠨ᠎ᠠ︔ ᠡᠭᠦᠨ ᠠᠴᠠ ᠭᠠᠳᠠᠨ᠎ᠠ᠂ ᠮᠠᠨ ᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠤᠳᠠᠯ ᠥᠬᠡᠶ ᠨᠡᠶᠢᠲᠡᠯᠡᠬᠦ ᠪᠠᠷ ᠪᠠᠶᠢᠨ᠎ᠠ᠃       ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠶᠤᠯᠭᠦᠶ ᠶᠢᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢᠨ ᠲᠥᠯᠥᠭᠡ᠂ 2022 ᠣᠨ ᠳᠤ᠂ ᠪᠡᠭᠡᠵᠢᠩ ᠬᠤᠲᠠ ᠶᠢᠨ ᠳᠤᠭᠤᠶ ᠲᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠵᠢᠯ ᠲᠥᠷᠥᠯ ᠤᠨ ᠨᠡᠶᠢᠭᠡᠮᠯᠢᠭ ᠠᠴᠠ ᠪᠦᠯᠬᠦᠮ ᠤᠨ ᠪᠠᠷᠢᠮᠵᠢᠶ᠎ᠠ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠴᠡᠨᠡᠭ ᠤᠨ ᠪᠦᠯᠦᠭ ᠤᠨ ᠮᠡᠷᠭᠡᠵᠢᠯ ᠤᠨ ᠵᠢᠷᠤᠮᠵᠢᠯ︾ ᠢ ᠲᠣᠭᠲᠠᠭᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ