ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢᠯᠠᠯᠲᠠ ᠲᠠᠢ ᠲᠡᠭᠦᠰᠪᠡ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/2/5
20240205-5.png
              2 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠭᠦᠭᠡᠬᠤᠲᠠ ᠳᠤ ᠢᠯᠠᠯᠲᠠ ᠲᠠᠢ ᠲᠡᠭᠦᠰᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃        ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ       2 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ ᠭᠦᠭᠡᠬᠤᠲᠠ ᠳᠤ ᠢᠯᠠᠯᠲᠠ ᠲᠠᠢ ᠲᠡᠭᠦᠰᠪᠡ᠃       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
    20240205-6.png      
              2 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ᠂ ᠭᠦᠭᠡᠬᠤᠲᠠ ᠳᠤ ᠢᠯᠠᠯᠲᠠ ᠲᠠᠢ ᠲᠡᠭᠦᠰᠪᠡ᠃        ᠲᠤᠰ ᠰᠣᠨᠢᠨ ᠤ ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ       ᠸᠠᠩ ᠯᠢ ᠰᠢᠶᠠ᠂ ᠵᠠᠩ ᠶᠠᠨ ᠺᠦᠨ᠂ ᠶᠠᠩ ᠸᠧᠢ ᠳ᠋ᠦᠩ᠂ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠴᠧᠨ ᠯᠢᠶᠠᠨ ᠪᠢᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠣᠣ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ᠂ ᠯᠥᠸᠧ ᡁᠢ ᠬᠤ᠋᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ᠂ ᠶᠠᠩ ᠭᠦᠸᠧ ᠠᠨ᠂ ᠸᠠᠩ ᠰᠢᠤᠸᠠᠢ ᠦ᠋᠂ ᠶᠠᠩ ᠽᠥᠩ ᠷᠧᠨ᠂ ᠯᠢ ᠶᠦᠩ ᠵᠢᠶᠦ᠋ᠨ᠂ ᠴᠧᠨ ᠯᠤ᠋ ᠱᠧᠩ᠂ ᠵᠠᠩ ᠵᠢᠶᠦ᠋ᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 540 ᠬᠥᠮᠥᠨ ᠪᠤᠶ᠃ 524 ᠬᠥᠮᠥᠨ ᠲᠤᠰ ᠤᠳᠠᠭ᠎ᠠ ᠶᠢᠨ ᠪᠦᠭᠦᠳᠡ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃       ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ︾ ᠳᠤ ᠵᠠᠰᠠᠪᠤᠷᠢ ᠣᠷᠣᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃       ᠶᠡᠭᠡ ᠬᠤᠷᠠᠯ ᠠᠴᠠ ᠡᠯ᠎ᠡ ᠵᠥᠪᠯᠡᠬᠦ ᠵᠦᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠰᠦᠨ ᠱᠤᠤ ᠴᠧᠩ ᠶᠠᠷᠢᠶ᠎ᠠ ᠲᠠᠯᠪᠢᠪᠠ᠃ ᠲᠡᠷᠡ᠂ ᠡᠨᠡ ᠤᠳᠠᠭ᠎ᠠ ᠶᠢᠨ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠳᠡᠭᠡᠭᠰᠢᠯᠡᠭᠦᠯᠵᠥ᠂ ᠢᠲᠡᠭᠡᠯ ᠢ ᠨᠡᠮᠡᠭᠳᠡᠭᠦᠯᠵᠦ᠂ ᠡᠷᠴᠢ ᠵᠣᠷᠢᠭ ᠢ ᠬᠥᠪᠴᠢᠯᠡᠪᠡ᠂ ᠯᠠᠪᠲᠠᠢ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠬᠦ ᠣᠮᠤᠭ ᠵᠣᠷᠢᠭ ᠢ ᠬᠥᠭᠵᠢᠭᠡᠬᠦ ᠪᠣᠯᠣᠨ᠎ᠠ ᠭᠡᠪᠡ᠃       ᠰᠦᠨ ᠱᠤᠤ ᠴᠧᠩ᠂ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠦ᠂ ᠡᠯ᠎ᠡ ᠵᠦᠢᠯ ᠤᠨ ᠠᠵᠢᠯ ᠦᠢᠯᠡᠰ ᠬᠥᠭᠵᠢᠵᠦ᠂ ᠮᠠᠰᠢ ᠤᠯᠠᠨ ᠠᠵᠢᠯ ᠰᠠᠶᠢᠨ ᠬᠠᠨᠳᠤᠰᠢ ᠲᠠᠢ ᠪᠣᠯᠵᠤ᠂ ᠰᠢᠨ᠎ᠡ ᠳᠦᠷᠰᠦ ᠪᠠᠶᠢᠳᠠᠯ ᠢᠯᠡᠷᠡᠪᠡ᠃ ᠥᠪᠥᠷ ᠮᠣᠩᠭᠤᠯ ᠤᠨ ᠬᠥᠭᠵᠢᠯᠲᠡ ᠶᠢᠨ ᠴᠢᠭᠯᠡᠯ ᠢ ᠶᠡᠷᠦᠩᠬᠡᠢ ᠱᠦᠵᠢ ᠰᠢ ᠶᠢᠨ ᠫᠢᠩ ᠨᠢᠭᠡᠨᠲᠡ ᠪᠢᠳᠡᠨ ᠳᠤ ᠲᠣᠳᠣᠷᠬᠠᠢ ᠵᠢᠭᠠᠵᠤ ᠥᠭᠪᠡ᠃ ᠪᠢᠳᠡᠨ ᠤ ᠬᠢᠬᠦ ᠶᠠᠪᠤᠳᠠᠯ ᠪᠣᠯ ᠳᠠᠷᠤᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠠᠷᠠᠳ ᠲᠦᠮᠡᠨ ᠳᠤ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠠᠪᠤᠳᠠᠯ ᠪᠣᠯᠣᠨ᠎ᠠ᠃ ᠠᠴᠢ ᠡᠨᠡᠷᠢᠯ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ ᠳᠠᠭᠠᠨ ᠡᠷᠬᠡᠪᠰᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠶᠢ ᠨᠢᠭᠲᠠ ᠲᠠᠭᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠢ ᠤᠮᠠᠷᠠᠲᠤ ᠶᠢᠨ ᠡᠬᠡ ᠭᠠᠵᠠᠷ ᠤᠨ ︽ᠬᠠᠮᠤᠭ ᠤᠨ ᠬᠦᠴᠦᠷᠬᠡᠭ ᠳᠠᠭᠤᠨ︾ ᠪᠤᠯᠭᠠᠬᠤ ᠬᠡᠷᠡᠭᠲᠡᠢ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠶ᠎ᠡ ᠭᠡᠪᠡᠯ ᠡᠷᠬᠡᠪᠰᠢ ᠬᠥᠳᠡᠯᠦᠯᠴᠡᠵᠦ ᠠᠵᠢᠯᠯᠠᠬᠤ ᠬᠡᠷᠡᠭᠲᠡᠢ᠂ ᠶᠡᠷᠦᠩᠬᠡᠢ ᠱᠦᠵᠢ ᠰᠢ ᠶᠢᠨ ᠫᠢᠩ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠭᠡᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠴᠢᠷᠮᠠᠶᠢᠨ ᠪᠡᠶᠡᠯᠡᠭᠦᠯᠵᠦ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠵᠠᠮ ᠨᠡᠭᠡᠭᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠨᠡᠩ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠭᠡᠪᠡᠯ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠠᠯᠢᠪᠠ ᠬᠦᠴᠢᠷ ᠪᠡᠷᠬᠡ ᠶᠢ ᠢᠯᠠᠨ ᠳᠠᠪᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠳᠡᠭᠡᠨ ᠡᠷᠬᠡᠪᠰᠢ ᠠᠮᠠᠯᠠᠯᠲᠠ ᠪᠠᠨ ᠦᠢᠯᠡᠳᠦᠯᠭᠡᠵᠢᠭᠦᠯᠬᠦ ᠬᠡᠷᠡᠭᠲᠡᠢ᠂ ᠤᠯᠠᠨ ᠲᠦᠮᠡᠨ ᠤ ᠠᠵᠢᠯ ᠣᠯᠭᠤᠯᠲᠠ᠂ ᠡᠪᠡᠳᠴᠢᠨ ᠦᠵᠡᠭᠦᠯᠭᠦ᠂ ᠰᠤᠷᠭᠠᠭᠤᠯᠢ ᠳᠤ ᠣᠷᠣᠬᠤ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠳᠤ ᠠᠮᠠᠯᠳᠠᠭᠰᠠᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠬᠤ ᠳᠠᠭᠠᠨ ᠡᠷᠬᠡᠪᠰᠢ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠂ ᠮᠣᠩᠭᠤᠯ ᠮᠣᠷᠢᠨ ᠳᠤ ᠣᠨᠴᠠ ᠪᠠᠶᠢᠳᠠᠭ ᠡᠷᠡᠰ ᠬᠠᠳᠠᠨ ᠵᠣᠷᠢᠭ ᠰᠥᠰᠥ ᠶᠢ ᠢᠮᠠᠭᠲᠠ ᠪᠠᠷᠢᠮᠲᠠᠯᠠᠵᠤ᠂ ᠬᠠᠷᠠᠯᠲᠠ ᠪᠠᠨ ᠣᠨᠢᠯᠠᠵᠤ᠂ ᠨᠢᠭᠡ ᠯᠡ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠵᠦ ᠦᠷ᠎ᠡ ᠪᠦᠳᠦᠮᠵᠢ ᠣᠯᠬᠤ ᠬᠡᠷᠡᠭᠲᠡᠢ ᠭᠡᠪᠡ᠃       ᠰᠦᠨ ᠱᠤᠤ ᠴᠧᠩ ᠬᠠᠮᠤᠭ ᠤᠨ ᠡᠴᠦᠰ ᠲᠤ᠂ ᠥᠪᠥᠷ ᠮᠣᠩᠭᠤᠯ ᠪᠣᠯ ᠮᠠᠨ ᠤ ᠭᠡᠷ ᠮᠥᠨ᠂ ᠬᠥᠭᠵᠢᠬᠦ ᠳᠤ ᠤᠯᠠᠨ ᠪᠦᠭᠦᠳᠡ ᠳᠤ ᠲᠦᠰᠢᠭᠯᠡᠨ᠎ᠡ᠃ ᠥᠷᠭᠡᠨ ᠠᠭᠤᠳᠠᠮ ᠰᠦᠷᠯᠢᠭ ᠰᠠᠶᠢᠬᠠᠨ ᠥᠪᠥᠷ ᠮᠣᠩᠭᠤᠯ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠬᠢᠵᠠᠭᠠᠯᠠᠰᠢ ᠦᠭᠡᠢ ᠳᠠᠯᠳᠠ ᠬᠦᠴᠦᠨ ᠲᠠᠢ ᠥᠪᠥᠷ ᠮᠣᠩᠭᠤᠯ ᠢᠶᠠᠨ ᠨᠠᠩ ᠰᠠᠶᠢᠲᠤᠷ ᠬᠥᠭᠵᠢᠭᠦᠯᠬᠦ ᠪᠣᠯ ᠪᠢᠳᠡᠨ ᠤ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠪᠦᠭᠦ ᠣᠷᠣᠨ ᠤ 2400 ᠭᠠᠷᠤᠢ ᠲᠦᠮᠡᠨ ᠠᠷᠠᠳ ᠲᠦᠮᠡᠨ ᠳᠤ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠮᠥᠨ᠃ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠢᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠡᠭᠦᠷᠭᠡᠯᠡᠵᠦ᠂ ᠥᠷᠭᠡᠨ ᠤᠯᠠᠨ ᠺᠠᠳ᠋ᠷ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠬᠥᠮᠥᠨ ᠨᠢᠭᠡᠪᠦᠷᠢ ᠪᠠᠲᠤ ᠴᠢᠩᠭ᠎ᠠ ᠡᠵᠡᠨ ᠬᠥᠮᠥᠨ ᠤ ᠵᠣᠷᠢᠭ ᠰᠠᠨᠠᠭ᠎ᠠ ᠪᠠᠷ ᠮᠠᠨ ᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠵᠦᠪᠭᠡᠨ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠪᠠᠯ᠂ ᠥᠪᠥᠷ ᠮᠣᠩᠭᠤᠯ ᠮᠠᠨᠢ ᠭᠡᠭᠡᠨ ᠰᠠᠷᠠᠭᠤᠯ ᠢᠷᠡᠭᠡᠳᠦᠢ ᠶᠢ ᠤᠭᠲᠤᠬᠤ ᠨᠢ ᠯᠠᠪᠲᠠᠢ ᠶᠤᠮ ᠭᠡᠪᠡ᠃       ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠣᠨ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠤᠳᠤᠷᠢᠳᠬᠤ ᠨᠥᠬᠦᠳ ᠲᠣᠰ ᠤᠳᠠᠭ᠎ᠠ ᠶᠢᠨ ᠪᠦᠭᠦᠳᠡ ᠬᠤᠷᠠᠯ ᠳᠤ ᠰᠤᠯᠠ ᠣᠷᠣᠯᠴᠠᠪᠠ᠃       ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ