ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠲᠡᠭᠦᠰᠪᠡ ᠰᠦᠨ ᠱᠤᠤ ᠴᠧᠩ ᠸᠠᠩ ᠯᠢ ᠰᠢᠶᠠ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠵᠡᠢ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/2/5
20240205-3.jpg
       2 ᠰᠠᠷ᠎ᠠ ᠶᠢᠨ 2 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠲᠡᠭᠦᠰᠬᠦ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃        ᠲᠤᠰ ᠰᠣᠨᠢᠨ ᠤ ᠰᠤᠷᠪᠤᠯᠵᠢᠯᠠᠬᠴᠢ ᠶᠢᠨ ᠴᠢᠤᠸᠠᠨ ᠰᠡᠭᠦᠳᠡᠷᠯᠡᠪᠡ       2 ᠰᠠᠷ᠎ᠠ ᠶᠢᠨ 2 ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠢᠯᠠᠯᠲᠠ ᠲᠠᠢ ᠲᠡᠭᠦᠰᠪᠡ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠷᠢᠯᠭ᠎ᠠ ᠪᠠᠷ ᠬᠤᠷᠠᠯ ᠳᠤ ᠣᠷᠣᠯᠴᠠᠬᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃
20240205-4.png
       2 ᠰᠠᠷ᠎ᠠ ᠶᠢᠨ 2 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠢᠯᠠᠯᠲᠠ ᠲᠠᠢ ᠲᠡᠭᠦᠰᠪᠡ᠃        ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠲᠡᠭᠦᠰᠬᠦ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ ᠯᠥᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠪᠣᠯᠣᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃       ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ ᠪᠠᠰᠠ᠄ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠴᠧᠨ ᠯᠢᠶᠠᠨ ᠪᠢᠩ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ᠂ ᠶᠠᠩ ᠽᠥᠩ ᠷᠧᠨ᠂ ᠯᠢ ᠶᠦᠩ ᠵᠢᠶᠦ᠋ᠨ᠂ ᠴᠧᠨ ᠯᠦ ᠱᠧᠩ᠂ ᠵᠠᠩ ᠵᠢᠶᠦ᠋ᠨ ᠨᠠᠷ ᠪᠤᠢ᠃       ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠳᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ᠶᠢ ᠬᠢᠨᠠᠨ ᠵᠥᠪᠯᠡᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠪᠠ᠃       ᠵᠠᠩ ᠶᠠᠨ ᠺᠦᠨ ᠶᠠᠷᠢᠶᠠᠨ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠭᠡᠰᠢᠭᠦᠳ ᠪᠣᠯᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ᠂ ᠢᠯᠠᠯᠲᠠ ᠲᠠᠢ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠤᠳᠤᠷᠢᠳᠤᠯᠭ᠎ᠠ ᠡᠭᠢᠯᠡᠯᠲᠡ ᠶᠢᠨ ᠬᠤᠷᠠᠯ ᠪᠠ ᠲᠡᠭᠦᠰᠬᠦ ᠬᠤᠷᠠᠯ ᠳᠤ ᠣᠷᠣᠯᠴᠠᠵᠤ᠂ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ᠂ ᠳᠤᠭᠤᠶᠢᠯᠠᠩ ᠬᠤᠪᠢᠶᠠᠭᠰᠠᠨ ᠶᠠᠷᠢᠯᠴᠠᠭ᠎ᠠ ᠳᠤ ᠣᠷᠤᠯᠴᠠᠬᠤ ᠶᠢᠨ ᠬᠠᠮᠲᠤ ᠶᠠᠷᠢᠶ᠎ᠠ ᠲᠠᠯᠪᠢᠵᠤ᠂ ᠶᠡᠭᠡ ᠬᠤᠷᠠᠯ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠭᠡᠰᠢᠭᠦᠳ ᠲᠠᠢ ᠬᠠᠮᠲᠤ ᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ ᠰᠦᠪᠡᠭᠴᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠥᠨᠳᠥᠷ ᠪᠠᠷᠢᠮᠵᠢᠶ᠎ᠠ ᠪᠠᠷ ᠪᠡᠯᠡᠳᠬᠡᠬᠦ᠂ ᠥᠨᠳᠥᠷ ᠦᠷ᠎ᠡ ᠪᠦᠲᠦᠮᠵᠢᠲᠡᠶ ᠪᠠᠷ ᠵᠣᠬᠢᠶᠠᠨ ᠪᠠᠶᠢᠭᠤᠯᠬᠤ᠂ ᠴᠢᠨᠠᠷ ᠰᠠᠶᠢᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠥᠷᠭᠡᠨ ᠣᠯᠠᠨ ᠭᠡᠰᠢᠭᠦᠨ ᠢ ᠬᠥᠲᠥᠯᠥᠨ ᠳᠠᠭᠠᠭᠤᠯᠵᠤ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠣᠳᠣᠯᠬᠢᠯᠠᠬᠤ ᠵᠣᠭᠰᠣᠴᠠ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠬᠠᠶᠢᠷ᠎ᠠ ᠰᠡᠳᠬᠢᠯᠭᠡ᠂ ᠡᠷᠴᠢ ᠵᠣᠷᠢᠭ ᠢᠶᠠᠨ ᠬᠥᠪᠴᠢᠯᠡᠬᠦ ᠵᠣᠷᠢᠭ ᠰᠠᠨᠠᠭ᠎ᠠ ᠪᠠᠷ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠨᠵᠡᠭᠡᠢ ᠵᠥᠪᠳᠡᠯᠴᠡᠵᠦ ᠲᠥᠷᠥ ᠶᠢᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠳᠡᠪᠰᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠳᠡᠭᠡᠭᠰᠢᠯᠡᠭᠦᠯᠵᠥ᠂ ᠢᠯᠠᠯᠲᠠ ᠲᠠᠢ ᠪᠠᠷ ᠪᠦᠯᠬᠦᠮᠳᠡᠭᠰᠡᠨ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠶᠡᠭᠡ ᠬᠤᠷᠠᠯ ᠪᠣᠯᠵᠠᠢ ᠭᠡᠪᠡ᠃       ᠵᠠᠩ ᠶᠠᠨ ᠺᠦᠨ᠂ ᠰᠢᠨ᠎ᠡ ᠨᠢᠭᠡ ᠵᠢᠯ ᠳᠤ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠵᠠᠪᠠᠯ ᠰᠤᠷᠬᠤ ᠬᠢᠴᠢᠶᠡᠯ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠢᠳᠡᠷᠡᠭᠦᠨ ᠠᠯᠬᠤᠭ᠎ᠠ ᠪᠠᠷ ᠤᠷᠤᠭᠰᠢᠯᠠᠬᠤ ᠬᠡᠷᠡᠭᠲᠡᠢ᠃ ᠪᠢᠳᠡ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ︽ᠨᠠᠮ ᠤᠨ ᠶᠡᠭᠡ ᠪᠣᠳᠣᠯᠭ᠎ᠠ︾ ᠶᠢ ᠢᠮᠠᠭᠲᠠ ᠪᠠᠲᠤ ᠴᠡᠭᠡᠵᠢᠯᠡᠵᠦ᠂ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠶᠢ ᠲᠤᠰᠢᠶᠠᠯ ᠢᠶᠠᠨ ᠭᠦᠢᠴᠡᠳᠬᠡᠬᠦ ᠶᠢᠨ ᠭᠤᠣᠯᠳᠠᠯᠭ᠎ᠠ ᠪᠤᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠢᠶᠠᠨ ᠭᠦᠢᠴᠡᠳᠬᠡᠬᠦ ᠬᠢᠭᠡᠳ ᠨᠠᠮ ᠵᠠᠰᠠᠭ ᠤᠨ ᠠᠵᠢᠯ ᠤᠨ ᠠᠶᠢᠵᠠᠮ ᠠᠳᠠᠯᠢᠬᠠᠨ ᠠᠯᠬᠤᠭ᠎ᠠ ᠨᠢᠭᠡᠲᠡᠢ ᠪᠠᠶᠢᠬᠤ᠂ ᠨᠢᠭᠡ ᠲᠡᠩᠭᠡᠯᠢᠭ ᠢᠶᠠᠷ ᠠᠵᠢᠯᠯᠠᠬᠤ᠂ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠪᠢᠳᠡ ᠰᠡᠳᠬᠢᠯ ᠨᠢᠭᠡᠳᠦᠨ ᠪᠦᠯᠬᠦᠮᠳᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠤᠯᠬᠤ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠨᠠᠮ ᠪᠦᠯᠦᠭ ᠪᠦᠯᠭᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠳᠦᠷᠰᠦᠯᠢᠭ ᠰᠡᠳᠬᠢᠯᠭᠡ ᠲᠠᠢ ᠪᠦᠳᠦᠮᠵᠢᠳᠡᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ᠃ ᠪᠢᠳᠡ ᠦᠷᠭᠦᠯᠵᠢᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠡᠷᠡᠮᠡᠬᠡᠶᠢᠯᠡᠨ ᠲᠡᠮᠡᠴᠡᠭᠰᠡᠳ ᠤᠨ ᠣᠪᠣᠷ ᠪᠠᠶᠢᠳᠠᠯ ᠪᠠ ᠠᠵᠢᠯᠯᠠᠬᠤ ᠡᠷᠴᠢ ᠵᠣᠷᠢᠭ ᠢᠶᠠᠨ ᠢᠮᠠᠭᠲᠠ ᠪᠠᠲᠤᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠪᠠᠨ ᠦᠢᠯᠡᠳᠦᠯᠭᠡᠵᠢᠭᠦᠯᠬᠦ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠨᠢᠭᠡ︾ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠳᠤ ᠰᠡᠳᠬᠢᠯ ᠬᠠᠨᠤᠮᠵᠢᠲᠠᠶ ᠲᠤᠰᠢᠶᠠᠯ ᠢᠶᠠᠨ ᠭᠦᠢᠴᠡᠳᠬᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠪᠡ᠃       ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠠᠢ᠃       ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ