2024 ᠤᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 3
ᠨᠡᠶᠢᠲᠡᠯᠡᠭᠰᠡᠨ ᠴᠠᠭ᠄
2024/2/5
       ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠵᠤ᠂ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠰᠠᠶᠢᠷᠭᠠᠯ ᠤᠨ ᠣᠷᠣᠨ ᠤ 770 ᠡᠷᠦᠬᠡ᠂ 1853 ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠰᠢᠷᠠᠤ᠋ᠰᠤᠨ ᠭᠤᠣᠯ ᠤᠨ ᠬᠢᠯᠢ ᠳᠣᠲᠣᠷᠠᠬᠢ ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ ᠵᠢᠱᠢᠶ᠎ᠡ ᠪᠠᠷ ᠰᠣᠩᠭᠤᠭᠳᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ 21.3 ᠲᠦᠮᠡᠨ ᠡᠷᠦᠭᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ ᠪᠡᠶᠡᠯᠡᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ ᠵᠡᠷᠭᠡ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠪᠦᠬᠦ ᠣᠷᠣᠨ ᠤ ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ PM2.5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 9326 ᠲᠦᠷᠦᠯ ᠵᠦᠢᠯ ᠤᠨ ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ ᠮᠦ ᠠᠴᠠ ᠳᠠᠪᠠᠵᠤ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ︽ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ ᠨᠡᠭᠡᠭᠡᠯᠲᠡ ᠶᠢᠨ ᠲᠣᠭᠤᠷᠢᠭ ᠤᠨ ︽ᠲᠦᠢᠯᠪᠤᠷᠢᠲᠠᠢ ᠰᠢᠢᠳᠪᠦᠷᠢᠯᠡᠯᠲᠡ︾ ᠶᠢ ᠦᠨᠳᠦᠰᠦᠨ ᠳᠤ ᠪᠠᠨ ᠪᠡᠶᠡᠯᠡᠭᠦᠯᠪᠡ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠳ᠋ᠷ ᠲᠤ ᠬᠦᠷᠴᠦ᠂ ᠲᠠᠷᠢᠶᠠᠨ ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ 4᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ᠃       ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ ᠪᠦᠲᠦᠮᠵᠢᠲᠡᠢ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠡᠭᠡᠵᠢᠩ ᠱᠠᠩᠬᠠᠢ ᠭᠤᠸᠠᠩᠵᠧᠦ ᠱᠧᠨᠵᠧᠨ︾ ᠵᠡᠷᠭᠡ ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ ᠥᠷᠨᠢᠭᠦᠯᠵᠦ᠂ ᠷᠠᠰᠢᠶᠠᠨ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠶᠢᠵᠤ᠂ ᠪᠦᠬᠦ ᠣᠷᠣᠨ ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ᠂ ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ ᠤ 1.2 ᠳᠠᠬᠢᠨ ᠪᠠᠶᠢᠪᠠ᠃ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ᠂ ᠤᠯᠤᠰ ᠤᠨ 5C᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ ᠪᠦᠬᠦ ᠤᠯᠤᠰ ᠤᠨ ᠲᠡᠷᠢᠭᠦᠨ ᠳᠤ ᠪᠠᠶᠢᠷᠢᠰᠢᠵᠤ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ ︽ᠲᠠᠯ᠎ᠠ ᠨᠤᠲᠤᠭ ᠤᠨ ᠪᠣᠯᠵᠣᠯ︾᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠦᠷᠭᠦᠯᠵᠢᠯᠡᠨ ᠨᠡᠮᠡᠭᠳᠡᠵᠦ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭᠠᠨᠴᠠᠪ ᠤᠨ ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ︽ᠯᠢᠩᠬᠤᠸ᠎ᠠ ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠶᠢᠨ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ ᠣᠷᠣᠪᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ ᠬᠦᠴᠦᠨ ᠢᠶᠠᠷ ᠢᠶᠠᠨ ᠪᠡᠯᠡᠳᠬᠡᠪᠡ᠃       ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ ᠰᠠᠶᠢᠲᠤᠷ ᠬᠢᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ᠃ ᠵᠢᠯ ᠤᠨ ᠡᠬᠢᠨ ᠳᠤ ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠬᠤᠲᠠ ᠪᠠᠯᠭᠠᠰᠤᠨ ᠤ 21.87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 893 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 97 ᠪᠠᠶᠢᠭᠤᠯᠪᠠ᠃ 236 ᠵᠦᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠯᠠᠨ ᠲᠦᠮᠡᠨ ᠤ ᠥᠪᠡᠷ ᠢᠶᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃ ᠰᠤᠮᠤ ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠮᠢᠩᠭᠠᠨ ᠬᠥᠮᠥᠨ ᠠᠮᠠ ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ᠃ ᠬᠤᠲᠠ ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠳ᠋ᠷ᠂ ᠬᠠᠭᠤᠴᠢᠨ ᠰᠠᠭᠤᠭᠠᠯᠢ ᠲᠣᠭᠤᠷᠢᠭ ᠢ 1639᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ᠂ ᠵᠠᠰᠠᠮᠠᠯ ᠵᠠᠮ ᠢ 5106 ᠺᠢᠯᠣᠮᠧᠳ᠋ᠷ ᠪᠠᠶᠢᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ 4211 ᠡᠷᠦᠬᠡ ᠥᠭᠡᠷᠡᠴᠢᠯᠡᠨ ᠰᠢᠨᠡᠳᠬᠡᠵᠦ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 ᠺᠢᠯᠣᠮᠧᠳ᠋ᠷ ᠳᠡᠪᠢᠰᠪᠡ᠃ ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ᠂ ᠪᠦᠢᠳᠠ ᠪᠥᠭᠯᠡᠭᠦᠦ ᠭᠠᠵᠠᠷ ᠣᠷᠣᠨ ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 531᠂ ᠲᠠᠷᠠᠬᠠᠢ ᠮᠠᠶ᠋ᠢᠭ ᠤᠨ ᠤᠰᠤᠨ ᠤ ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠥᠪᠥᠷ ᠮᠣᠩᠭᠤᠯ ᠳᠤ ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ ᠪᠠᠭᠰᠢ ᠪᠡᠭᠡᠵᠢᠩ ᠤᠨ ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ 200 ᠳ᠋ᠦᠩᠰᠢᠭᠤᠷ ᠭᠷᠡᠳᠦ᠋ᠰ ᠢ ᠳᠠᠪᠠᠵᠤ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 ᠳ᠋ᠦᠩᠰᠢᠭᠤᠷ ᠲᠥᠭᠦᠷᠢᠭ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠳᠡᠯᠭᠡᠷᠡᠭᠦᠯᠵᠦ᠂ ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ᠃       ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ ᠠᠷᠢᠯᠭᠠᠪᠠ᠃ ᠪᠢᠳᠡ ︽2 • 22︾ ᠤᠨ ᠠᠳᠡᠯ ᠠᠴᠠ ᠭᠦᠨ ᠰᠤᠷᠭᠠᠮᠵᠢ ᠠᠪᠴᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ᠂ ᠶᠡᠭᠡ ᠪᠠᠷ ᠵᠢᠭᠰᠠᠭᠠᠨ ᠪᠠᠶᠢᠴᠠᠭᠠᠬᠤ ᠪᠠ ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭᠠᠳ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ ᠡᠭᠦᠷᠭᠡ ᠪᠠᠨ ᠪᠣᠯᠭᠠᠵᠣ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ᠂ ︽1 + 8︾ ᠥᠷᠢ ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠨᠢᠭᠡ ᠪᠦᠯᠦᠭ︾ ᠪᠠ ᠥᠷᠢ ᠥᠭᠴᠡᠭᠡ ᠶᠢ ᠠᠷᠢᠯᠭᠠᠬᠤ ᠱᠠᠩᠨᠠᠯ ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ᠂ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠯᠠᠱᠠ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ ᠤᠷᠠᠳ ᠤᠨ ᠡᠮᠦᠨᠡᠲᠦ ᠬᠤᠰᠢᠭᠤ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ ᠳᠡᠰ ᠠᠴᠠ ᠭᠠᠷᠪᠠ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ