ᠸᠠᠩ ᠯᠢ ᠰᠢᠶᠠ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠬᠡᠯᠡᠭᠰᠡᠨ ᠨᠢ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠶᠢ ᠲᠡᠮᠡᠴᠡᠵᠦ ᠲᠡᠰ ᠲᠡᠪᠰᠢᠨ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2024/2/5
       1 ᠰᠠᠷ᠎ᠠ ᠶᠢᠨ 31 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠭᠦᠮ ᠳᠤ ᠢᠷᠡᠵᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃
   20240205-1.jpg
       ᠸᠠᠨ ᠴᠤᠤ ᠴᠢ᠂ ᠯᠤᠸᠠᠨ ᠲᠢᠶᠠᠨ ᠮᠧᠩ᠂ ᠸᠠᠩ ᠫᠠᠨ ᠰᠥᠩ ᠵᠡᠷᠭᠡ 7 ᠲᠥᠯᠥᠭᠡᠯᠡᠭᠴᠢ ᠠᠭᠤᠷᠬᠠᠢ ᠶᠢᠨ ᠠᠵᠤ ᠠᠬᠤᠢ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠵᠡᠷᠭᠡ ᠶᠢᠨ ᠲᠣᠭᠤᠷᠢᠨ ᠳᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠠᠢ᠃ ᠸᠠᠩ ᠯᠢ ᠰᠢᠶᠠ ᠰᠣᠨᠣᠰᠬᠤ ᠶᠢᠨ ᠳᠠᠭᠠᠤ ᠲᠡᠮᠳᠡᠭᠯᠡᠵᠦ᠂ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠭᠦᠨᠵᠡᠭᠡᠢ ᠶᠠᠷᠢᠯᠴᠠᠪᠠ᠃       ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠤᠯᠠᠭᠠᠨᠬᠠᠳᠠ ᠬᠤᠳᠠ ᠭᠢᠯᠪᠠᠷ ᠪᠤᠰᠤ ᠪᠠᠷ ᠢᠷᠡᠭᠰᠡᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠡᠭᠦᠳᠴᠡᠢ᠃ ᠰᠢᠨ᠎ᠡ ᠪᠠᠶᠢᠳᠠᠯ᠂ ᠰᠢᠨ᠎ᠡ ᠲᠣᠭᠢᠶᠠᠯ ᠤᠨ ᠡᠮᠦᠨ᠎ᠡ᠂ ᠲᠦᠷᠦ ᠶᠢᠨ ᠪᠣᠳᠣᠯᠭ᠎ᠠ᠂ ᠡᠬᠢ ᠪᠠᠶᠠᠯᠢᠭ᠂ ᠣᠷᠣᠨ ᠪᠠᠶᠢᠷᠢ᠂ ᠠᠵᠤ ᠦᠢᠯᠡᠰ᠂ ᠰᠣᠶᠣᠯ ᠵᠢᠭᠤᠯᠴᠢᠯᠠᠯ᠂ ᠲᠦᠷᠦᠯ ᠲᠡᠮᠳᠡᠭ᠂ ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠬᠤᠶᠠᠳᠠᠭᠢ ᠤᠳᠠᠭ᠎ᠠ ᠦᠢᠯᠡᠰ ᠪᠣᠰᠬᠠᠬᠤ︾ ᠡᠷᠡᠯᠬᠡᠭ ᠰᠠᠨᠠᠭ᠎ᠠ ᠪᠣᠯᠣᠨ ︽ᠠᠰᠢᠭ ᠦᠭᠡᠢ ᠪᠠᠶᠢᠳᠠᠯ ᠢ ᠬᠤᠪᠢᠷᠠᠭᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠠᠤᠭ᠎ᠠ ᠵᠣᠷᠢᠭ ᠢ ᠪᠤᠢ ᠪᠤᠯᠭᠠᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠱᠠᠯᠠᠮᠠᠭᠠᠶᠢᠯᠠᠨ ᠤᠷᠤᠭᠰᠢᠯᠠᠵᠤ ᠬᠦᠴᠦᠯᠡᠨ ᠭᠦᠢᠴᠡᠵᠦ᠂ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠬᠦ ᠬᠡᠷᠡᠭᠲᠡᠢ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠬᠦ ᠰᠠᠨᠠᠯ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠲᠤᠰᠴᠤ ᠠᠪᠬᠤ ᠵᠢᠱᠢᠶ᠎ᠡ ᠦᠵᠡᠭᠦᠯᠭᠦ ᠣᠷᠣᠨ ᠵᠡᠷᠭᠡ ᠲᠦᠷᠦ ᠶᠢᠨ ᠪᠣᠳᠣᠯᠭ᠎ᠠ ᠶᠢᠨ ᠳᠠᠪᠬᠤᠴᠠᠯ ᠦᠢᠯᠡᠳᠦᠯ ᠢ ᠭᠦᠢᠴᠡᠳ ᠪᠠᠳᠠᠷᠠᠭᠤᠯᠵᠤ᠂ ᠠᠰᠢᠭᠲᠠᠢ ᠲᠦᠷᠦ ᠶᠢᠨ ᠪᠣᠳᠣᠯᠭ᠎ᠠ ᠶᠢ ᠬᠥᠭᠵᠢᠯᠲᠡ ᠶᠢᠨ ᠳᠠᠪᠠᠭᠤᠯᠢᠭ ᠪᠣᠯᠭᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠥᠬᠦᠭᠡᠷᠦᠮᠵᠢᠲᠦ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾ ᠤᠨ ᠪᠣᠳᠠᠲᠤ ᠬᠦᠴᠦᠨ ᠢ ᠴᠢᠩᠭᠠᠳᠬᠠᠵᠤ᠂ ᠦᠢᠯᠡᠳᠪᠦᠷᠢᠯᠡᠯ ᠤᠨ ᠴᠢᠨᠠᠷᠲᠠᠢ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠦᠪᠰᠢᠨ ᠲᠡᠶᠢᠰᠢ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠪᠣᠯᠣᠨ ᠡᠯᠪᠡᠭ ᠪᠠᠶᠠᠯᠢᠭ ᠰᠣᠶᠣᠯ ᠤᠨ ᠥᠪ ᠲᠤ ᠰᠠᠭᠤᠷᠢᠯᠠᠵᠤ᠂ ᠤᠬᠠᠭᠠᠯᠠᠨ ᠲᠥᠯᠥᠪᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠦᠵᠡᠮᠵᠢ ᠶᠢᠨ ᠣᠷᠣᠨ ᠦᠵᠡᠮᠵᠢ ᠶᠢᠨ ᠴᠡᠭ ᠢ ᠨᠠᠷᠢᠨ ᠨᠢᠮᠪᠠᠢ ︽ᠴᠢᠮᠡᠭᠯᠡᠵᠦ︾᠂ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠪᠣᠳᠠᠲᠠᠶᠢᠵᠢᠭᠤᠯᠵᠤ᠂ ᠵᠢᠭᠤᠯᠴᠢᠯᠠᠬᠰᠡᠳ ᠢ ᠤᠷᠢᠬᠤ ᠦᠭᠡᠢ ᠪᠠᠷ ᠥᠪᠡᠷ ᠢᠶᠠᠨ ᠢᠷᠡᠬᠦ ᠪᠤᠯᠭᠠᠬᠤ ᠬᠡᠷᠡᠭᠲᠡᠢ᠃ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠠᠤᠬᠠᠨ ᠤ ᠨᠠᠷᠢᠮᠤ᠂ ᠤᠯᠠᠭᠠᠨᠬᠠᠳᠠ ᠶᠢᠨ ᠰᠠᠭᠠᠭ ᠵᠡᠷᠭᠡ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ ᠦᠨ᠎ᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠵᠦ᠂ ᠣᠨᠴᠠᠯᠢᠭᠲᠤ ᠪᠦᠲᠦᠭᠡᠭᠳᠡᠬᠦᠨ ᠢ ᠲᠣᠮᠣ ᠠᠵᠤ ᠦᠢᠯᠡᠰ ᠪᠣᠯᠭᠠᠨ ᠬᠥᠭᠵᠢᠭᠦᠯᠬᠦ ᠬᠡᠷᠡᠭᠲᠡᠢ᠃ ︽ᠤᠯᠠᠭᠠᠨᠬᠠᠳᠠᠴᠤᠳ ᠤᠨ ᠨᠤᠲᠤᠭ︾ ᠢ ᠪᠠᠶᠢᠭᠤᠯᠵᠤ᠂ ᠡᠯ᠎ᠡ ᠭᠠᠵᠠᠷ ᠤᠨ ᠤᠯᠠᠭᠠᠨᠬᠠᠳᠠᠴᠤᠳ ᠢ ᠨᠢᠭᠲᠠᠷᠠᠭᠤᠯᠤᠨ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠤᠯᠠᠭᠠᠨᠬᠠᠳᠠ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠥᠩᠭᠡ ᠭᠡᠷᠡᠯ ᠨᠡᠮᠡᠷᠢᠯᠡᠭᠦᠯᠬᠦ ᠬᠡᠷᠡᠭᠲᠡᠢ ᠭᠡᠵᠦ ᠬᠡᠯᠡᠪᠡ᠃       ᠸᠠᠩ ᠯᠢ ᠰᠢᠶᠠ᠂ ᠤᠯᠠᠭᠠᠨᠬᠠᠳᠠ ᠬᠤᠳᠠ ᠪᠣᠯ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠭᠦ ᠬᠤᠳᠠ︾ ᠪᠣᠯᠣᠨ᠎ᠠ᠂ ᠢᠷᠠᠭᠤ ᠠᠯᠳᠠᠷ ᠢᠶᠠᠨ ᠨᠠᠨᠳᠢᠩᠨᠠᠵᠤ᠂ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠤᠯᠭᠠᠵᠤ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠵᠦ᠂ ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ