ᠡᠨᠡ ᠮᠡᠬᠡᠯᠡᠯ ᠳᠤ ᠶᠠᠭᠠᠬᠢᠭᠠᠳ ᠲᠦᠮᠡ ᠭᠠᠷᠤᠶ ᠬᠥᠮᠦᠨ ᠮᠡᠬᠡᠯᠡᠭᠳᠡᠭᠰᠡᠨ ᠶᠤᠮ ᠪᠤᠢ︖
ᠨᠡᠶᠢᠲᠡᠯᠡᠭᠰᠡᠨ ᠴᠠᠭ᠄
2024/2/28
       ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠦᠨ ᠵᠦᠪᠭᠡᠨ ᠨᠢᠭᠡ ᠯᠡ ᠰᠢᠷᠭᠡᠭ ᠬᠤᠳᠠᠯᠳᠤᠨ ᠠᠪᠴᠤ ᠪᠤᠯᠤᠨ᠎ᠠ᠂ ᠨᠢᠭᠡ ᠰᠢᠷᠭᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠭᠡ ᠮᠦᠡᠭᠭᠦ ᠶᠢ ᠪᠠᠲᠤᠯᠠᠬᠤ ᠶᠢᠨ ᠰᠠᠭᠤᠷᠢ ᠲᠡᠭᠡᠷ᠎ᠡ 5 ᠲᠦᠮᠡᠨ ᠲᠥᠭᠦᠷᠢᠭ ᠣᠯᠤᠨ᠎ᠠ︾᠁ ᠡᠶᠢᠮᠦ ᠪᠤᠯᠬᠢ ᠪᠦᠳᠦᠬᠦᠯᠢᠭ ᠮᠡᠬᠡᠯᠡᠯ ᠨᠢ 6 ᠵᠢᠯ ᠤᠨ ᠬᠤᠭᠤᠴᠠᠭᠠᠨ ᠳᠤ ᠲᠦᠮᠡ ᠭᠠᠷᠤᠢ ᠬᠤᠣᠷ ᠠᠮᠰᠠᠭᠴᠢ ᠶᠢ ᠮᠡᠬᠡᠯᠡᠪᠡ᠃       2023 ᠣᠨ ᠤ ᠳᠤᠤᠷ᠎ᠠ ᠬᠠᠭᠠᠰ ᠵᠢᠯ ᠳᠤ᠂ ᠹᠦᠵᠢᠶᠠᠨ ᠮᠤᠵᠢ ᠶᠢᠨ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠨᠢᠭᠡᠨ ᠮᠡᠬᠡᠯᠡᠯ ᠤᠨ ᠶᠠᠯᠠᠲᠤ ᠪᠦᠯᠬᠦᠮ ᠢ ᠠᠮᠵᠢᠯᠳ᠋ᠨ ᠲᠠᠢ ᠰᠦᠢᠷᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 2 ᠳ᠋ᠦᠩᠰᠢᠭᠤᠷ ᠲᠥᠭᠦᠷᠢᠭ ᠲᠤ ᠬᠦᠷᠴᠡᠶ᠃ ᠣᠶᠢᠷ᠎ᠠ ᠳᠤ᠂ ᠪᠠᠶᠢᠴᠠᠭᠠᠬᠤ ᠪᠠᠶᠢᠭᠤᠯᠭ᠎ᠠ ᠨᠢ ᠲᠣᠰ ᠬᠡᠷᠡᠭ ᠤᠨ ᠭᠤᠤᠯ ᠶᠠᠯ᠎ᠠ ᠬᠢᠭᠰᠡᠨ 12ᠰᠡᠵᠢᠭᠲᠡᠶ ᠬᠥᠮᠦᠨ ᠳᠤ ᠵᠠᠯᠭᠠᠭ᠎ᠠ ᠪᠠᠷ ᠠᠯᠪᠠᠨ ᠵᠠᠭᠠᠯᠳᠤᠯᠭ᠎ᠠ ᠭᠠᠷᠭᠠᠪᠠ᠃       ︽ᠮᠢᠩᠭ᠎ᠠ ᠣᠷᠣᠭᠤᠯᠪᠠᠯ ᠲᠠᠪᠤᠨ ᠲᠦᠮᠡ ᠣᠯᠤᠨ᠎ᠠ︾       67 ᠨᠠᠰᠤᠲᠠᠢ ᠯᠢᠨ ᠣᠪᠣᠭᠲᠤ ᠵᠠᠩᠵᠸᠤ ᠬᠤᠳᠠ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠲᠤ ᠠᠮᠤᠷ ᠢ ᠬᠠᠮᠠᠭᠠᠯᠠᠭᠴᠢ ᠪᠣᠯᠪᠠ᠃ ᠬᠡᠳᠦᠨ ᠵᠢᠯ ᠤᠨ ᠡᠮᠦᠨ᠎ᠡ᠂ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠲᠠᠨᠢᠯ ᠬᠥᠮᠦᠨ ᠲᠡᠭᠦᠨ ᠳᠤ᠄ ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠦᠨ ᠵᠦᠪᠭᠡᠨ ᠨᠢᠭᠡ ᠯᠡ ᠰᠢᠷᠭᠡᠭ ᠬᠤᠳᠠᠯᠳᠤᠨ ᠠᠪᠴᠤ ᠪᠤᠯᠤᠨ᠎ᠠ᠂ ᠨᠢᠭᠡ ᠰᠢᠷᠭᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠭᠡ ᠮᠦᠡᠭᠭᠦ ᠶᠢ ᠪᠠᠲᠤᠯᠠᠬᠤ ᠶᠢᠨ ᠰᠠᠭᠤᠷᠢ ᠲᠡᠭᠡᠷ᠎ᠡ 5 ᠲᠦᠮᠡᠨ ᠲᠥᠭᠦᠷᠢᠭ ᠣᠯᠤᠨ᠎ᠠ︾ ᠭᠡᠵᠦ ᠬᠡᠯᠡᠭᠰᠡᠨ ᠪᠥᠭᠡᠳ ᠯᠢᠨ ᠣᠪᠣᠭᠲᠤ ᠳᠤ ︽ᠡᠨᠡ ᠪᠣᠯ ᠤᠯᠤᠰ ᠤᠨ ᠨᠢᠭᠤᠴᠠ᠂ ᠶᠠᠭᠠᠬᠢᠭᠰᠠᠨ ᠴᠤ ᠪᠤᠰᠤᠳ ᠲᠤ ᠬᠡᠯᠡᠵᠦ ᠪᠣᠯᠬᠤ ᠦᠭᠡᠢ︾ ᠭᠡᠵᠦ ᠵᠠᠬᠢᠪᠠ᠃       ︽ᠲᠡᠷᠡ ᠪᠠᠰᠠ ᠨᠠᠳᠠᠳᠤ ᠪᠢᠴᠢᠭ ᠮᠠᠲ᠋ᠧᠷᠢᠶᠠᠯ ᠢ ᠦᠵᠡᠭᠦᠯᠦᠭᠰᠡᠨ᠃ ᠪᠢ ᠲᠤᠬᠠᠶ ᠶᠢᠨ ᠦᠶ᠎ᠡ ᠳᠤ ︿ᠤᠯᠤᠰ ᠠᠴᠠ ᠲᠠᠷᠬᠠᠭᠠᠬᠰᠠᠨ﹀ ᠭᠡᠳᠡᠭ ᠢ ᠨᠢ ᠦᠨᠡᠮᠰᠢᠨ ᠢᠲᠡᠭᠡᠵᠦ᠂ ᠥᠪᠡᠷ ᠤᠨ ᠪᠡᠶ᠎ᠡ ᠪᠣᠯᠤᠨ ᠭᠡᠷ ᠤᠨ ᠬᠥᠮᠦᠰ ᠤᠨ ᠪᠡᠶ᠎ᠡ ᠶᠢᠨ ᠭᠠᠷᠤᠯ ᠢᠶᠠᠷ 5000 ᠲᠥᠭᠦᠷᠢᠭ ᠵᠠᠷᠤᠴᠠᠭᠤᠯᠤᠨ 5 ᠰᠢᠷᠭᠡᠭ ᠬᠤᠳᠠᠯᠳᠤᠨ ᠠᠪᠴᠠᠢ᠂ ᠨᠦᠬᠦᠭᠡ ᠡᠳᠡᠭᠡᠳ ᠨᠠᠳᠠ ᠳᠤ ᠨᠡᠷ᠎ᠡ ᠬᠠᠳᠠᠭᠰᠠᠨ 5 ᠠᠯᠲᠠᠨ ᠺᠠᠷᠲ ᠢᠯᠡᠭᠡᠵᠡᠶ︾ ᠭᠡᠵᠦ ᠰᠠᠷ᠎ᠠ ᠳᠠᠭᠠᠨ 2000 ᠯᠠ ᠲᠥᠭᠦᠷᠢᠭ ᠤᠯᠳᠠᠭ ᠯᠢᠨ ᠣᠪᠣᠭᠲᠤ ᠬᠡᠯᠡᠭᠰᠡᠨ ᠢᠶᠠᠨ ᠵᠠᠯᠭᠠᠭᠠᠳ᠄ ︽ᠮᠢᠨᠦ ᠲᠠᠨᠢᠯᠴᠠᠭᠤᠯᠭ᠎ᠠ ᠪᠠᠷ ᠬᠤᠶᠠᠷ ᠨᠠᠶᠢᠵᠠ ᠮᠠᠨᠢ ᠲᠤᠰ ᠲᠤᠰ ᠲᠦᠮᠡ ᠰᠢᠬᠠᠮ ᠲᠥᠭᠦᠷᠢᠭ ᠤᠨ ᠪᠡᠯᠡ ᠣᠷᠣᠭᠤᠯᠵᠠᠶ᠃ ᠵᠢᠯ ᠤᠨ ᠡᠴᠦᠰ ᠪᠣᠯᠬᠤ ᠳᠤ᠂ 5 ᠺᠠᠷᠲ ᠢ ᠨᠢ ᠤᠳᠠᠲᠠᠯ᠎ᠠ ᠰᠣᠯᠢᠵᠤ ᠥᠭᠭᠦᠭᠰᠡᠨ ᠦᠭᠡᠢ ᠪᠣᠯᠬᠤᠷ ᠯᠢᠨ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠰᠡᠷᠡᠵᠦ ᠮᠡᠳᠡᠭᠡᠳ᠂ ᠬᠦᠦ ᠶᠢᠨ ᠢᠶᠠᠨ ᠢᠳᠬᠠᠯ ᠳᠣᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠬᠡᠷᠡᠭ ᠮᠡᠳᠡᠭᠦᠯᠪᠡ᠃       ᠤᠯᠠᠨ ᠬᠤᠬᠢᠷᠠᠯ ᠠᠮᠰᠠᠭᠴᠢ ᠶᠢᠨ ᠬᠡᠯᠡᠬᠦ ᠪᠠᠷ᠂ ᠰᠦᠢᠳᠬᠡᠯ ᠲᠤᠰᠢᠶᠠᠭᠠᠳ ᠭᠡᠰᠢᠭᠦᠨ ᠪᠣᠯᠤᠭᠰᠠᠨ ᠤ ᠳᠠᠷᠠᠭ᠎ᠠ᠂ ᠨᠡᠷ᠎ᠡ ᠮᠡᠳᠡᠭᠦᠯᠤᠭ᠍ᠰᠡᠨ ᠮᠦᠡᠭᠭᠦ ᠣᠯᠳᠠᠭ᠂ ᠳᠠᠷᠠᠭ᠎ᠠ ᠨᠢ ᠨᠡᠷ᠎ᠡ ᠮᠡᠳᠡᠭᠦᠯᠤᠭ᠍ᠰᠡᠨ ᠮᠦᠡᠭᠭᠦ ᠪᠠᠷ ᠢᠶᠠᠨ ᠸᠢᠴᠠᠲ ᠤᠨ ᠬᠤᠯᠪᠣᠭᠠᠨ ᠳᠤ ᠲᠠᠷᠬᠠᠭᠠᠭᠰᠠᠨ ︽ᠱᠧᠩ ᠱᠢ ᠵᠥᠩ ᠬᠤᠸᠠ︾ ᠰᠦᠯᠵᠢᠶᠡᠨ ᠳᠠᠬᠢ ᠲᠠᠩᠰᠠᠨ ᠨᠤᠮᠧᠷ ᠢᠶᠠᠨ ᠠᠮᠢᠯᠠᠭᠤᠯᠪᠠᠯ ᠲᠠᠷᠤᠢ ᠲᠣᠭᠠᠴᠢᠯᠠᠭᠰᠠᠨ ᠵᠣᠭᠤᠰ ᠢ ᠤᠯᠵᠤ᠂ ᠨᠡᠷ᠎ᠡ ᠮᠡᠳᠡᠭᠦᠯᠤᠭ᠍ᠰᠡᠨ ᠮᠦᠡᠭᠭᠦ ᠪᠠᠷ ᠢᠶᠠᠨ 5 ᠲᠦᠮᠡᠨ ᠲᠥᠭᠦᠷᠢᠭ ᠰᠣᠯᠢᠵᠤ ᠠᠪᠴᠤ ᠪᠣᠯᠤᠨ᠎ᠠ ᠭᠡᠨ᠎ᠡ᠃        ︽ᠥᠯᠥᠰᠬᠦᠯᠡᠩ ᠪᠣᠷᠣᠯᠠᠭᠤᠯᠭ᠎ᠠ ᠶᠢᠨ ᠬᠡᠯᠪᠡᠷᠢ ᠪᠠᠷ ᠸᠢᠴᠠᠲ ᠤᠨ ᠬᠤᠯᠪᠣᠭ᠎ᠠ ᠳᠤ ᠡᠭᠦᠨ ᠢᠶᠠᠨ ᠳᠡᠯᠭᠡᠷᠡᠭᠦᠯᠵᠦ᠂ ᠬᠥᠮᠦᠨ ᠪᠦᠷᠢ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠢᠶᠠᠷ ᠢᠶᠠᠨ ᠨᠡᠷ᠎ᠡ ᠮᠡᠳᠡᠭᠦᠯᠬᠦ ᠮᠦᠡᠭᠭᠦ ᠶᠢ ᠬᠤᠳᠠᠯᠳᠤᠨ ᠠᠪᠴᠤ ᠪᠣᠯᠤᠨ᠎ᠠ᠂ ᠡᠪᠰᠡᠯ ᠪᠦᠯᠦᠭ ᠤᠨ ᠥᠪᠡᠷ ᠢᠶᠠᠨ ᠤᠳᠤᠷᠢᠳᠴᠤ ᠥᠪᠡᠷ ᠢᠶᠠᠨ ᠲᠤᠬᠯᠠᠬᠤ ᠦᠳᠦᠭᠡᠯᠭᠡ ᠶᠢᠨ ᠳᠣᠣᠷ᠎ᠠ᠂ ᠨᠡᠷ᠎ᠡ ᠮᠡᠳᠡᠭᠦᠯᠬᠦ ᠮᠦᠡᠭᠭᠦ ᠶᠢᠨ ᠨᠢᠭᠡᠴᠢ ᠦᠨ᠎ᠡ ᠨᠢ 100 ᠲᠥᠭᠦᠷᠢᠭ ᠪᠠᠶᠢᠭᠰᠠᠨ ᠠᠴᠠ ᠪᠠᠨ ᠠᠭᠠᠵᠢᠮ ᠢᠶᠠᠷ ᠨᠡᠮᠡᠭᠳᠡᠭᠡᠳ 1600 ᠲᠥᠭᠦᠷᠢᠭ ᠪᠤᠯᠵᠠᠢ︾ ᠭᠡᠵᠦ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠶᠢᠸᠠᠨ ᠤ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠲᠣᠭᠤᠷᠢᠭ ᠤᠨ ᠬᠤᠪᠢᠶᠠᠷᠢ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠼᠠᠢ ᠢ ᠪᠢᠨ ᠭᠡᠯᠡᠭᠰᠡᠨ ᠢᠶᠠᠨ ᠵᠠᠯᠭᠠᠭᠠᠳ᠂ ᠴᠥᠭᠡᠨ ᠪᠤᠰᠤ ᠨᠠᠰᠤᠲᠠᠶᠢᠴᠤᠳ ᠡᠭᠢᠨ ᠳᠡᠭᠡᠨ ᠠᠶᠤᠵᠦ ᠪᠠᠶᠢᠬᠰᠠᠨ ᠠᠴᠠ ᠪᠠᠨ ᠰᠡᠭᠦᠯᠳᠡᠵᠦ ᠢᠷᠡᠭᠡᠳ ᠪᠤᠯᠢᠶᠠᠯᠳᠤᠨ ᠬᠤᠳᠠᠯᠳᠤᠨ ᠠᠪᠴᠤ᠂ ᠮᠠᠰᠢ ᠣᠯᠠᠨ ᠬᠥᠮᠦᠰ ᠨᠢ ᠬᠡᠷ ᠪᠦᠯᠢ᠂ ᠨᠠᠶᠢᠵᠠ ᠨᠠᠷ ᠤᠨ ᠢᠶᠠᠨ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠭᠡᠷᠡᠭᠯᠡᠵᠦ ᠡᠭᠦᠨ ᠢ ᠬᠤᠳᠠᠯᠳᠤᠨ ᠠᠪᠴᠠᠢ ᠭᠡᠵᠦ ᠬᠡᠯᠡᠯ᠎ᠡ᠃       ᠴᠠᠭᠳᠠᠭᠠᠨ ᠤ ᠲᠠᠯ᠎ᠠ ᠶᠢᠨ ᠪᠠᠶᠢᠴᠠᠭᠠᠨ ᠳᠣᠲᠣᠯᠠᠭᠰᠠᠨ ᠢᠶᠠᠷ᠂ ᠲᠣᠰ ᠬᠡᠷᠡᠭ ᠲᠤ ᠲᠦᠮᠡ ᠭᠠᠷᠤᠶ ᠬᠥᠮᠦᠨ ᠬᠤᠯᠪᠣᠭᠳᠠᠵᠤ᠂ ᠣᠯᠠᠩᠬᠢ ᠨᠢ 50 ᠨᠠᠰᠤᠨ ᠠᠴᠠ ᠳᠡᠭᠡᠭᠰᠢᠬᠢ ᠢᠳᠡᠷ ᠥᠲᠡᠯᠦᠭᠡ ᠨᠠᠰᠤᠨ ᠤ ᠬᠥᠮᠦᠨ ᠪᠠᠶᠢᠵᠤ᠂ ᠴᠥᠭᠡᠨ ᠪᠤᠰᠤ ᠬᠥᠮᠦᠨ ᠤ ᠠᠮᠢᠳᠤᠷᠠᠯ ᠨᠥᠬᠦᠴᠡᠯ ᠨᠢ ᠲᠡᠶᠢᠮᠦ ᠰᠠᠶᠢᠨ ᠪᠢᠰᠢ ᠶᠤᠮ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ