2024 ᠤᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 4
ᠨᠡᠶᠢᠲᠡᠯᠡᠭᠰᠡᠨ ᠴᠠᠭ᠄
2024/2/5
       ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ ᠰᠢᠯᠭᠠᠯᠲᠠ︾ ᠶᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠬᠢᠯᠡᠬᠦ ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠡᠯᠪᠡᠷᠢ ᠲᠠᠢ ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ᠂ ᠨᠠᠮ ᠤᠨ ᠠᠴᠢ ᠳᠤ ᠲᠠᠯᠠᠷᠬᠠᠭᠤᠯᠤᠨ᠂ ᠨᠠᠮ ᠢᠶᠠᠨ ᠲᠠᠭᠠᠨ ᠤᠷᠤᠭᠰᠢᠯᠠᠭᠤᠯᠪᠠ᠃       ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ ᠬᠠᠷᠢᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ ᠲᠤᠷᠰᠢᠯᠲᠠ ᠶᠢᠨ ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃       ᠲᠥᠯᠥᠭᠡᠯᠡᠭᠴᠢᠳ ᠠ᠋︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠮᠥᠨ ᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕       ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠪᠤᠰᠤᠳ ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠮᠥᠨ ᠣᠷᠣᠰᠢᠭᠰᠠᠭᠠᠷ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ ᠰᠢᠢᠳᠪᠦᠷᠢᠯᠡᠭᠳᠡᠭᠡᠳᠦᠢ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠶᠢᠭᠰᠠᠭᠠᠷ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠠᠷᠠᠬᠠᠨ ᠠᠷᠢᠯᠤᠭ᠎ᠠ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ ᠤᠨ ᠳᠤᠮᠳᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ ᠰᠡᠳᠬᠢᠮᠵᠢ ᠬᠠᠷᠠᠭ᠎ᠠ ᠨᠢ ᠲᠡᠨᠢᠭᠡᠷ ᠪᠤᠰᠤ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ᠂ ᠠᠵᠢᠯ ᠤᠨ ᠰᠤᠷᠲᠠᠯ ᠨᠢ ᠲᠥᠪ ᠪᠤᠰᠤ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠦᠭᠡᠢ ᠪᠣᠯ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃       ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ        ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠬᠢᠭᠡᠳ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠬᠠᠮᠤᠭ ᠤᠨ ᠶᠡᠭᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ ᠴᠢᠷᠮᠠᠶᠢᠨ ᠤᠷᠤᠭᠰᠢᠯᠠᠬᠤ ᠬᠡᠷᠡᠭᠲᠡᠢ︔ ᠡᠨᠡ ᠬᠤᠶᠠᠷ ᠵᠢᠯ ᠮᠠᠨ ᠤ ᠣᠷᠣᠨ ᠤ ᠬᠥᠭᠵᠢᠯᠲᠡ ᠶᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ ᠪᠢᠳᠡ ᠬᠤᠪᠢ ᠳᠠᠬᠢᠨ ᠴᠢᠷᠮᠠᠶᠢᠬᠤ ᠬᠡᠷᠡᠭᠲᠡᠢ᠂ ᠤᠳᠠᠭᠠᠰᠢᠷᠠᠵᠤ ᠪᠣᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠪᠠᠶᠢᠭᠠᠳ ᠪᠤᠢ ᠪᠣᠯᠤᠭᠰᠠᠨ ᠡᠷᠡᠮᠡᠬᠡᠶᠢᠯᠡᠨ ᠳᠠᠪᠠᠵᠤ ᠲᠡᠷᠢᠭᠦᠨ ᠤ ᠬᠢ ᠶᠢ ᠬᠥᠭᠡᠭᠡᠴᠡᠯᠳᠦᠬᠦ᠂ ᠬᠥᠭᠵᠢᠯᠲᠡ ᠶᠢ ᠲᠦᠷᠭᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ ᠲᠦᠢᠯ ᠤᠨ ᠬᠤᠪᠣᠷ ᠨᠠᠨᠳᠢᠨ ᠶᠤᠮ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠥᠨᠳᠥᠷᠴᠡ ᠳᠤ ᠭᠠᠷᠬᠤ ᠪᠠᠷ ᠴᠢᠷᠮᠠᠶᠢᠬᠤ ᠬᠡᠷᠡᠭᠲᠡᠢ᠃       ᠨᠠᠮ ᠤᠨ ᠲᠥᠪ ᠬᠤᠷᠢᠶᠠᠨ ᠠᠴᠠ ᠨᠢᠭᠡᠨᠲᠡ ᠡᠨᠡ ᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠪᠠᠶᠢᠷᠢᠯᠠᠭᠤᠯᠤᠯᠲᠠ ᠬᠢᠪᠡ᠂ ᠪᠢᠳᠡ ᠡᠷᠬᠡᠪᠰᠢ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠨᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠶᠢᠭᠤᠯᠵᠤ᠂ ᠵᠦᠢᠯ ᠵᠤᠷᠪᠤᠰ ᠳᠠᠷᠠᠭᠠᠯᠠᠨ ᠲᠠᠭᠠᠨ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃       ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ ᠪᠠᠭᠤᠷᠠᠭᠤᠯᠤᠨ᠎ᠠ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠥᠭᠡᠷᠡᠴᠢᠯᠡᠬᠦ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ ᠬᠥᠲᠥᠯᠥᠮᠵᠢ ᠶᠢ ᠬᠠᠷᠠᠭᠤᠯᠵᠤ᠂ ᠶᠡᠷᠦᠩᠬᠡᠢ ᠳᠤ ᠪᠠᠨ ᠥᠭᠡᠳᠡᠷᠬᠡᠭ ᠪᠠᠶᠢᠵᠤ᠂ ᠬᠦᠴᠦ ᠭᠠᠷᠭᠠᠵᠤ ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠪᠣᠳᠠᠲᠠᠢ ᠪᠠᠷ ᠠᠵᠢᠯᠯᠠᠵᠤ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠯᠭᠠᠬᠤ ᠪᠠᠷ ᠴᠢᠷᠮᠠᠶᠢᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ