2024 ᠤᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 5
ᠨᠡᠶᠢᠲᠡᠯᠡᠭᠰᠡᠨ ᠴᠠᠭ᠄
2024/2/5
       ᠭᠤᠣᠯᠳᠠᠭᠤ ᠳᠠᠷᠠᠭᠠᠬᠢ 10 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃       ︵ᠨᠢᠭᠡ︶ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠪᠤᠲᠠᠲᠠᠶᠢᠵᠢᠭᠤᠯᠤᠯᠲᠠ ᠶᠢ ᠠᠳᠬᠤᠨ᠎ᠠ᠃ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠢᠨᠵᠧᠨᠧᠷᠢᠩ ᠪᠣᠯᠣᠨ᠎ᠠ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠨᠡ ᠵᠢᠯ ᠢ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠯ︾ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠲᠤᠰᠬᠠᠵᠤ︾ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ ᠰᠠᠶᠢᠲᠤᠷ ᠠᠰᠢᠭᠯᠠᠵᠤ᠂ ᠮᠠᠨ ᠤ ᠣᠷᠣᠨ ᠤ ᠬᠦᠷᠲᠡᠵᠦ ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠤᠯᠤᠰ ᠤᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠦᠷᠢ ᠶᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶᠢᠴᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠡᠮᠵᠢᠯᠭᠡ ᠶᠢᠨ ᠵᠦᠢᠯᠡᠰ ᠪᠦᠷᠢ ᠶᠢ ᠴᠥᠮ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠲᠦᠷᠦᠯ ᠵᠦᠢᠯ ᠪᠣᠯᠭᠠᠬᠤ ᠬᠡᠷᠡᠭᠲᠡᠢ᠂ ᠶᠠᠭᠠᠬᠢᠭᠰᠠᠨ ᠴᠦ ᠨᠠᠮ ᠤᠨ ᠲᠥᠪ ᠬᠤᠷᠢᠶᠠᠨ ᠤ ᠳᠡᠮᠵᠢᠯᠭᠡ ᠶᠢ ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ ᠢ ᠠᠯᠳᠠᠵᠤ ᠪᠣᠯᠬᠤ ᠦᠭᠡᠢ᠃       ︵ᠬᠤᠶᠠᠷ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠢᠭᠤᠷᠬᠠᠢ ᠬᠡᠷᠡᠭᠵᠢᠭᠦᠯᠦᠨ᠎ᠡ᠃ ᠡᠨᠡ ᠬᠤᠶᠠᠷ ᠵᠢᠯ ᠳᠤ ᠮᠠᠨ ᠤ ᠣᠷᠣᠨ ᠤ ᠠᠵᠤ ᠠᠬᠤᠢ ᠲᠦᠷᠭᠡᠨ ᠬᠥᠭᠵᠢᠭᠰᠡᠨ ᠨᠢ ᠭᠤᠣᠯᠳᠠᠭᠤ ᠪᠡᠯᠡ ᠣᠷᠣᠭᠤᠯᠤᠯᠲᠠ ᠶᠢᠨ ᠳᠠᠶᠢᠴᠢᠯᠠᠭᠰᠠᠨ ᠳᠤ ᠪᠠᠶᠢᠬᠤ ᠶᠤᠮ᠂ ᠡᠶᠢᠮᠦᠷᠬᠦᠦ ᠬᠠᠨᠳᠤᠰᠢ ᠪᠠ ᠡᠷᠴᠢᠮ ᠢ ᠪᠠᠷᠢᠮᠲᠠᠯᠠᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠡ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠤᠨ ᠪᠡᠯᠡ ᠣᠷᠣᠭᠤᠯᠤᠯᠲᠠ ᠶᠢ ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ ᠤ ᠣᠷᠣᠨ ᠤ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ 4 ᠰᠠᠭᠤᠷᠢᠨ ᠭᠠᠵᠠᠷ ᠢ ᠨᠢᠭᠡᠨᠲᠡ ᠴᠥᠮ ᠤᠯᠤᠰ ᠤᠨ ᠲᠥᠯᠦᠪᠵᠢᠭᠦᠯᠭᠡ ᠳᠤ ᠣᠷᠣᠭᠤᠯᠵᠤ᠂ ᠬᠠᠮᠤᠭ ᠬᠦᠴᠦ ᠪᠠᠷ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠳ᠋ᠷᠣᠨ ᠳᠡᠰ ᠤᠨ ᠨᠡᠭᠦᠷᠡᠰᠦᠲᠥ᠋ᠷᠥᠭᠴᠢᠲᠦ ᠴᠠᠬᠢᠭᠤᠷ᠂ ᠪᠣᠣ ᠹᠧᠩ ᠨᠡᠭᠦᠷᠡᠰᠦ ᠪᠠᠷ ᠦᠢᠯᠡᠳᠦᠭᠰᠡᠨ ᠠᠯᠺᠧᠨ ᠨᠡᠬᠦᠷᠦᠭᠴᠢ᠂ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠠᠵᠤ ᠦᠢᠯᠡᠰ ᠤᠨ ᠲᠦᠷᠥᠯ ᠵᠦᠢᠯ ᠢ 1400 ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ ᠤᠨ ᠪᠡᠯᠡ ᠣᠷᠣᠭᠤᠯᠤᠯᠲᠠ ᠶᠢ ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠲᠦᠷᠭᠡᠨ ᠤᠯᠠᠷᠢᠭᠤᠯᠬᠤ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠡᠷᠡᠰ ᠲᠠᠰᠤᠷᠬᠠᠢ ᠡᠷᠡᠮᠡᠬᠡᠢ ᠵᠣᠷᠢᠭ ᠢᠶᠠᠷ ᠦᠷᠭᠦᠯᠵᠢᠯᠡᠨ ᠴᠢᠩᠭᠠᠷᠠᠭᠤᠯᠤᠨ᠎ᠠ᠃ ᠣᠳᠣ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠷᠤᠭᠠᠰᠤ ᠴᠥᠮ ᠲᠣᠩ ᠬᠦᠨᠳᠦ ᠪᠠᠶᠢᠨ᠎ᠠ᠂ ᠭᠡᠪᠡᠴᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠠᠯ᠎ᠠ ᠪᠠᠷ ᠬᠦᠴᠦ ᠪᠠᠨ ᠰᠤᠯᠠᠷᠠᠭᠤᠯᠵᠤ ᠪᠣᠯᠬᠤ ᠦᠭᠡᠢ᠂ ᠲᠥᠪ ᠤᠨ ᠲᠥᠰᠥᠪ ᠲᠠᠬᠢ ᠪᠡᠯᠡ ᠣᠷᠣᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠵᠠᠭᠪᠤᠷ ᠲᠤ ᠰᠢᠨ᠎ᠡ ᠶᠢ ᠡᠭᠦᠳᠴᠦ ᠠᠷᠠᠳ ᠤᠨ ᠳᠤᠮᠳᠠᠬᠢ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ G5511 ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠢ ᠰᠤᠨᠳᠠᠯᠠᠬᠤ᠂ ᠠᠶᠢᠮᠠᠭ ᠬᠤᠲᠠ ᠬᠠᠷᠢᠯᠴᠠᠨ ᠨᠡᠪᠲᠡᠷᠡᠬᠦ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠦᠨ᠎ᠡ︔ ᠬᠢᠯᠢ ᠳᠠᠭᠠᠤ ᠤᠯᠤᠰ ᠤᠨ ᠵᠠᠮ G331 ᠶᠢ ᠪᠦᠭᠦ ᠱᠤᠭᠤᠮ ᠢᠶᠠᠷ ᠨᠢ ᠨᠡᠪᠲᠡᠷᠡᠭᠦᠯᠬᠦ ᠪᠠᠷ ᠴᠢᠷᠮᠠᠶᠢᠵᠤ᠂ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾  ᠤᠨ ᠰᠠᠭᠠᠳ ᠦᠭᠡᠢ ᠨᠡᠪᠲᠡᠷᠡᠬᠦ ᠢᠨᠵᠧᠨᠧᠷᠢᠩ ᠢ 700 ᠺᠢᠯᠣᠮᠧᠳ᠋ᠷ ᠬᠡᠷᠡᠭᠵᠢᠭᠦᠯᠦᠨ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1700 ᠺᠢᠯᠣᠮᠧᠳ᠋ᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠯᠢᠨ ᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠨ ᠥᠭᠡᠷᠡᠴᠢᠯᠡᠬᠦ᠂ ᠪᠠᠢ ᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ ᠬᠦᠳᠡᠯᠭᠡᠭᠦᠷᠲᠦ ᠲᠡᠷᠭᠡᠨ ᠤ ᠥᠭᠡᠷᠡᠴᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ᠂ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ ᠣᠷᠳᠣᠰ ᠠᠴᠠ ᠲᠡᠮᠡᠭᠡᠲᠦ ᠬᠦᠷᠬᠦ ᠲᠦᠷᠭᠡᠨ ᠤ ᠲᠡᠮᠦᠷ ᠵᠠᠮ ᠪᠠ ᠬᠠᠶᠢᠯᠠᠷ ᠠᠴᠠ ᠷᠠᠰᠢᠶᠠᠨ ᠬᠦᠷᠬᠦ ᠲᠡᠮᠦᠷ ᠵᠠᠮ ᠢ ᠥᠭᠡᠷᠡᠴᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ ᠢ ᠪᠠᠶᠢᠭᠤᠯᠵᠤ ᠳᠠᠭᠤᠰᠬᠠᠨ᠂ ᠤᠯᠠᠭᠠᠢ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠵᠥᠪᠰᠢᠶᠡᠷᠡᠯ ᠢ ᠲᠦᠷᠭᠡᠬᠡᠨ ᠣᠯᠬᠤ᠂ ᠬᠠᠲᠤᠨ ᠭᠤᠣᠯ ᠤᠨ ᠤᠰᠤ ᠶᠢ ᠲᠠᠲᠠᠵᠤ ᠬᠦᠬᠡᠬᠤᠲᠠ ᠳᠤ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠨᠴᠠᠪ ᠤᠨ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠤᠨ ᠬᠠᠩᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠴᠠᠬᠢᠯᠭᠠᠨ ᠬᠦᠴᠦᠨ ᠤ ᠰᠢᠰᠲ᠋ᠧᠮ ᠤᠨ ᠲᠣᠣᠷ ᠴᠢᠩᠭᠠᠯᠠᠬᠤ ᠢᠨᠵᠧᠨᠧᠷᠢᠩ᠂ ᠭᠠᠳᠠᠭᠰᠢ ᠳᠠᠮᠵᠢᠭᠤᠯᠬᠤ ᠢᠨᠵᠧᠨᠧᠷᠢᠩ᠂ ᠲᠣᠣᠷ ᠬᠤᠯᠪᠣᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠵᠠᠩᠪᠧᠢ ᠠᠴᠠ ᠱᠧᠩ ᠯᠢ ᠬᠦᠷᠬᠦ᠂ ᠪᠠᠭᠠᠷᠢᠨ ᠪᠠᠷᠠᠭᠤᠨ ᠬᠤᠰᠢᠭᠤᠨ ᠠᠴᠠ ᠨᠠᠢᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠪᠠ ᠰᠢᠨ᠎ᠡ ᠡᠨᠧᠷᠬᠢ ᠶᠢᠨ ᠵᠠᠯᠭᠠᠭᠤᠯᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃       ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠭ ᠢ ᠴᠡᠭ ᠲᠤ ᠬᠠᠨᠳᠤᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ᠂ ᠣᠷᠣᠭᠤᠯᠤᠨ ᠠᠪᠴᠢᠷᠠᠬᠤ ᠪᠡᠯᠡ ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠰᠢᠨ᠎ᠡ ᠡᠭᠦᠳᠦᠯᠲᠡ ᠶᠢᠨ ᠲᠦᠷᠦᠭᠦᠴᠦᠳ ᠤᠨ ᠬᠤᠷᠠᠯ᠂ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ᠂ ᠲᠣᠮᠳᠠᠳᠣ ᠤᠯᠤᠰ ᠤᠨ ᠪᠣᠬᠢᠷᠳᠤᠯ ᠦᠭᠡᠢ ᠲᠣᠭᠠᠵᠢᠭᠤᠯᠵᠤ ᠪᠣᠳᠣᠬᠤ ᠬᠦᠴᠦᠨ ᠤ ᠶᠡᠭᠡ ᠬᠤᠷᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ᠂ ᠪᠦᠭᠦ ᠤᠯᠤᠰ ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢ ᠬᠢᠨᠠᠮᠠᠭᠠᠢ ᠰᠠᠶᠢᠲᠤᠷ ᠡᠷᠬᠢᠯᠡᠵᠣ᠂ ᠣᠯᠠᠨ ᠤᠯᠤᠰ ᠤᠨ ᠣᠶᠣᠨ ᠤᠬᠠᠭᠠᠨ ᠢ ᠬᠤᠷᠠᠭᠤᠯᠤᠭᠰᠠᠨ᠂ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠷᠠᠭᠤᠯᠤᠭᠰᠠᠨ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ‍ ᠨᠢᠭᠡ ᠪᠦᠯᠦᠭ ᠲᠡᠷᠢᠭᠦᠨ ᠳᠡᠰ ᠤᠨ ᠲᠠᠪᠴᠠᠩ ᠤᠳ ᠢ ᠴᠣᠭᠴᠠᠯᠠᠨ᠎ᠠ᠃       ︵ᠭᠤᠷᠪᠠ︶ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠡ ᠬᠦᠴᠦᠨ ᠢ ᠠᠭᠤᠳᠠᠯᠵᠤ ᠬᠥᠭᠵᠢᠭᠡᠨ᠎ᠡ᠃ ᠬᠡᠷᠡᠭᠯᠡᠭᠡ ᠶᠢᠨ ᠳᠠᠯᠳᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠠᠭᠤᠳᠠᠯᠵᠤ᠂ ᠬᠡᠷᠡᠭᠯᠡᠭᠡ ᠳᠤ ᠣᠷᠣᠯᠴᠠᠵᠣ ᠲᠠᠶᠢᠯᠭᠦ᠂ ᠵᠣᠷᠢᠭᠲᠠᠢ ᠪᠠᠷ ᠬᠡᠷᠡᠭᠯᠡᠭᠡ ᠳᠤ ᠣᠷᠣᠯᠴᠠᠬᠤ᠂ ᠬᠡᠷᠡᠭᠯᠡᠭᠡ ᠳᠤ ᠣᠷᠣᠯᠴᠠᠬᠤ ᠳᠤᠷᠠᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠣᠢ ᠪᠣᠯᠭᠠᠵᠣ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃        ᠠᠮᠢᠳᠤᠷᠠᠯ ᠤᠨ ᠬᠡᠷᠡᠭᠯᠡᠭᠡ ᠪᠣᠯ ᠬᠡᠷᠡᠭᠯᠡᠭᠡ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ︽ᠴᠢᠭᠳᠠᠭ᠎ᠠ︾ ᠮᠥᠨ᠂ ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠲᠦᠷᠭᠡᠳᠬᠡᠨ ᠪᠠᠶᠢᠭᠤᠯᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢᠨ ᠬᠥᠭᠵᠢᠭᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠭᠦᠴᠢ ᠳᠡᠯᠭᠡᠭᠦᠷ ᠲᠤ ᠠᠩᠬ᠎ᠠ ᠲᠠᠷᠬᠠᠭᠠᠬᠤ ᠠᠵᠤ ᠠᠬᠤᠢ᠂ ᠬᠥᠭᠵᠢᠶᠡᠨᠲᠦ ᠰᠥᠨᠢ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠦᠬᠡᠬᠤᠲᠠ ᠶᠢᠨ ᠬᠥᠭᠵᠢᠶᠡᠨ ᠶᠡᠬᠡᠲᠡᠢ ᠳᠠᠭᠤᠤ ᠬᠥᠭᠵᠢᠮ ᠤᠨ ᠦᠳᠡᠰᠢᠯᠡᠭᠡ ᠪᠠ ᠰᠢᠨ᠎ᠡ ᠣᠨ ᠢᠶᠠᠨ ᠤᠭᠲᠤᠬᠤ ᠦᠳᠡᠰᠢ᠂ ᠪᠤᠭᠤᠲᠤ ᠶᠢᠨ ᠴᠣᠣ ᠾᠧ ᠵᠡᠭᠡᠯᠢ ᠲᠣᠭᠤᠷᠢᠭ ᠤᠨ ︽ᠰᠢᠵᠢᠷ ᠠᠯᠳᠠᠨ 6 ᠴᠠᠭ ᠤᠨ ᠬᠤᠭᠤᠴᠠᠭ᠎ᠠ︾᠂ ᠣᠷᠳᠣᠰ ᠤᠨ ︽ᠬᠤᠳᠡ ᠶᠢ ᠳᠤᠯᠠᠭᠠᠯᠠᠬᠤ 7 ᠴᠠᠭ ᠬᠠᠭᠠᠰ︾᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠬᠤ · ᠤᠯᠠᠭᠠᠨᠴᠠᠪ ᠤᠨ ᠦᠳᠡᠰᠢ︾ ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ ᠲᠤ ᠮᠡᠳᠡᠷᠡᠭᠳᠡᠭᠰᠡᠨ ᠠᠵᠢᠯᠯᠠᠭ᠎ᠠ ᠪᠠ ᠨᠡᠷᠡᠳᠣ ᠲᠡᠮᠳᠡᠭ ᠢ ᠦᠷᠭᠦᠯᠵᠢᠯᠡᠨ ᠬᠢᠬᠦ ᠬᠡᠷᠡᠭᠲᠡᠢ᠃ ︽ᠪᠤᠭᠤᠷᠤᠯᠴᠤᠳ ᠤᠨ ᠠᠵᠤ ᠠᠬᠤᠢ︾ ᠶᠢᠨ ᠬᠥᠭᠵᠢᠯᠲᠡ ᠶᠢᠨ ᠣᠷᠣᠨ ᠵᠠᠢ ᠯᠤᠲᠤ ᠶᠡᠭᠡ᠂ ᠮᠠᠨ ᠤ ᠣᠷᠣᠨ ᠳᠤ 60 ᠨᠠᠰᠤ ᠠᠴᠠ ᠳᠡᠭᠡᠭᠰᠢᠬᠢ ᠨᠠᠰᠤᠲᠠᠶᠢᠴᠤᠳ 546 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ 22.8% ᠶᠢ ᠡᠵᠡᠯᠡᠨ᠂ ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶᠢᠭᠠᠳ ᠡᠨᠡ ᠬᠦ ᠦᠯᠦ ᠮᠡᠳᠡᠭᠳᠡᠬᠦ ᠵᠠᠬ᠎ᠠ ᠳᠡᠯᠭᠡᠭᠦᠷ ᠤᠨ ᠣᠷᠣᠨ ᠵᠠᠢ ᠶᠢ ᠰᠡᠷᠭᠦᠭᠡᠨ᠂ ᠡᠮᠴᠢᠯᠡᠭᠡ᠂ ᠨᠠᠰᠤᠵᠢᠯ᠂ ᠡᠷᠡᠭᠦᠯ ᠮᠡᠨᠳᠣ᠂ ᠰᠤᠪᠢᠯᠠᠯᠲᠠ᠂ ᠬᠥᠮᠦᠵᠢᠯ᠂ ᠵᠤᠭ᠎ᠠ ᠴᠡᠩᠭᠡᠯ᠂ ᠠᠮᠤᠷᠯᠢᠩᠭᠤᠢ ᠵᠡᠷᠭᠡ ᠳᠣᠯᠤᠭᠠᠨ ᠵᠦᠢᠯ ᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠵᠠᠭᠪᠤᠷ ᠢ ᠬᠥᠭᠵᠢᠭᠦᠯᠵᠦ᠂ ᠨᠠᠰᠤᠵᠢᠯ ᠤᠨ ᠦᠢᠯᠡᠴᠢᠯᠡᠭᠡ ᠶᠢ ︽ᠪᠠᠶᠢᠬᠤ︾ ᠠᠴᠠ ︽ᠣᠯᠠᠨ︾ ᠲᠡᠶᠢᠰᠢ᠂ ︽ᠣᠯᠠᠨ︾ ᠪᠠᠶᠢᠭᠰᠠᠨ ᠠᠴᠠ ︽ᠴᠢᠨᠠᠷᠵᠢᠭᠤᠨ︾ ᠲᠡᠶᠢᠰᠢ ᠳᠡᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ᠂ ᠲᠣᠭᠠᠵᠢᠭᠤᠯᠤᠭᠰᠠᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠶᠢ ᠶᠡᠭᠡ ᠪᠠᠷ ᠬᠥᠭᠵᠢᠭᠦᠯᠦᠨ᠂ ᠰᠣᠶᠣᠯ ᠴᠡᠩᠭᠡᠯ᠂ ᠲᠠᠮᠢᠷ ᠤᠨ ᠴᠤᠭᠯᠠᠭᠠᠨ᠂ ᠤᠯᠤᠰ ᠤᠨ ᠪᠠᠷᠠᠭᠠᠨ ᠤ ︽ᠤᠷᠤᠰᠬᠠᠯ ᠲᠠᠸᠠᠷ︾ ᠵᠡᠷᠭᠡ ᠰᠢᠨ᠎ᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠠᠷ ᠪᠤᠢ ᠪᠣᠯᠭᠠᠵᠤ᠂ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ᠂ ᠪᠢᠣᠨᠢᠺᠰ ᠮᠠᠰᠢᠨ ᠬᠥᠮᠥᠨ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠥᠷᠭᠡᠵᠢᠭᠦᠯᠦᠨ᠂ ᠥᠪᠡᠷ ᠢᠶᠠᠨ ᠡᠵᠡᠩᠨᠡᠭᠰᠡᠨ ᠡᠯᠧᠺᠳ᠋ᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠬᠦ ᠡᠯᠧᠺᠳ᠋ᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠲᠤᠭ᠎ᠠ ᠶᠢ 700 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠬᠤᠲᠠ ᠶᠢᠨ ᠰᠢᠨ᠎ᠡ ᠠᠷᠠᠳ ᠤᠨ ᠬᠡᠷᠡᠭᠯᠡᠭᠡ ᠪᠣᠯ ᠳᠠᠯᠳᠠ ᠬᠦᠴᠦᠨ ᠮᠥᠨ᠂ 44.6% ᠶᠢᠨ ᠡᠷᠦᠬᠡᠲᠦ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69.6% ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ ᠳᠤ ᠬᠦᠷᠪᠡᠯ᠂ ᠬᠤᠲᠠ ᠶᠢᠨ ᠰᠢᠨ᠎ᠡ ᠠᠷᠠᠳ 599 ᠲᠦᠮᠡ ᠰᠢᠨ᠎ᠡ ᠪᠠᠷ ᠨᠡᠮᠡᠭᠳᠡᠨ᠎ᠡ᠂ ᠡᠨᠡ ᠨᠢ ᠬᠦᠬᠡᠬᠤᠲᠠ ᠪᠤᠭᠤᠲᠤ ᠣᠷᠳᠣᠰ ᠭᠤᠷᠪᠠ ᠶᠢᠨ ᠬᠤᠲᠠ ᠲᠣᠭᠤᠷᠢᠭ ᠤᠨ ᠶᠡᠷᠦᠩᠬᠡᠢ ᠬᠥᠮᠥᠨ ᠠᠮᠠ ᠲᠠᠢ ᠲᠡᠩᠴᠡᠵᠦ᠂ ᠡᠳᠡᠭᠡᠷ ᠬᠥᠮᠥᠰ ᠤᠨ ᠬᠤᠲᠠᠨ ᠳᠠᠬᠢ ᠢᠳᠡᠵᠦ ᠡᠮᠦᠰᠴᠦ ᠶᠠᠪᠤᠵᠤ ᠰᠠᠭᠤᠬᠤ᠂ ᠰᠣᠶᠣᠯ ᠬᠥᠮᠦᠵᠢᠯ ᠵᠤᠭ᠎ᠠ ᠴᠡᠩᠭᠡᠯ ᠨᠢ ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠨ ᠭᠦᠨᠵᠡᠭᠡᠶᠢᠷᠡᠭᠦᠯᠵᠦ᠂ ᠬᠤᠲᠠ ᠶᠢᠨ ᠰᠢᠨ᠎ᠡ ᠠᠷᠠᠳ ᠪᠠ ᠲᠠᠭᠠᠨ ᠨᠡᠭᠦᠵᠦ ᠢᠷᠡᠭᠰᠡᠨ ᠭᠡᠷ ᠪᠦᠯᠢ ᠶᠢᠨ ᠬᠢᠨ ᠤ ᠬᠤᠳᠡ ᠪᠠᠯᠭᠠᠰᠤᠨ ᠳᠤ ᠡᠷᠣᠭᠡ ᠠᠮᠠ ᠣᠷᠣᠬᠤ ᠶᠢ ᠨᠢ ᠵᠣᠷᠢᠭᠵᠢᠭᠤᠯᠤᠨ᠂ ᠡᠨᠡ ᠬᠡᠰᠡᠭ ᠬᠡᠷᠡᠭᠯᠡᠭᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠨᠡᠶᠢᠲᠡᠯᠢᠭ ᠬᠡᠷᠡᠭᠯᠡᠭᠡᠨ ᠤ ᠠᠵᠤ ᠠᠬᠤᠢ᠂ ᠠᠷᠠᠳ ᠢ ᠪᠠᠶᠠᠵᠢᠭᠤᠯᠬᠤ ᠠᠵᠤ ᠦᠢᠯᠡᠰ ᠮᠥᠨ᠂ ᠨᠢᠳᠤᠨᠤᠨ ᠮᠠᠨ ᠤ ᠣᠷᠣᠨ ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠡᠨᠡ ᠵᠢᠯ 2.5 ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠵᠤ᠂ ᠡᠨᠡ ᠬᠦ 2.5 ᠳ᠋ᠦᠩᠰᠢᠭᠤᠷ ᠵᠢᠭᠤᠯᠴᠢᠯᠠᠭᠴᠢᠳ ᠤᠨ ᠲᠣᠭᠤᠷᠢᠨ ᠳᠤ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠷᠠᠰᠢᠶᠠᠨ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠢ ᠰᠠᠶᠢᠲᠤᠷ ᠴᠣᠭᠴᠠᠯᠠᠵᠤ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠬᠡᠷᠡᠯᠳᠦᠭᠦᠯᠵᠣ᠂ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠵᠢᠭᠤᠯᠴᠢᠯᠠᠭᠴᠢᠳ ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ᠃ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠴᠤᠤᠷᠢᠶᠠᠲᠤᠭᠤᠯᠤᠨ᠂ ᠬᠤᠩᠱᠠᠨ ᠤ ᠰᠣᠶᠣᠯ᠂ ᠲᠦᠮᠡᠨ ᠭᠠᠵᠠᠷ ᠤᠨ ᠴᠠᠢ ᠶᠢᠨ ᠠᠶᠠᠨ ᠢ ᠰᠣᠶᠣᠯ ᠤᠨ ᠥᠪ ᠢᠶᠠᠷ ᠭᠤᠶᠤᠴᠢᠯᠠᠬᠤ ᠪᠠ ᠪᠠᠷᠠᠭᠤᠨ ᠯᠢᠶᠣᠣ ᠾᠧ ᠭᠤᠣᠯ ᠤᠨ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠤ ᠡᠭᠦᠰᠦᠯ ᠢᠷᠡᠯᠲᠡ ᠶᠢ ᠬᠠᠶᠢᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠨᠢᠭᠡ ᠪᠦᠯᠦᠭ ᠰᠣᠶᠣᠯ ᠤᠨ ᠬᠥᠲᠥᠴᠢ ᠠᠵᠤ ᠦᠢᠯᠡᠰ ᠢ ᠴᠣᠭᠴᠠᠯᠠᠨ᠂ ᠳᠠᠬᠢᠭᠠᠣᠨ ︽ᠮᠣᠷᠢᠲᠤ ᠴᠡᠷᠢᠭ︾᠂ ︽ᠪᠤᠭᠤᠷᠤᠯ ᠲᠡᠦᠬᠡ ᠶᠢᠨ ᠬᠦᠯᠥᠭ ᠤᠨ ᠮᠠᠭᠲᠠᠭᠠᠯ︾᠂ ︽ᠮᠣᠷᠢᠨ ᠤ ᠬᠤᠩᠬ᠎ᠠ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠤᠨ᠎ᠠ︾ ᠮᠡᠲᠦ ᠶᠢᠨ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ᠭᠠᠷᠭᠠᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠠᠶᠢᠷ᠎ᠠ ᠬᠠᠯᠠᠮᠵᠢ ᠪᠠ ᠳᠠᠭᠤᠨ ᠬᠤᠭᠤᠯᠠᠢ ᠶᠢ ᠤᠮᠠᠷᠠᠲᠤ ᠬᠢᠯᠢ ᠣᠷᠣᠨ ᠳᠤ ᠳᠠᠭᠤᠷᠢᠰᠤᠭᠤᠯᠤᠨ᠎ᠠ᠃ ︽ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠮᠡᠷ ᠴᠠᠭ ᠮᠥᠴᠡ ᠳᠤ᠂ ᠣᠷᠣᠨ ᠳᠠᠶᠠᠭᠠᠷ ᠢᠶᠠᠨ ᠬᠦᠴᠦᠯᠡᠵᠦ ᠴᠤᠭᠯᠠᠭᠠᠨ ᠢ ᠰᠠᠶᠢᠲᠤᠷ ᠡᠷᠬᠢᠯᠡᠨ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠲᠠᠮᠢᠷ ᠤᠨ ᠥᠪᠡᠳᠡᠭᠰᠢ ᠴᠤᠭᠯᠠᠭᠠᠨ ᠢ ᠡᠷᠭᠦᠨ ᠳᠡᠪᠰᠢᠭᠦᠯᠵᠦ᠂ ᠡᠨᠡ ᠬᠦ ᠲᠠᠰᠢᠷᠠᠮ ᠢᠶᠠᠷ ᠮᠥᠰᠥ ᠴᠠᠰᠤᠨ ᠤ ᠠᠵᠤ ᠦᠢᠯᠡᠰ ᠢ ᠡᠬᠢᠯᠡᠭᠦᠯᠦᠨ ᠬᠥᠭᠵᠢᠭᠦᠯᠵᠦ᠂ ᠵᠢᠭᠤᠯᠴᠢᠯᠠᠭᠴᠢᠳ ᠲᠤ ᠮᠥᠰᠥ ᠴᠠᠰᠤᠨ ᠤ ᠪᠠᠶᠠᠷ ᠪᠠᠭ᠋ᠠᠳᠤᠯ ᠢ ᠬᠠᠨᠳᠤᠯ᠎ᠠ ᠬᠦᠷᠲᠡᠭᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠳᠤ ᠳᠠᠭᠤᠰᠤᠰᠢ ᠦᠭᠡᠢ ᠬᠠᠯᠠᠭᠤᠨ ᠤᠷᠤᠰᠬᠠᠯ ᠠᠪᠴᠢᠷᠠᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ