ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠰᠦᠨ ᠱᠤᠤ ᠴᠧᠩ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/2/5
       2 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃
20240205-2.jpg    
             ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠠᠢ ᠯᠢ ᠬᠤᠸᠠ᠂ ᠦ᠋ ᠶᠠᠨ ᠭᠠᠩ᠂ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠵᠠᠩ ᠪᠠᠢ ᠴᠧᠩ᠂ ᠶᠠᠩ ᠭᠦᠸᠧ ᠠᠨ᠂ ᠭᠤᠤ ᠷᠦᠨ ᠰᠢ᠂ ᠾᠧ ᠸᠧᠢ ᠬᠤᠸᠠ᠂ ᠲᠠᠩ ᠢ᠂ ᠾᠧ ᠬᠠᠢ ᠳ᠋ᠦᠩ᠂ ᠴᠢ᠊ · ᠳᠠᠯᠠᠨᠲᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃       ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ᠂ ᠶᠠᠩ ᠸᠧᠢ ᠳ᠋ᠦᠩ᠂ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 540 ᠬᠥᠮᠥᠨ ᠪᠤᠶ᠂ 520 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ᠂ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠭᠦ ᠲᠠᠯ᠎ᠠ ᠪᠠᠷ ᠭᠦᠢᠴᠡᠳᠬᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠤ ᠰᠢᠨ᠎ᠡ ᠦᠷ᠎ᠡ ᠪᠦᠲᠦᠮᠵᠢ ᠣᠯᠪᠠ ᠭᠡᠵᠡᠢ᠃       ᠯᠢᠨ ᠱᠤᠤ ᠴᠦᠨ 5 ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠭᠤᠣᠯ ᠠᠵᠢᠯ ᠢᠶᠠᠨ ᠡᠷᠭᠢᠴᠡᠭᠦᠯᠪᠡ᠄ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠪᠠ︔ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠠᠵᠢᠯ ᠰᠢᠨ᠎ᠡ ᠠᠬᠢᠴᠠ ᠲᠠᠢ ᠪᠤᠯᠪᠠ︔ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ ᠪᠠᠲᠤᠯᠠᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃       ᠯᠢᠨ ᠱᠤᠤ ᠴᠦᠨ᠂ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ᠂ ᠳᠠᠩᠰᠠᠯᠠᠵᠤ ᠬᠢᠨᠠᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠪᠠ᠃ ᠪᠦᠭᠦ ᠵᠢᠯ ᠳᠤ 12 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠵᠤ᠂ 12 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ 2 ᠬᠠᠤᠯᠢ ᠲᠣᠭᠲᠠᠭᠠᠯ ᠢ ᠬᠦᠴᠦᠨ ᠦᠭᠡᠢ ᠪᠤᠯᠭᠠᠵᠤ᠂ 31 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠤᠰᠬᠠᠢ ᠳᠦᠷᠢᠮ ᠢ ᠬᠢᠨᠠᠨ ᠪᠠᠶᠢᠴᠠᠭᠠᠵᠤ ᠵᠥᠪᠰᠢᠶᠡᠷᠡᠪᠡ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠵᠦ᠂ ᠶᠡᠷᠦᠩᠬᠡᠶᠢᠯᠡᠭᠰᠡᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ 6 ᠢᠵᠢ ᠬᠠᠤᠯᠢ ᠲᠣᠭᠲᠠᠭᠠᠯ ᠢ ᠠᠳᠠᠯᠢ ᠠᠯᠬᠤᠮ ᠢᠶᠠᠷ ᠲᠣᠭᠲᠠᠭᠠᠨ ᠨᠡᠶᠢᠲᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ︽ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ ᠬᠠᠤᠯᠢ ᠲᠣᠭᠲᠠᠭᠠᠯᠲᠠ ᠪᠠᠷ ᠪᠠᠲᠤᠯᠠᠪᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 7 ᠤᠳᠠᠭ᠎ᠠ ᠵᠣᠬᠢᠶᠠᠨ ᠪᠠᠶᠢᠭᠤᠯᠵᠤ᠂ 38 ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪ ᠢᠶᠠᠷ ᠯᠠᠪᠯᠠᠨ ᠠᠰᠠᠭᠤᠬᠤ᠂ ᠠᠵᠢᠯ ᠢ ᠦᠨᠡᠯᠡᠨ ᠶᠠᠷᠢᠯᠴᠠᠬᠤ᠂ ᠬᠠᠨᠤᠮᠵᠢᠳᠠᠢ ᠪᠠᠶᠢᠬᠤ ᠬᠡᠮᠵᠢᠶ᠎ᠡ ᠶᠢ ᠦᠨᠡᠯᠡᠵᠦ ᠪᠠᠶᠢᠴᠠᠭᠠᠬᠤ ᠠᠵᠢᠯ ᠢ 5 ᠤᠳᠠᠭ᠎ᠠ ᠥᠷᠨᠢᠭᠦᠯᠵᠡᠢ᠃ 10 ᠲᠣᠭᠲᠠᠭᠠᠯ᠂ ᠰᠢᠢᠳᠪᠦᠷᠢ ᠶᠢ ᠨᠡᠶᠢᠲᠡᠯᠡᠪᠡ᠃ ᠨᠠᠮ ᠤᠨ ᠬᠤᠷᠢᠶ᠎ᠠ ᠶᠢᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠨᠡᠪᠲᠡᠷᠡᠯᠴᠡᠭᠦᠯᠬᠦ ᠲᠠᠪᠴᠠᠩ ᠳᠤ ᠲᠤᠰᠢᠶᠠᠵᠤ᠂ ᠠᠰᠠᠭᠤᠳᠠᠯ ᠢ ᠢᠯᠡᠷᠡᠭᠦᠯᠬᠦ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠬᠢᠨᠠᠯᠲᠠ ᠲᠠᠯᠪᠢᠬᠤ ᠪᠢᠲᠡᠭᠦᠦ ᠭᠤᠭᠴᠤᠭ᠎ᠠ ᠶᠢ ᠪᠦᠷᠢᠯᠳᠦᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯᠯᠠᠭ᠎ᠠ ᠶᠢᠨ ᠲᠥᠰᠥᠯ ᠢ ᠲᠣᠭᠲᠠᠭᠠᠨ ᠨᠡᠶᠢᠲᠡᠯᠡᠵᠦ᠂ 7 ᠬᠦᠷᠢᠶ᠎ᠡ ᠴᠠᠷᠠᠭ᠎ᠠ ᠶᠢᠨ 24 ᠲᠠᠯ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠬᠢᠨᠠᠯᠲᠠ ᠲᠠᠯᠪᠢᠬᠤ ᠲᠥᠷᠥᠯ ᠵᠦᠢᠯ᠂ ᠭᠤᠣᠯᠳᠠᠯᠭ᠎ᠠ ᠲᠠᠢ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠪᠠ᠃ ᠤᠯᠤᠰ ᠲᠥᠷᠥ ᠶᠢ ᠡᠷᠭᠢᠮᠯᠡᠭᠦ ᠶᠢ ᠲᠥᠯᠥᠭᠡᠯᠡᠭᠴᠢ ᠶᠢᠨ ᠠᠵᠢᠯ ᠤᠨ ᠲᠡᠷᠢᠭᠦᠨ ᠱᠠᠭᠠᠷᠳᠠᠯᠭ᠎ᠠ ᠪᠤᠯᠭᠠᠵᠤ᠂ ︽ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠰᠠᠨᠠᠯ︾ ᠢ ᠲᠣᠭᠲᠠᠭᠠᠵᠤ᠂ ᠲᠥᠯᠥᠭᠡᠯᠡᠭᠴᠢᠳ ᠤᠨ ᠤᠯᠠᠨ ᠠᠴᠠ ᠲᠦᠷᠦᠭᠦᠯᠡᠨ ᠨᠠᠮ ᠤᠨ ᠲᠥᠷᠥ ᠶᠢᠨ ᠪᠣᠳᠣᠯᠭ᠎ᠠ ᠶᠢ ᠬᠦᠷᠢᠶᠡᠯᠡᠬᠦ᠂ ᠲᠦᠷᠦᠭᠦᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠪᠤᠨ ᠲᠠᠯ᠎ᠠ ᠪᠠᠷ ᠥᠯᠢᠭᠡᠷ ᠳᠠᠭᠤᠷᠢᠶᠠᠯ ᠪᠤᠯᠬᠤ ᠶᠢ ᠬᠥᠲᠥᠯᠥᠨ ᠵᠢᠯᠣᠭᠤᠳᠪᠠ᠃ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠪᠡ᠃ ᠲᠥᠯᠥᠭᠡᠯᠡᠭᠴᠢᠳ ᠰᠤᠯᠠ ᠣᠷᠤᠯᠴᠠᠬᠤ ᠶᠠᠷᠢᠯᠴᠠᠬᠤ ᠬᠤᠷᠠᠯ ᠢ ᠪᠠᠶᠢᠩᠭᠤᠵᠢᠭᠤᠯᠤᠨ ᠬᠤᠷᠠᠯᠳᠤᠭᠤᠯᠪᠠ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠺᠠᠳ᠋ᠷ ᠢ ᠬᠠᠤᠯᠢ ᠶᠣᠰᠣᠭᠠᠷ ᠲᠣᠮᠢᠯᠠᠵᠤ ᠪᠠᠭᠤᠯᠭᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 340 ᠬᠥᠮᠥᠨ ᠤᠳᠠᠭ᠎ᠠ ᠲᠣᠮᠢᠯᠠᠵᠤ ᠪᠠᠭᠤᠯᠭᠠᠪᠠ᠃ ᠳᠤᠮᠳᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠢᠨ ᠵᠠᠭᠤᠨ ᠤ ᠠᠶᠠᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠳᠠᠭᠠᠭᠠᠨ ᠡᠷᠭᠢᠯᠡᠵᠦ᠂ ᠪᠦᠭᠦ ᠤᠯᠤᠰ ᠤᠨ ᠬᠡᠪᠴᠢᠶᠡᠨ ᠳᠤ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠷᠰᠢᠯᠭ᠎ᠠ ᠦᠷ᠎ᠡ ᠪᠦᠲᠦᠮᠵᠢ ᠶᠢ ᠲᠠᠨᠢᠯᠴᠠᠭᠤᠯᠪᠠ ᠭᠡᠪᠡ᠃       ᠯᠢᠨ ᠱᠤᠤ ᠴᠦᠨ᠂ ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠣᠯᠣᠭᠰᠠᠨ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠬᠦᠴᠦᠲᠡᠢ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠲᠥᠯᠥᠭᠡᠯᠡᠭᠴᠢᠳ ᠤᠨ ᠤᠶᠤᠨ ᠤᠬᠠᠭᠠᠨ ᠬᠦᠴᠦᠨ ᠴᠢᠳᠠᠯ ᠪᠠ ᠰᠢᠷᠭᠠᠭᠤ ᠬᠠᠲᠠᠭᠤᠵᠢᠯᠲᠠᠢ ᠬᠦᠴᠦ ᠬᠥᠯᠥᠰᠦ ᠰᠢᠩᠭᠡᠵᠦ᠂ ᠥᠪᠡᠷᠲᠡᠭᠡᠨ ᠵᠠᠰᠠᠬᠤ ᠣᠷᠣᠨ ᠤ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠯᠭᠡ ᠶᠢ ᠣᠯᠵᠠᠢ ᠭᠡᠪᠡ᠃       ᠯᠢᠨ ᠱᠤᠤ ᠴᠦᠨ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠲᠣᠭᠲᠠᠭᠠᠭᠰᠠᠨ 70 ᠵᠢᠯ ᠤᠨ ᠤᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠥ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠶᠢ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠨ᠎ᠡ ᠭᠡᠪᠡ᠃       ᠯᠢᠨ ᠱᠤᠤ ᠴᠦᠨ ᠴᠢᠨᠠᠷ ᠰᠠᠶᠢᠲᠠᠢ ᠬᠠᠤᠯᠢ ᠲᠣᠭᠲᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ︔ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠬᠠᠳᠬᠠᠬᠤ ᠵᠡᠷᠭᠡ ᠳᠥᠷᠪᠡᠨ ᠲᠠᠯ᠎ᠠ ᠪᠠᠷ ᠬᠤᠶᠢᠰᠢᠳᠠ ᠶᠢᠨ ᠨᠢᠭᠡ ᠵᠢᠯ ᠤᠨ ᠭᠤᠣᠯ ᠡᠭᠦᠷᠭᠡ ᠪᠠᠨ ᠲᠠᠨᠢᠯᠴᠠᠭᠤᠯᠪᠠ᠃       ᠯᠢᠨ ᠱᠣᠣ ᠴᠦᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠨᠡᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠪᠡ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ᠂ 2023 ᠣᠨ ᠳᠤ᠂ ᠪᠦᠭᠦ ᠣᠷᠣᠨ ᠤ ᠰᠢᠭᠦᠬᠦ ᠬᠤᠷᠢᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ᠃ ᠨᠢᠭᠡ ᠵᠢᠯ ᠤᠨ ᠲᠤᠷᠰᠢ᠂ ᠪᠦᠭᠦ ᠣᠷᠣᠨ ᠤ ᠰᠢᠭᠦᠬᠦ ᠬᠤᠷᠢᠶ᠎ᠠ ᠡᠯ᠎ᠡ ᠲᠥᠷᠥᠯ ᠤᠨ ᠬᠡᠷᠡᠭ ᠢ 98.9 ᠲᠦᠮᠡ ᠭᠥᠯᠢᠶᠡᠨ ᠠᠪᠴᠤ ᠰᠢᠢᠳᠪᠦᠷᠢᠯᠡᠵᠦ᠂ 92.4 ᠲᠦᠮᠡᠨ ᠬᠡᠷᠡᠭ ᠢ ᠨᠢ ᠰᠢᠢᠳᠪᠦᠷᠢᠯᠡᠨ ᠳᠠᠭᠤᠰᠬᠠᠵᠠᠢ ᠭᠡᠪᠡ᠃       ᠶᠠᠩ ᠽᠥᠩ ᠷᠧᠨ 5 ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠢᠳᠡᠪᠬᠢ ᠲᠠᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠬᠢᠵᠦ ᠦᠷ᠎ᠡ ᠪᠦᠲᠦᠮᠵᠢ ᠭᠠᠷᠭᠠᠬᠤ ᠶᠢ ᠬᠠᠤᠯᠢ ᠶᠣᠰᠣᠭᠠᠷ ᠪᠠᠲᠤᠯᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠲᠠᠢ ᠠᠭᠤᠰᠤᠯᠴᠠᠭᠤᠯᠬᠤ ᠶᠢ ᠠᠬᠢᠭᠤᠯᠬᠤ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠵᠦ᠂ ᠳᠦᠷᠢᠮ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠪᠠ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠷᠠᠳ ᠤᠯᠠᠨ ᠤ ᠬᠠᠤᠯᠢ ᠴᠠᠭᠠᠵᠠ ᠶᠢᠨ ᠬᠦᠷᠲᠡᠮᠵᠢ ᠶᠢᠨ ᠲᠥᠷᠥᠭᠳᠡᠯ ᠢ ᠰᠡᠳᠬᠢᠯ ᠲᠠᠯᠪᠢᠨ ᠳᠡᠭᠡᠭᠰᠢᠯᠡᠭᠦᠯᠪᠠ︔ ︽ᠲᠥᠪ ᠭᠤᠣᠯᠴᠢ ᠬᠢᠭᠡᠳ ᠠᠰᠢᠭ ᠨᠤᠷᠮ᠎ᠠ︾ ᠶᠢ ᠪᠠᠷᠢᠮᠲᠠᠯᠠᠵᠤ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠭᠢᠭᠤᠯᠪᠠ︔ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠰᠢᠭᠦᠬᠦ ᠬᠤᠷᠢᠶ᠎ᠠ ᠶᠢᠨ ᠪᠦᠭᠦᠨ ᠢ ᠢᠯᠠᠬᠤ ᠴᠡᠷᠢᠭ ᠢ ᠪᠠᠶᠢᠭᠤᠯᠪᠠ︔ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ ᠶᠢ ᠪᠠᠷᠢᠮᠲᠠᠯᠠᠵᠤ᠂ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠪᠠ᠃       ᠶᠠᠩ ᠽᠥᠩ ᠷᠧᠨ᠂ 2024 ᠣᠨ ᠳᠤ᠂ ᠪᠦᠭᠦ ᠣᠷᠣᠨ ᠤ ᠰᠢᠭᠦᠬᠦ ᠬᠤᠷᠢᠶ᠎ᠠ ᠨᠡᠩ ᠥᠨᠳᠥᠷ ᠵᠣᠭᠰᠣᠴᠠ ᠪᠠᠷ ᠤᠯᠤᠰ ᠲᠥᠷᠥ ᠶᠢᠨ ᠦᠨᠡᠨᠴᠢ ᠰᠢᠳᠤᠷᠭᠤ ᠪᠠᠨ ᠪᠠᠲᠤᠳᠬᠠᠵᠤ᠂ ᠨᠡᠩ ᠶᠡᠭᠡ ᠡᠷᠴᠢᠮ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠪᠠᠲᠤᠯᠠᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠲᠦᠮᠡᠨ ᠤ ᠬᠠᠤᠯᠢ ᠴᠠᠭᠠᠵᠠ ᠶᠢᠨ ᠰᠢᠨ᠎ᠡ ᠬᠡᠷᠡᠭᠴᠡᠭᠡ ᠶᠢ ᠬᠠᠩᠭᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠴᠢᠩᠭ᠎ᠠ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠲᠤᠯᠠᠵᠤ᠂ ᠨᠡᠩ ᠴᠢᠩᠭ᠎ᠠ ᠱᠠᠭᠠᠷᠳᠠᠯᠭ᠎ᠠ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶᠢᠨ ᠰᠢᠭᠦᠬᠦ ᠬᠤᠷᠢᠶ᠎ᠠ ᠶᠢᠨ ᠪᠦᠭᠦᠨ ᠢ ᠢᠯᠠᠭᠴᠢ ᠴᠡᠷᠢᠭ ᠢ ᠳᠠᠪᠲᠠᠨ ᠪᠤᠯᠪᠠᠰᠤᠷᠠᠭᠤᠯᠵᠤ᠂ ᠪᠦᠭᠦ ᠣᠷᠣᠨ ᠤ ᠰᠢᠭᠦᠬᠦ ᠬᠤᠷᠢᠶ᠎ᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠢᠳᠡᠪᠬᠢ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠵᠠᠢ ᠭᠡᠵᠦ ᠬᠡᠯᠡᠪᠡ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠬᠦᠴᠦᠯᠡᠨ ᠰᠠᠶᠢᠲᠤᠷ ᠬᠢᠵᠦ᠂ ︽ᠵᠢᠷᠭᠤᠭᠠᠨ ᠶᠡᠭᠡ ᠨᠢᠭᠡᠳᠦᠯᠲᠡᠢ ᠠᠵᠢᠯᠯᠠᠭ᠎ᠠ︾ ᠪᠣᠯᠣᠨ ︽ᠳᠥᠷᠪᠡᠨ ᠶᠡᠭᠡ ᠳᠡᠭᠡᠭᠰᠢᠯᠡᠭᠦᠯᠭᠦ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠤᠯᠤᠰ ᠲᠥᠷᠥ ᠶᠢᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠬᠦ ᠳᠤ ᠬᠠᠮᠵᠢᠯᠴᠠᠵᠤ᠂ ᠪᠦᠭᠦ ᠣᠷᠣᠨ ᠤ ᠪᠠᠶᠢᠴᠠᠭᠠᠬᠤ ᠠᠵᠢᠯ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ 2023 ᠣᠨ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠡᠯ᠎ᠡ ᠲᠥᠷᠥᠯ ᠤᠨ ᠬᠡᠷᠡᠭ ᠢ ᠨᠡᠶᠢᠲᠡ 81099 ᠰᠢᠢᠳᠪᠦᠷᠢᠯᠡᠵᠦ᠂ ᠬᠡᠷᠡᠭ ᠰᠢᠢᠳᠪᠦᠷᠢᠯᠡᠭᠰᠡᠨ ᠬᠡᠪᠴᠢᠶ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 44.7% ᠪᠠᠷ ᠨᠡᠮᠡᠭᠳᠡᠪᠡ᠃ ᠬᠡᠷᠡᠭ ᠰᠢᠢᠳᠪᠦᠷᠢᠯᠡᠭᠰᠡᠨ ᠶᠠᠰᠤ ᠴᠢᠨᠠᠷ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ 86.4% ᠶᠢᠨ ᠬᠡᠮᠵᠢᠶ᠎ᠡ ᠪᠠᠷ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠵᠢᠷᠠᠪᠠ ᠭᠡᠪᠡ᠃       ᠯᠢ ᠶᠦᠩ ᠵᠢᠶᠦ᠋ᠨ 4 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠨᠠᠩ ᠥᠨᠳᠥᠷ ᠵᠣᠭᠰᠣᠴᠠ ᠠᠴᠠ ᠬᠤᠶᠠᠷ ᠶᠡᠭᠡ ᠶᠠᠪᠤᠳᠠᠯ ᠳᠤ ᠦᠢᠯᠡᠴᠢᠯᠡᠨ ᠪᠠᠲᠤᠯᠠᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ︔ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠠᠶᠢᠴᠠᠭᠠᠬᠤ ᠠᠵᠢᠯ ᠠᠷᠠᠳ ᠤᠨ ᠲᠥᠯᠥᠭᠡ ᠪᠠᠶᠢᠬᠤ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠬᠦᠴᠦᠯᠡᠨ ᠬᠠᠮᠠᠭᠠᠯᠠᠬᠤ ᠳᠤᠮᠳᠠ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠢ ᠢᠯᠡᠷᠡᠭᠦᠯᠪᠡ︔ ᠨᠡᠩ ᠥᠨᠳᠥᠷ ᠶᠠᠰᠤ ᠴᠢᠨᠠᠷ ᠪᠠ ᠦᠷ᠎ᠡ ᠪᠦᠲᠦᠮᠵᠢ ᠪᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠡᠷᠬᠡ ᠰᠦᠷ ᠪᠠ ᠬᠠᠤᠯᠢ ᠪᠠᠷᠢᠬᠤ ᠶᠢᠨ ᠲᠥᠪ ᠭᠤᠣᠯᠴᠢ ᠶᠢ ᠬᠠᠮᠠᠭᠠᠯᠠᠬᠤ ᠳᠤᠮᠳᠠ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠭᠡᠪᠡ︔ ᠡᠩᠨᠡᠭᠡ ᠶᠢᠨ ᠪᠠᠶᠢᠭᠤᠯᠤᠯᠲᠠ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠬᠡᠪ ᠪᠣᠯᠪᠠᠰᠤᠷᠠᠯ ᠪᠠ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠭᠦ ᠳᠤᠮᠳᠠ ᠪᠠᠶᠢᠴᠠᠭᠠᠬᠤ ᠠᠵᠢᠯ ᠤᠨ ᠪᠦᠭᠦᠨ ᠢ ᠢᠯᠠᠭᠴᠢ ᠴᠡᠷᠢᠭ ᠢ ᠳᠠᠪᠲᠠᠨ ᠪᠣᠯᠪᠠᠰᠤᠷᠠᠭᠤᠯᠪᠠ᠃       ᠯᠢ ᠶᠦᠩ ᠵᠢᠶᠦ᠋ᠨ᠂ 2024 ᠣᠨ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾ ᠢ ᠴᠢᠩᠭ᠎ᠠ ᠠᠩᠬᠠᠷᠴᠤ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠵᠦ᠂ ᠪᠠᠶᠢᠴᠠᠭᠠᠬᠤ ᠠᠵᠢᠯ ᠢ ᠵᠥᠪ ᠵᠠᠮ ᠢᠶᠠᠷ ᠵᠠᠮᠨᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠴᠡᠭ ᠢ ᠣᠨᠣᠪᠴᠢᠲᠠᠢ ᠲᠣᠭᠲᠠᠭᠠᠵᠤ᠂ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠠᠵᠢᠯ ᠢ ᠶᠡᠭᠡ ᠦᠷ᠎ᠡ ᠪᠦᠲᠦᠮᠵᠢ ᠲᠠᠢ ᠪᠤᠯᠭᠠᠵᠤ᠂ ᠪᠠᠶᠢᠴᠠᠭᠠᠬᠤ ᠠᠵᠢᠯ ᠤᠨ ᠡᠩᠨᠡᠭᠡ ᠶᠢᠨ ᠨᠡᠩ ᠡᠷᠴᠢᠮᠲᠡᠢ ᠠᠵᠢᠯᠯᠠᠬᠤ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠪᠠᠶᠢᠴᠠᠭᠠᠬᠤ ᠠᠵᠢᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠪᠠ᠃       ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠪᠦᠭᠦ ᠭᠡᠰᠢᠭᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠳᠤᠷᠢᠳᠬᠤ ᠨᠥᠬᠦᠳ ᠲᠣᠰ ᠤᠳᠠᠭ᠎ᠠ ᠶᠢᠨ ᠬᠤᠷᠠᠯ ᠳᠤ ᠰᠤᠯᠠ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ