2024 ᠤᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 8
ᠨᠡᠶᠢᠲᠡᠯᠡᠭᠰᠡᠨ ᠴᠠᠭ᠄
2024/2/5
       ︵ᠨᠠᠢᠮᠠ︶ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ 60 ᠵᠤᠷᠪᠤᠰ ᠢ ᠪᠣᠳᠠᠲᠠᠶᠢᠵᠢᠭᠤᠯᠬᠤ ᠶᠢ ᠳᠡᠮᠵᠢᠵᠦ᠂ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠪᠠᠷ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠦᠨᠡᠨ ᠬᠦ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ︽ᠪᠤᠬ᠎ᠠ ᠲᠡᠷᠭᠡ︾ ᠪᠣᠯᠭᠠᠨ᠎ᠠ᠃ ᠬᠦᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ᠂ ᠦᠨᠡᠨ ᠬᠦ ︽ᠬᠦᠴᠦᠷᠬᠡᠭᠵᠢᠨ︾᠂ ︽ᠲᠥᠪᠯᠡᠨ ᠲᠡᠷᠢᠭᠦᠯᠡᠵᠦ︾᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠰᠠᠭᠤᠷᠢᠨ ᠭᠠᠵᠠᠷ ᠢ ᠴᠣᠭᠴᠠᠯᠠᠵᠤ᠂ ︽ᠳᠡᠯᠡᠬᠡᠢ ᠶᠢᠨ ᠰᠦ ᠰᠠᠭᠠᠯᠢ ᠶᠢᠨ ᠬᠤᠲᠠ︾ ᠶᠢ ᠪᠦᠲᠦᠭᠡᠨ ᠪᠠᠶᠢᠭᠤᠯᠬᠤ ᠬᠡᠷᠡᠭᠲᠡᠢ᠃ ᠪᠤᠭᠤᠲᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠨ ᠲᠦᠷᠭᠡᠳᠬᠡᠵᠦ᠂ ︽ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠬᠦ ᠬᠤᠪᠣᠷ ᠰᠢᠷᠣᠢ ᠶᠢᠨ ᠬᠡᠷᠡᠭᠯᠡᠯᠲᠡ ᠶᠢᠨ ᠰᠠᠭᠤᠷᠢᠨ ᠭᠠᠵᠠᠷ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠣᠷᠳᠣᠰ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠠᠶᠢᠨ ︽ᠨᠢᠷᠤᠭᠤ ᠲᠤᠯᠭᠠᠭᠤᠷᠢ︾᠂ ︽ᠬᠤᠰᠢᠭᠤᠴᠢ ᠴᠡᠷᠢᠭ︾ ᠪᠣᠯᠵᠤ᠂ ᠤᠯᠤᠰ ᠤᠨ ᠳᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠤᠯᠠᠭᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠪᠠ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠬᠦ ᠬᠦᠢᠰᠦ ᠪᠣᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠠᠭᠠᠨᠬᠠᠳᠠ᠂ ᠲᠦᠩᠯᠢᠶᠣᠣ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠠᠵᠠ ᠲᠣᠬᠢᠶᠠᠯ ᠢᠶᠠᠨ ᠨᠠᠨᠳᠢᠩᠨᠠᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠳᠤᠯ ᠦᠭᠡᠢ ᠤᠰᠤᠳᠦ᠋ᠷᠦᠭᠴᠢ᠂ ᠪᠣᠬᠢᠷᠳᠤᠯ ᠦᠭᠡᠢ ᠠᠮᠢᠨᠤ᠋᠂ ᠪᠣᠬᠢᠷᠳᠤᠯ ᠦᠭᠡᠢ ᠠᠯᠺᠤᠤᠯ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠯᠡᠨ᠂ ︽ᠬᠤᠶᠠᠷ ᠬᠥᠪᠡᠭᠦᠨ ᠣᠳᠣ︾ ᠶᠢᠨ ᠦᠳᠲᠡᠷ ᠲᠦᠷᠭᠡᠨ ᠬᠥᠭᠵᠢᠯᠲᠡ ᠪᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠦᠬᠦ ᠲᠠᠯ᠎ᠠ ᠶᠢᠨ ᠬᠥᠭᠵᠢᠯᠲᠡ ᠮᠠᠨᠳᠤᠯᠲᠠ ᠳᠤ ᠬᠤᠷᠳᠤ ᠨᠡᠮᠡᠬᠦ ᠶᠢ ᠳᠠᠶᠢᠴᠢᠯᠠᠬᠤ ᠬᠡᠷᠡᠭᠲᠡᠢ᠃ ᠤᠯᠠᠭᠠᠨᠬᠠᠳᠠ ︽ᠥᠩᠭᠡᠲᠦ ᠲᠡᠮᠦᠷᠯᠢᠭ ᠤᠨ ᠨᠤᠲᠤᠭ︾  ᠤᠨ ᠨᠡᠷ᠎ᠡ ᠨᠢᠳᠡᠷ ᠲᠤ ᠪᠠᠨ ᠦᠨᠡᠨ ᠬᠦ ᠲᠡᠩᠴᠡᠬᠦ ᠪᠠᠷ ᠴᠢᠷᠮᠠᠶᠢᠬᠤ ᠬᠡᠷᠡᠭᠲᠡᠢ᠂ ᠪᠣᠬᠢᠷᠳᠤᠯ ᠦᠭᠡᠢ ᠯᠢᠲ᠋ᠢ ᠶᠢᠨ ᠰᠠᠭᠤᠷᠢ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠲᠦᠩᠯᠢᠶᠣᠣ ᠵᠡᠭᠦᠨ ᠬᠤᠶᠢᠲᠤ ᠭᠠᠵᠠᠷ ᠣᠷᠣᠨ ᠤ ᠬᠠᠮᠤᠭ ᠤᠨ ᠲᠣᠮᠣ ᠡᠬᠡ ᠬᠠᠭᠤᠷᠠᠢ ᠶᠢᠨ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃        ︵ᠶᠢᠰᠦ︶ ᠠᠷᠠᠳ ᠤᠨ ᠠᠮᠢᠳᠤᠷᠠᠯ ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶᠢᠵᠤ᠂ ᠡᠷᠬᠡᠪᠰᠢ ᠪᠣᠳᠠᠲᠠᠢ ᠭᠦᠢᠴᠡᠳᠬᠡᠵᠦ ᠰᠠᠶᠢᠲᠤᠷ ᠭᠦᠢᠴᠡᠳᠬᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ ᠪᠤᠶᠤ ᠳᠠᠪᠠᠭᠤᠯᠬᠤ ᠶᠢ ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠠᠳ ᠤᠨ ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠣᠯᠣᠨ᠎ᠠ᠂ ᠪᠣᠢ ᠪᠦᠬᠦᠢ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠡᠮᠬᠢᠯᠡᠵᠦ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠶᠢ ᠨᠢ ᠳᠡᠭᠡᠭᠰᠢᠯᠡᠭᠦᠯᠵᠦ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠢᠰᠢ ᠳᠤ ᠨᠢ ᠲᠣᠭᠲᠠᠭᠤᠨ ᠢᠶᠠᠷ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠳᠤᠷᠠᠳᠴᠤ᠂ ᠡᠷᠬᠡᠪᠰᠢ ᠨᠢᠭᠡ ᠶᠢ ᠬᠢᠪᠡᠯ ᠨᠢᠭᠡ ᠶᠢ ᠪᠦᠲᠦᠭᠡᠵᠦ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃        ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠶᠢᠨ ᠢᠨᠵᠧᠨᠧᠷᠢᠩ ᠪᠣᠯᠣᠨ᠎ᠠ᠃ ᠬᠤᠲᠠ ᠶᠢᠨ ᠰᠢᠨᠡᠳᠬᠡᠯ ᠤᠨ ᠠᠵᠢᠯᠯᠠᠭᠠᠨ ᠲᠠᠢ ᠤᠶᠠᠯᠳᠤᠭᠤᠯᠤᠨ᠂ ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠨᠢᠭᠡ ᠴᠣᠭᠴᠠ ᠪᠠᠷ ᠠᠬᠢᠭᠤᠯᠤᠨ᠂ ᠪᠦᠬᠦ ᠵᠢᠯ ᠳᠤ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠬᠤᠲᠠ ᠶᠢᠨ ᠳᠤᠮᠳᠠᠬᠢ ᠲᠤᠰᠬᠤᠨ᠂ ᠬᠤᠲᠠ ᠶᠢᠨ ᠵᠠᠬ᠎ᠠ ᠶᠢᠨ ᠲᠤᠰᠬᠤᠨ ᠤ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠭᠦᠯᠵᠦ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ᠃        ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠬᠥᠭᠵᠢᠯᠲᠡ ᠶᠢᠨ ᠳᠤᠮᠳᠠ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠣᠯᠠᠨ ᠲᠦᠮᠡᠨ ᠢ ᠨᠡᠩ ᠣᠯᠠᠨ ᠣᠷᠣᠯᠴᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠪᠣᠳᠠᠲᠠᠢ ᠶᠢ ᠤᠯᠠᠮ ᠢᠯᠡᠭᠦᠦ ᠡᠷᠬᠢᠮᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠡᠩ ᠣᠯᠠᠨ ᠣᠶᠤᠲᠠᠳ ᠢ ᠥᠪᠥᠷ ᠮᠣᠩᠭᠤᠯ ᠳᠤ ᠢᠷᠡᠭᠦᠯᠵᠦ᠂ ᠥᠪᠥᠷ ᠮᠣᠩᠭᠤᠯ ᠳᠤ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠯᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ ᠬᠢᠨ ᠨᠢᠭᠡ ᠪᠦᠯᠦᠭ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ ᠲᠦᠷᠭᠡᠳᠬᠡᠨ ᠪᠠᠶᠢᠭᠤᠯᠵᠤ᠂ ᠣᠯᠠᠨ ᠲᠦᠮᠡᠨ ᠤ ᠠᠵᠢᠯ ᠣᠯᠬᠤ ᠳᠤ ᠳᠦᠭᠦᠮ ᠦᠵᠡᠭᠦᠯᠬᠦ ᠬᠡᠷᠡᠭᠲᠡᠢ᠃       ᠰᠤᠷᠭᠠᠨ ᠬᠥᠮᠦᠵᠢᠯ ᠨᠢ ᠦᠢ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠳᠣᠪᠦ᠋ᠢᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ᠂ ᠣᠨᠴᠠᠯᠢᠬᠵᠢᠭᠤᠯᠤᠨ ᠬᠥᠭᠵᠢᠭᠦᠯᠵᠦ᠂ 126 ᠬᠡᠦᠬᠡᠳ ᠤᠨ ᠴᠡᠴᠡᠷᠯᠢᠭ᠂ 578 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠥᠭᠡᠷᠡᠴᠢᠯᠡᠨ ᠰᠠᠶᠢᠵᠢᠷᠠᠭᠤᠯᠵᠤ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠠᠶᠢᠲᠤᠷ ᠡᠷᠬᠢᠯᠡᠵᠦ᠂ ᠬᠤᠰᠢᠭᠤ ᠰᠢᠶᠠᠨ ᠪᠦᠷᠢ ᠠᠳᠠᠭ ᠲᠤ ᠪᠠᠨ ᠨᠢᠭᠡ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠡᠷᠡᠯᠬᠡᠭ ᠵᠣᠷᠢᠭ ᠠᠤᠭ᠎ᠠ ᠬᠦᠰᠡᠯ ᠢ ᠡᠪᠦᠷᠯᠡᠨ᠂ ᠲᠡᠷᠢᠭᠦᠨ ᠳᠡᠰ ᠤᠨ ᠪᠠᠷᠢᠮᠵᠢᠶ᠎ᠠ ᠪᠠᠷ ᠬᠠᠷᠠᠯᠲᠠ ᠪᠠᠨ ᠪᠣᠯᠭᠠᠵᠤ᠂ ᠲᠡᠷᠢᠭᠦᠨ ᠳᠡᠰ ᠤᠨ ᠲᠤᠰᠬᠠᠢ ᠮᠡᠷᠭᠡᠵᠢᠯ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠴᠣᠭᠴᠠᠯᠠᠨ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠡᠨᠧᠷᠬᠢ᠂ ᠲᠡᠷᠢᠭᠦᠨ ᠤ ᠦᠢᠯᠡᠳᠬᠦ ᠠᠵᠢᠯ ᠤᠨ ᠲᠣᠭᠤᠷᠢᠨ ᠳᠤ ᠰᠤᠷᠭᠠᠨ ᠬᠥᠮᠦᠵᠢᠯ ᠤᠨ ᠶᠠᠮᠤᠨ ᠯᠤᠭ᠎ᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠵᠤ᠂ ᠠᠮᠢᠳᠤ ᠪᠣᠳᠠᠰ᠂ ᠠᠮᠢ ᠠᠬᠤᠢ᠂ ᠡᠪᠡᠰᠦᠨ ᠤ ᠤᠬᠠᠭᠠᠨ᠂ ᠲᠡᠮᠦᠷᠯᠢᠭ ᠬᠠᠶᠢᠯᠤᠭᠤᠯᠬᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠰᠠᠶᠢᠲᠤᠷ ᠪᠠᠶᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 23᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ ᠶᠢ 6᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 2 ᠰᠠᠶᠢᠲᠤᠷ ᠴᠣᠭᠴᠠᠯᠠᠨ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠤᠰᠬᠠᠢ ᠮᠡᠷᠭᠡᠵᠢᠯ ᠤᠨ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠨᠡᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠥᠯᠥᠨ ᠪᠦᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠥᠭᠵᠢᠭᠦᠯᠬᠦ ᠶᠢ ᠨᠢ ᠳᠡᠮᠵᠢᠵᠦ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠤᠷᠠᠨ ᠳᠠᠷᠬᠠᠨ ᠤ ᠠᠩᠭᠢ︾᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ︾ ᠳᠤ ᠬᠥᠮᠥᠵᠢᠭᠦᠯᠵᠦ ᠪᠠᠶᠢᠭ᠎ᠠ ᠰᠤᠷᠤᠭᠴᠢ ᠶᠢ 3 ᠲᠦᠮᠡ ᠠᠴᠠ ᠳᠡᠭᠡᠭᠰᠢ ᠳᠤ ᠬᠦᠷᠭᠡᠵᠦ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠤᠶᠢᠵᠢᠭᠤᠯᠤᠨ᠎ᠠ᠃ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠥᠯ ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠮᠣᠷᠠᠯ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠠᠶᠢᠨ ᠵᠠᠬᠢᠷᠤᠯ᠂ ᠰᠠᠶᠢᠨ ᠪᠠᠭᠰᠢ ᠪᠣᠯ ᠵᠠᠩᠭᠢᠯᠠᠭ᠎ᠠ ᠶᠤᠮ᠂ ᠨᠡᠷᠡᠲᠦ ᠪᠠᠭᠰᠢ ᠨᠡᠷᠡᠲᠦ ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠᠷ ᠠᠵᠠ ᠳᠣᠬᠢᠶᠠᠯ ᠪᠣᠯᠭᠠᠨ᠂ ᠨᠡᠩ ᠣᠯᠠᠨ ᠪᠡᠭᠡᠵᠢᠩ ᠤᠨ ᠪᠠᠭᠰᠢ ᠶᠢ ᠥᠪᠥᠷ ᠮᠣᠩᠭᠤᠯ ᠳᠤ ᠲᠠᠲᠠᠨ ᠢᠷᠡᠭᠦᠯᠵᠦ᠂ ᠣᠨᠴᠠᠭᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠤᠯᠤᠰ ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠢᠶᠠᠨ ᠬᠡᠦᠬᠡᠳ ᠤᠳ ᠲᠤ ᠪᠠᠨ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠃        ᠨᠡᠩ ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠨᠢ ᠣᠯᠠᠨ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠥᠪᠥᠷ ᠮᠣᠩᠭᠤᠯ ᠯᠢᠶᠣᠤᠨᠢᠩ᠂ ᠥᠪᠥᠷ ᠮᠣᠩᠭᠤᠯ ᠱᠠᠩᠬᠠᠢ ᠶᠢᠨ ᠡᠮᠴᠢᠯᠡᠭᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠵᠤ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ᠂ ᠣᠯᠠᠨ ᠳᠡᠰ ᠳᠠᠪᠬᠤᠷᠭᠠᠲᠤ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠤᠨ᠂ ᠬᠢᠲᠠᠳ ︵ᠮᠣᠩᠭᠤᠯ︶ ᠡᠮᠨᠡᠯᠭᠡ ᠶᠢᠨ ᠡᠮᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠪᠢᠯᠠᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠡᠯ᠎ᠡ ᠭᠠᠵᠠᠷ ᠤᠨ ᠣᠨᠴᠠ ᠬᠡᠷᠡᠭᠴᠡᠭᠡᠨ ᠤ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠪᠡᠳᠴᠢᠲᠡᠨ ᠤ ᠥᠷᠥᠭᠡ ᠶᠢ ᠨᠡᠭᠡᠭᠡᠨ ᠲᠣᠬᠢᠷᠠᠭᠤᠯᠬᠤ ᠶᠢ ᠳᠡᠮᠵᠢᠵᠦ᠂ ᠰᠠᠶᠢᠨ ᠡᠮᠨᠡᠯᠭᠡ ᠶᠢᠨ ᠬᠤᠷᠢᠶᠠᠨ ᠳᠠᠷᠤᠭ᠎ᠠ ᠶᠢ ᠰᠣᠩᠭᠤᠨ ᠲᠣᠮᠢᠯᠠᠵᠤ᠂ ᠰᠢᠯᠢᠳᠡᠭ ᠡᠮᠴᠢ ᠶᠢ ᠬᠥᠮᠥᠵᠢᠭᠦᠯᠵᠦ᠂ ᠣᠯᠠᠨ ᠲᠦᠮᠡᠨ ᠳᠤ ᠭᠡᠷ ᠤᠨ ᠬᠠᠶᠠᠭᠠᠨ ᠳᠤ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃        ︽ᠨᠠᠰᠤᠲᠠᠶᠢᠴᠤᠳ ᠪᠠ ᠨᠢᠯᠬᠠᠰ︾ ᠲᠤ ᠨᠡᠩ ᠣᠯᠠᠨ ᠬᠠᠶᠢᠷ᠎ᠠ ᠬᠠᠯᠠᠮᠵᠢ ᠬᠦᠷᠲᠡᠭᠡᠨ᠎ᠡ᠃ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠳᠡᠰ ᠢ ᠳᠡᠪᠰᠢᠭᠦᠯᠬᠦ᠂ ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠭᠤᠷᠢ ᠶᠢ ᠪᠠᠲᠤᠳᠬᠠᠬᠤ 4 ᠵᠦᠢᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠵᠤ ᠠᠰᠠᠷᠠᠬᠤ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ᠃        ᠠᠵᠤ ᠲᠦᠷᠦᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠤᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠴᠢᠨ ᠮᠠᠯᠴᠢᠳ ᠢ ᠲᠤᠬᠠᠢ ᠶᠢᠨ ᠭᠠᠵᠠᠷ ᠲᠤ ᠨᠢ ᠣᠳᠣ ᠦᠶ᠎ᠡ ᠶᠢᠨ ᠪᠣᠯᠪᠠᠰᠤᠨ ᠠᠮᠢᠳᠤᠷᠠᠯ ᠲᠠᠢ ᠪᠣᠯᠭᠠᠨ᠎ᠠ᠃ ᠪᠤᠶᠢᠲᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠤᠶᠢᠲᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠶᠢᠨ ᠰᠡᠷᠭᠡᠶᠢᠯᠡᠯᠲᠡ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠦ᠂ ᠪᠦᠬᠦ ᠣᠷᠣᠨ ᠤ ᠵᠠᠰᠠᠭ ᠵᠠᠬᠢᠷᠭᠠᠨ ᠤ ᠲᠤᠰᠬᠤᠨ ᠳᠤ ᠴᠠᠬᠢᠯᠭᠠᠨ ᠨᠡᠪᠲᠡᠷᠡᠭᠦᠯᠬᠦ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠬᠠᠮᠤᠷᠬᠤ ᠬᠡᠪᠴᠢᠶ᠎ᠡ ᠶᠢ 80% ᠠᠴᠠ ᠳᠠᠪᠠᠭᠤᠯᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠠᠪᠠᠭᠤᠯᠬᠤ ᠪᠠᠷ ᠴᠢᠷᠮᠠᠶᠢᠨ᠎ᠠ᠃       ︵ᠠᠷᠪᠠ︶ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ ᠡᠯ᠎ᠡ ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠥᠨᠳᠥᠷ ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠡᠷᠭᠢᠯᠲᠡ ᠭᠠᠷᠭᠠᠬᠤ ᠠᠵᠢᠯᠯᠠᠭ᠎ᠠ ᠶᠢ ᠰᠠᠶᠢᠲᠤᠷ ᠬᠢᠨ᠎ᠡ᠃ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠡᠬᠢᠯᠡᠭᠦᠯᠦᠨ ᠬᠡᠷᠡᠭᠵᠢᠭᠦᠯᠵᠦ᠂ ᠡᠬᠢᠨ ᠠᠴᠠ ᠨᠢ ᠭᠠᠷᠳᠠᠨ ᠠᠵᠢᠯᠯᠠᠵᠤ᠂ ᠨᠢᠭᠡᠳᠦᠭᠡᠷ ᠹᠷᠣᠨᠲ ᠢ ᠴᠢᠩᠭ᠎ᠠ ᠠᠳᠬᠤᠵᠤ ᠪᠣᠳᠠᠲᠠᠢ ᠠᠳᠬᠤᠨ᠂ ᠭᠤᠣᠯᠳᠠᠯᠭ᠎ᠠ ᠲᠠᠢ ᠬᠦᠷᠢᠶ᠎ᠡ ᠪᠠ ᠭᠤᠭᠴᠤᠭ᠎ᠠ ᠶᠢ ᠳᠣᠪᠦ᠋ᠢᠯᠭᠠᠵᠤ᠂ ᠡᠯ᠎ᠡ ᠵᠦᠢᠯ ᠤᠨ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠡᠮᠵᠢᠯᠡᠨ ᠰᠡᠷᠭᠡᠶᠢᠯᠡᠨ᠎ᠡ᠃ ᠠᠶᠤᠯ ᠦᠭᠡᠢ ᠦᠢᠯᠡᠳᠪᠦᠷᠢᠯᠡᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠵᠣᠬᠢᠶᠠᠮᠠᠯ ᠤᠶᠤᠨ +︾ ᠠᠵᠢᠯᠯᠠᠭᠠᠨ ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠪᠠ ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠮᠧᠬᠠᠨᠢᠭᠵᠢᠯᠲᠠ ᠪᠠᠷ ᠬᠥᠮᠥᠨ ᠢ ᠰᠣᠯᠢᠬᠤ᠂ ᠠᠦ᠋ᠲ᠋ᠣᠴᠢᠯᠠᠯᠲᠠ ᠪᠠᠷ ᠬᠥᠮᠥᠨ ᠢ ᠴᠥᠭᠡᠳᠬᠡᠬᠦ᠂ ᠣᠶᠤᠨᠴᠢᠯᠠᠯᠲᠠ ᠪᠠᠷ ᠬᠥᠮᠥᠨ ᠢ ᠣᠷᠣᠯᠠᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠦᠬᠦ ᠬᠦᠴᠦᠨ ᠵᠦᠢᠯ ᠪᠦᠬᠦ ᠴᠤᠪᠤᠷᠠᠯ ᠳᠤ ᠪᠣᠳᠠᠲᠤ ᠰᠣᠷᠢᠯᠲᠠ ᠶᠢ ᠥᠷᠨᠢᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃        ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ᠃ ︽ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠡᠷᠡᠰ ᠬᠤᠷᠢᠭᠯᠠᠬᠤ︾ ᠶᠢ ᠪᠠᠷᠢᠮᠲᠠᠯᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ︽1 + 8︾ ᠥᠷᠢ ᠥᠭᠴᠡᠭᠡ ᠶᠢ ᠠᠷᠢᠯᠭᠠᠬᠤ ᠲᠥᠰᠥᠯ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠲᠤ ᠨᠢ ᠳᠠᠮ ᠬᠦᠦ ᠮᠥᠩᠭᠦ ᠥᠭᠬᠦ᠂ ᠨᠢᠭᠡ ᠪᠦᠯᠦᠭ ᠢ ᠨᠢ ᠬᠠᠰᠤᠬᠤ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠳᠡᠰ ᠠᠴᠠ ᠭᠠᠷᠭᠠᠬᠤ᠂ ᠨᠢᠭᠡ ᠪᠦᠯᠦᠭ ᠤᠨ ᠬᠢᠨᠢ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠦᠷᠭᠦᠯᠵᠢᠯᠡᠨ ᠳᠡᠮᠵᠢᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ 2.5 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ᠂ ᠵᠠᠬ᠎ᠠ ᠶᠢᠨ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ︽ᠥᠷᠭᠡᠰᠦ ᠰᠢᠪᠦᠭᠡ ᠲᠠᠢ︾ ᠴᠢᠩᠭ᠎ᠠ ᠬᠡᠷᠡᠭᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠡᠬᠦ ᠶᠢ ᠦᠨᠡᠨ ᠬᠦ ᠪᠠᠲᠤᠯᠠᠨ᠎ᠠ᠃        ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠦᠰᠢᠨ ᠬᠤᠰᠢᠭᠤᠨ ᠤ ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ︾ ᠶᠢ ᠳ᠋ᠦᠩᠨᠡᠨ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠡᠶᠡᠳᠡᠭᠦᠯᠦᠨ ᠰᠢᠢᠳᠪᠦᠷᠢᠯᠡᠵᠦ᠂ ᠴᠣᠬᠤᠢᠢᠮᠠᠭᠴᠠ ᠠᠷᠢᠯᠭᠠᠬᠤ ᠪᠠᠷ ᠴᠢᠷᠮᠠᠶᠢᠨ᠎ᠠ᠃ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠲᠣᠮᠣ ᠳ᠋ᠠᠶᠢᠲ᠋ᠠ + ᠲᠣᠣᠷᠯᠢᠬᠵᠢᠯ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠪᠦᠷᠢᠨᠰᠢᠭᠦᠯᠦᠨ᠂ ᠬᠢᠯᠢ ᠬᠢᠵᠠᠭᠠᠷ ᠤᠨ ᠭᠠᠵᠠᠷ ᠣᠷᠣᠨ ᠤ ︽ᠬᠥᠨᠳᠡᠶᠢᠷᠡᠬᠦ︾ ᠠᠰᠠᠭᠤᠳᠠᠯ ᠢ ᠰᠢᠢᠳᠪᠦᠷᠢᠯᠡᠵᠦ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠠᠬᠢᠯᠡᠵᠦ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠬᠢᠬᠠᠵᠤ ᠮᠡᠬᠡᠯᠡᠬᠦ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠶᠢᠲᠤᠷ ᠬᠠᠮᠠᠭᠠᠯᠠᠨ᠎ᠠ᠃        ᠲᠥᠯᠥᠭᠡᠯᠡᠭᠴᠢᠳ ᠠ᠋︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠪᠣᠯᠣᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠠᠯᠢᠪᠠ ᠠᠵᠢᠯ ᠢᠶᠠᠨ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠭᠤᠯᠤᠨ᠂ ᠥᠴᠥᠬᠡᠨ ᠲᠡᠳᠦᠢ ᠴᠦ ᠬᠡᠯᠪᠠᠶᠢᠯᠭᠡᠬᠦ ᠦᠭᠡᠢ ᠪᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ᠂ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠢᠮᠠᠭᠲᠠ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠨ᠂ ︽ᠳᠣᠯᠤᠭᠠᠨ ᠲᠠᠯ᠎ᠠ ᠪᠠᠷ ᠵᠢᠱᠢᠶᠡᠴᠢ ᠪᠣᠯᠬᠤ︾ ᠲᠠᠯ᠎ᠠ ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠬᠦᠯᠬᠦ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠮᠠᠨ ᠤ ᠥᠪᠥᠷ ᠮᠣᠩᠭᠤᠯ ᠤᠨ ᠺᠠᠳ᠋ᠷ ᠣᠯᠠᠨ ᠲᠦᠮᠡᠨ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠮᠵᠢ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ ᠭᠡᠳᠡᠭ ᠢ ᠣᠨᠴᠠᠭᠠᠶᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠠᠪᠢᠭᠠᠳ ᠣᠨ ᠠᠴᠠ ︽ᠥᠩᠭᠡ ᠶᠢᠨ ᠴᠡᠴᠡᠭᠡᠰ ᠪᠠᠭᠰᠢᠷᠠᠨ ᠳᠡᠯᠭᠡᠷᠡᠵᠦ᠂ ᠦᠨᠳᠦᠰᠦᠲᠡᠨ ᠪᠦᠬᠦᠨ ᠨᠢᠭᠡ ᠭᠡᠷ ᠶᠤᠮ ᠠ᠋᠂ ᠥᠨᠢ ᠡᠭᠦᠷᠢᠳᠡ ᠨᠢᠭᠲᠠᠷᠠᠨ ᠪᠦᠯᠬᠦᠮᠳᠡᠵᠦ᠂ ᠦᠶ᠎ᠡ ᠶᠢᠨ ᠦᠶ᠎ᠡ ᠳᠤ ᠨᠠᠮ ᠢᠶᠠᠨ ᠳᠠᠭᠠᠨ᠎ᠠ︾ ᠭᠡᠬᠦ ᠳᠠᠭᠤᠤ ᠥᠷᠭᠡᠨ ᠢᠶᠠᠷ ᠳᠠᠭᠤᠯᠠᠭᠳᠠᠭᠰᠠᠨ ᠶᠤᠮ᠂ ᠡᠨᠡ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠮᠢᠳᠤᠯᠢᠭ ᠵᠢᠷᠤᠭᠯᠠᠯ ᠮᠥᠨ᠂ ᠪᠠᠰᠠ ᠴᠦ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ ᠬᠠᠮᠲᠤ ᠶᠢᠨ ᠳᠠᠭᠤᠨ ᠬᠤᠭᠤᠯᠠᠢ ᠪᠣᠯᠣᠨ᠎ᠠ︕        ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠳᠤ ᠴᠢᠭᠯᠡᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ︽ᠤᠯᠤᠰ ᠤᠨ ᠶᠡᠭᠡ ᠶᠠᠪᠤᠳᠠᠯ︾ ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ ᠳᠤ ᠨᠡᠶᠢᠳᠡᠮ ᠲᠤᠭᠤᠰᠢᠯᠠᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠭᠠᠷᠮᠠᠭᠠᠢ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠠᠰᠠᠭ ᠤᠨ ᠣᠷᠳᠣᠨ ᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠤᠯᠤᠰ ᠲᠦᠷᠦ ᠶᠢ ᠡᠷᠬᠢᠮᠯᠡᠬᠦ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠭᠰᠠᠨ︾ ᠢ ᠪᠠᠲᠤ ᠴᠢᠩᠭ᠎ᠠ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠣᠳᠣᠯᠲᠠ᠂ ᠡᠳ᠋ ᠤᠨ ᠵᠠᠰᠠᠭ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ ᠶᠢ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ︽ᠲᠡᠷᠡ ᠶᠣᠰᠣᠭᠠᠷ ᠨᠢ᠂ ᠡᠷᠡᠰ ᠰᠢᠭᠤᠷᠬᠠᠢ ᠪᠠᠷ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ ᠣᠷᠣᠯᠳᠣᠨ ᠴᠢᠳᠠᠮᠠᠭᠠᠢ ᠬᠢᠬᠦ︾ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠰᠠᠨ ᠶᠠᠪᠤᠳᠠᠯ ᠢᠶᠠᠨ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠤᠷᠤᠭᠰᠢ ᠠᠬᠢᠭᠤᠯᠵᠤ ᠳᠡᠶᠢᠯᠬᠦ ᠶᠢ ᠨᠢ ᠤᠷᠤᠭᠰᠢ ᠠᠬᠢᠭᠤᠯᠤᠨ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠨᠢ ᠰᠢᠢᠳᠪᠦᠷᠢᠯᠡᠵᠦ᠂ ᠬᠤᠳᠠᠯ ᠬᠠᠭᠤᠷᠮᠠᠭ᠂ ᠵᠠᠪᠰᠢᠨ ᠳᠠᠯᠢᠮᠳᠠᠭᠤᠯᠬᠤ᠂ ᠲᠤᠭ᠎ᠠ ᠪᠠᠷᠢᠮᠲᠠ ᠶᠢ ᠬᠠᠭᠤᠷᠮᠠᠭᠯᠠᠬᠤ ᠵᠦᠢᠯ ᠢ ᠶᠠᠭᠠᠬᠢᠭᠰᠠᠨ ᠴᠦ ᠬᠢᠬᠦ ᠦᠭᠡᠢ᠂ ᠠᠪᠤᠨ ᠳᠣᠣᠷ᠎ᠠ ᠪᠠᠨ ᠠᠰᠢᠭ ᠣᠯᠬᠤ ᠶᠢ ᠶᠠᠭᠠᠷᠠᠬᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ᠂ ᠬᠤᠭᠤᠰᠤᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ ᠬᠡᠷᠡᠭ ᠢ ᠶᠠᠭᠠᠬᠢᠭᠰᠠᠨ ᠴᠦ ᠬᠢᠬᠦ ᠦᠭᠡᠢ᠃ ᠴᠡᠪᠡᠷ ᠡᠷᠬᠢᠮ ᠠᠷᠢᠭᠤᠨ ᠴᠢᠬᠡᠴᠢ ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠴᠢ ᠭᠠᠮᠲᠠᠢ ᠠᠮᠢᠳᠤᠷᠠᠬᠤ ᠶᠢ ᠳᠠᠳᠬᠠᠯ ᠪᠤᠯᠭᠠᠵᠤ᠂ ᠦᠨᠡᠨ ᠢ ᠪᠠᠷᠢᠮᠲᠠᠯᠠᠨ ᠬᠠᠲᠠᠭᠤ ᠲᠠᠢ ᠬᠦᠨᠳᠡᠵᠦ ︽ᠳᠥᠷᠪᠡᠨ ᠰᠤᠷᠲᠠᠯ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠣᠪᠣᠷ ᠰᠤᠷᠲᠠᠯ ᠤᠨ ᠠᠷᠬᠠᠭ ᠢ ᠡᠷᠡᠰ ᠵᠠᠰᠠᠨ ᠵᠠᠯᠠᠷᠠᠭᠤᠯᠵᠤ᠂ ᠣᠬᠤᠷᠬᠠᠨ ᠬᠤᠷᠠᠯ ᠬᠢᠵᠦ᠂ ᠠᠪᠰᠠᠷᠬᠠᠨ ᠶᠠᠷᠢᠶ᠎ᠠ ᠲᠠᠯᠪᠢᠨ᠂ ᠪᠣᠳᠠᠲᠠᠢ ᠠᠷᠭ᠎ᠠ ᠬᠡᠮᠵᠢᠶ᠎ᠡ ᠲᠠᠢ ᠪᠢᠴᠢᠭ ᠮᠠᠲ᠋ᠧᠷᠢᠶᠠᠯ ᠢ ᠲᠠᠷᠬᠠᠭᠠᠵᠤ᠂ ᠠᠰᠠᠭᠤᠳᠠᠯ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃        ᠲᠥᠯᠥᠭᠡᠯᠡᠭᠴᠢᠳ ᠠ᠋︕ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ