2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 1
ᠨᠡᠶᠢᠲᠡᠯᠡᠭᠰᠡᠨ ᠴᠠᠭ᠄
2024/2/7
ᠬᠥᠯᠤᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠤᠨ ᠤᠨ ᠲᠥᠯᠤᠭᠡᠯᠩᠴᠢᠤᠨ ᠤᠨᠶᠡᠭᠡ ᠬᠤᠷᠠᠯ ᠤᠨ ᠳᠦᠷᠪᠡᠳᠦᠭᠡᠷ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠭᠤᠷᠪᠠ︶                       ᠵᠠᠰᠠᠭ ᠤᠨ ᠤᠷᠳᠤᠨ ᠤ ᠠᠵᠢᠯ ᠤᠨ ᠢᠯᠡᠤᠡᠭᠡᠯ        — 2024 ᠤᠨ ᠤ 1 ᠰᠠᠷ᠎ᠠ ᠶᠢᠨ 17 ᠤ ᠡᠳᠤᠷ ᠬᠥᠯᠤᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠤᠨ ᠤᠨ ᠲᠥᠯᠤᠭᠡᠯᠩᠴᠢᠤᠨ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠲᠡᠭᠡᠷ᠎ᠠ ᠬᠥᠯᠤᠨ ᠪᠤᠶᠢᠷ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠬᠤᠳᠠ ᠶᠢᠨ ᠲᠠᠷᠤᠭ᠎ᠠ ᠵᠢᠢ ᠶᠦᠩ ᠴᠢᠶᠠᠨᠲᠥᠯᠤᠭᠡᠯᠩᠴᠢᠤᠨ ᠡ᠄       ᠣᠳᠣ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃       ᠨᠢᠭᠡ᠂ 2023 ᠣᠨ ᠤ ᠠᠵᠢᠯ ᠤᠨ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠲᠠ ᠳᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠵᠤ᠂ ᠠᠩᠬᠠᠷᠤᠯ ᠢᠶᠠᠨ ᠲᠦᠪᠯᠡᠷᠡᠭᠦᠯᠵᠦ ᠬᠦᠴᠦ ᠪᠠᠨ ᠨᠢᠭᠡᠳᠬᠡᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠤᠳᠠᠲᠠᠶᠢᠵᠢᠭᠤᠯᠵᠤ᠂ ᠬᠠᠨᠳᠤᠰᠢ ᠶᠢ ᠡᠵᠡᠮᠳᠡᠨ᠂ ᠲᠦᠪᠯᠡᠷᠡᠭᠦᠯᠦᠨ ᠳᠠᠭᠠᠷᠢᠯᠲᠠ ᠬᠢᠵᠦ᠂ ᠦᠨᠡᠨ ᠪᠣᠳᠠᠲᠠᠶ ᠠᠵᠢᠯᠯᠠᠵᠤ᠂ ᠡᠷᠡᠯᠬᠡᠭᠯᠡᠨ ᠲᠡᠮᠡᠴᠡᠵᠦ ᠡᠮᠦᠨ᠎ᠡ ᠨᠢ ᠬᠤᠰᠢᠭᠤᠷᠠᠬᠤ ᠪᠠᠷ ᠴᠢᠷᠮᠠᠶᠢᠭᠠᠳ᠂ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠢᠳᠡᠷᠡᠭᠦᠨ ᠠᠯᠬᠤᠪᠠ᠃       ︵ᠨᠢᠭᠡ︶ ᠠᠵᠤ ᠠᠬᠤᠢ ᠶᠢᠨ ᠶᠠᠪᠤᠭᠳᠠᠯ ᠴᠢᠳᠠᠯ ᠬᠤᠷᠠᠮᠳᠤᠭᠤᠯᠤᠨ ᠰᠠᠶᠢᠵᠢᠷᠠᠬᠤ ᠬᠠᠨᠳᠤᠰᠢ ᠢᠯᠡᠷᠡᠪᠡ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1596 ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠵᠢᠷᠭᠤᠳᠤᠭᠠᠷ ᠲᠤ ᠣᠷᠣᠵᠤ᠂ ᠵᠡᠭᠦᠨ ᠲᠠᠪᠤᠨ ᠠᠶᠢᠮᠠᠭ ᠬᠤᠲᠠ ᠶᠢᠨ ᠲᠡᠷᠢᠭᠦᠨ ᠳᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 22.5% ᠪᠠᠷ ᠨᠡᠮᠡᠭᠳᠡᠵᠦ᠂ ᠪᠥᠬᠦ ᠣᠷᠣᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 2.7 ᠵᠠᠭᠤᠨ ᠤ ᠨᠢᠭᠡᠴᠢ ᠲᠦᠷᠭᠡᠨ ᠪᠠᠶᠢᠵᠤ᠂ ᠪᠥᠬᠦ ᠣᠷᠣᠨ ᠳᠤ ᠳᠣᠯᠣᠳᠤᠭᠠᠷ ᠲᠤ ᠣᠷᠣᠵᠤ᠂ 10 ᠵᠢᠯ ᠤᠨ ᠲᠤᠷᠰᠢᠬᠢ ᠲᠡᠦᠬᠡ ᠶᠢᠨ ᠬᠠᠮᠤᠭ ᠤᠨ ᠥᠨᠳᠥᠷ ᠨᠡᠮᠡᠭᠳᠡᠯ ᠤᠨ ᠬᠤᠷᠳᠤᠴᠠ᠂ ᠪᠠᠶᠢᠷᠢ ᠶᠢᠨ ᠳᠠᠷᠠᠭᠠᠯᠠᠯ ᠢ ᠡᠭᠦᠳᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.8% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 110.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12% ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 576.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 22% ᠢᠶᠠᠷ ᠨᠡᠮᠡᠭᠳᠡᠵᠦ᠂ ᠣᠷᠣᠯᠭ᠎ᠠ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠳᠤ ᠭᠤᠷᠪᠠᠳᠤᠭᠠᠷ ᠲᠤ ᠣᠷᠣᠵᠤ᠂ ᠲᠡᠤᠬᠡ ᠶᠢᠨ ᠬᠠᠮᠤᠭ ᠰᠠᠶᠢᠨ ᠲᠦᠪᠰᠢᠨ ᠢ ᠡᠭᠦᠳᠪᠡ᠃ ᠪᠥᠬᠦ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36523 ᠲᠥᠭᠦᠷᠢᠭ ᠲᠤ ᠬᠦᠷᠴᠦ᠂ 4.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠶᠢᠰᠦᠳᠦᠭᠡᠷ ᠲᠤ ᠣᠷᠣᠵᠤ᠂ 2022 ᠣᠨ ᠤ ᠬᠢ ᠠᠴᠠ 3 ᠨᠡᠷᠡᠰ ᠤᠷᠤᠭᠰᠢ ᠠᠬᠢᠪᠠ᠃ ᠪᠣᠬᠢᠷᠲᠤᠯ ᠥᠬᠡᠶ ᠭᠦᠢᠴᠡᠳᠭᠡᠯ ᠲᠤᠭ᠎ᠠ ᠪᠥᠬᠦ ᠲᠠᠯ᠎ᠠ ᠪᠥᠬᠦ ᠱᠤᠭᠤᠮ ᠢᠶᠠᠷ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠤᠵᠤ᠂ ᠠᠵᠤ ᠠᠬᠤᠶ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠬᠤ ᠪᠠᠶᠢᠳᠠᠯ ᠢᠯᠡᠷᠡᠪᠡ᠃ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠬᠦᠴᠦᠲᠡᠢ ᠪᠠᠶᠢᠵᠤ᠂ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠦᠯ ᠵᠦᠢᠯ ᠢ 366 ᠬᠡᠷᠡᠭᠵᠢᠭᠦᠯᠵᠦ᠂ 277 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠡᠬᠢᠯᠡᠭᠦᠯᠦᠨ ᠰᠡᠷᠭᠦᠭᠡᠬᠦ ᠨᠣᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠬᠦ ᠨᠣᠷᠮ᠎ᠠ ᠲᠤᠰ ᠪᠦᠷᠢ 100% ᠪᠠ 105% ᠳᠤ ᠬᠦᠷᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 236 ᠲᠥᠷᠥᠯ ᠵᠦᠢᠯ ᠤᠨ ᠬᠡᠯᠡᠯᠴᠡᠭᠡᠷ ᠲᠣᠭᠲᠠᠵᠤ᠂ ᠤᠯᠤᠰ ᠤᠨ ᠳᠣᠲᠣᠭᠠᠳᠤ  ︵ᠤᠷᠤᠨ ᠤ ᠭᠠᠳᠠᠨᠠᠬᠢ︶ ᠶᠢᠨ ᠪᠡᠯᠡ ᠮᠥᠩᠭᠦ ᠶᠢ 190.3 ᠳ᠋ᠦᠩᠰᠢᠭᠤᠷ ᠲᠥᠭᠦᠷᠢᠭ ᠲᠠᠲᠠᠨ ᠣᠷᠣᠭᠤᠯᠵᠤ᠂ 154.4% ᠪᠠᠷ ᠨᠡᠮᠡᠭᠳᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠬᠠᠶᠢᠯᠠᠷ ᠲᠣᠭᠤᠷᠢᠭ ᠤᠨ ᠵᠡᠭᠦᠨ ᠠᠭᠤᠯᠠᠨ ᠤ ᠬᠤᠩ ᠰᠢᠩ ᠰᠦᠨᠢ ᠶᠢᠨ ᠬᠦᠭᠵᠢᠶᠡᠨᠲᠦ ᠬᠤᠲᠠ ᠵᠡᠷᠭᠡ 57 ᠭᠠᠳᠠᠨ᠎ᠠ ᠳᠡᠯᠭᠡᠨ ᠬᠤᠳᠠᠯᠳᠤᠬᠤ ᠠᠵᠤ ᠠᠬᠤᠶ ᠨᠢ ᠬᠤᠲᠠ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠲᠤᠭ᠎ᠠ 35 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠮᠠᠨ ᠤ ᠬᠤᠲᠠ ᠤᠯᠤᠰ ᠤᠨ ᠲᠠᠰ ᠤᠨ ︽ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠬᠤᠲᠠ︾ ᠪᠠᠷ ᠵᠥᠪᠰᠢᠶᠡᠷᠡᠭᠳᠡᠪᠡ᠃       ︵ᠬᠤᠶᠠᠷ︶ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠵᠡᠷᠭᠡᠪᠡᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠪᠡᠷᠮᠢᠴᠡ ᠣᠨᠴᠠᠯᠢᠭ ᠢ ᠢᠯᠡᠷᠡᠭᠦᠯᠦᠨ ᠳᠣᠪᠤᠶᠢᠯᠭᠠᠵᠤ᠂ ᠪᠥᠬᠦ ᠵᠢᠯ ᠳᠤ 2922 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠤᠷᠤᠯᠭ᠎ᠠ 494 ᠳ᠋ᠦᠩᠰᠢᠭᠤᠷ ᠲᠦᠭᠦᠷᠢᠭ ᠲᠤ ᠬᠦᠷᠴᠦ᠂ ᠲᠤᠰ ᠪᠦᠷᠢ ᠨᠢᠳᠤᠨᠤᠨ ᠤ ᠠᠳᠠᠯᠢ ᠬᠤᠭᠤᠴᠠᠭᠠᠨ ᠤ 2.3 ᠳᠠᠬᠢᠨ ᠪᠠ 3 ᠳᠠᠬᠢᠨ ᠪᠤᠯᠪᠠ︔ ᠮᠠᠨ ᠤ ᠬᠤᠲᠠ ︽2023 ᠤᠨ ᠤ ᠮᠦᠰᠦ ᠴᠠᠰᠦᠨ ᠤ ᠵᠢᠭᠤᠯᠴᠢᠯᠠᠯ ᠤᠨ ᠠᠷᠪᠠᠨ ᠰᠤᠳᠤᠨ ᠬᠤᠲᠠ︾ ᠪᠠᠷ ᠦᠨᠡᠯᠡᠭᠳᠡᠵᠦ᠂ ᠮᠠᠨᠵᠤᠤᠷ ᠬᠤᠲᠠ ︽2023 ᠣᠨ ᠤ ᠪᠦᠬᠦ ᠤᠯᠤᠰ ᠤᠨ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠬᠥᠭᠵᠢᠯᠲᠡ ᠶᠢᠨ ᠳᠠᠯᠳᠠ ᠬᠦᠴᠦᠨ ᠲᠠᠢ ᠵᠠᠭᠤᠨ ᠰᠣᠳᠣᠨ ᠰᠢᠶᠠᠨ︾ ᠢᠶᠠᠷ ᠰᠤᠩᠭᠤᠭᠳᠠᠵᠤ᠂ ᠶᠠᠭᠰᠢ ᠬᠤᠲᠠ ︽ᠤᠯᠤᠰ ᠤᠨ ᠲᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ︾ ᠢᠶᠠᠷ ᠦᠨᠡᠯᠡᠭᠳᠡᠵᠦ᠂ ᠬᠥᠯᠥᠨ ᠪᠤᠶᠢᠷ ᠤᠨ ᠡᠷᠲᠡᠨ ᠤ ᠬᠤᠲᠠ ᠨᠢ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠳᠠᠪᠰᠢᠪᠠ︔ ᠮᠡᠷᠭᠡᠯ ᠭᠤᠣᠯ ᠤᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠠᠮᠵᠢᠯᠲᠠᠲᠠᠢ ᠪᠠᠷ ᠡᠭᠦᠳᠦᠨ ᠪᠠᠶᠢᠭᠤᠯᠤᠭᠳᠠᠵᠤ᠂ ᠵᠠᠯᠠᠨ ᠠᠶᠢᠯ ᠤᠨ ᠶᠢᠨ ᠯᠦᠩ ᠱᠠᠨ ᠰᠡᠯᠡᠭᠦᠴᠡᠨ ᠠᠮᠠᠷᠠᠬᠤ ᠵᠢᠭᠤᠯᠴᠢᠯᠠᠯ ᠤᠨ ᠣᠷᠣᠨ ᠢ 4A ᠲᠡᠰ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠵᠦ᠂ ︽ᠲᠠᠩᠰᠤᠭ ᠰᠠᠶᠢᠬᠠᠨ ᠲᠠᠯ᠎ᠠ ᠨᠤᠲᠤᠭ ᠤᠨ ᠢᠷᠠᠭᠤ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ︾ ᠵᠡᠷᠭᠡ 3 ᠵᠤᠷᠪᠤᠰ ᠵᠠᠮ ᠱᠤᠭᠤᠮ ᠨᠢ ᠪᠦᠬᠦ ᠤᠯᠤᠰ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠳᠤ ᠰᠣᠩᠭᠤᠭᠳᠠᠪᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠮᠵᠢᠶ᠎ᠡ ᠴᠢᠨᠠᠷ ᠵᠡᠷᠭᠡᠪᠡᠷ ᠳᠡᠭᠡᠭᠰᠢᠯᠡᠵᠦ᠂ ᠰᠢᠷ᠎ᠠ ᠪᠤᠷᠴᠠᠭ ᠪᠣᠯᠤᠨ ᠰᠢᠯᠢᠮᠳᠡᠭ ᠢ ᠥᠷᠭᠡᠳᠬᠡᠨ ᠲᠠᠷᠢᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 132 ᠳ᠋ᠦᠩᠰᠢᠭᠤᠷ ᠵᠢᠩ ᠳᠤ ᠬᠦᠷᠴᠦ᠂ ︽ᠠᠷᠪᠠᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ︔ 111 ᠲᠦᠮᠡᠨ ᠮᠦ ᠲᠡᠵᠢᠭᠡᠯ ᠡᠪᠡᠰᠦ ᠲᠠᠷᠢᠵᠤ᠂ ᠡᠭᠦᠨ ᠳᠤ ᠬᠢᠶᠠᠭ ᠡᠪᠡᠰᠦ 20 ᠲᠦᠮᠡᠨ ᠮᠦ ᠲᠠᠷᠢᠪᠠ᠂ ᠮᠠᠯ ᠤᠨ ᠵᠤᠭᠰᠤᠭ᠎ᠠ ᠲᠤᠭ᠎ᠠ 1252.3 ᠲᠦᠮᠡᠨ ᠲᠣᠯᠣᠭᠠᠢ ᠳᠤ ᠬᠦᠷᠴᠦ᠂ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠠᠷᠢᠴᠠᠯ 52% ᠲᠤ ᠬᠦᠷᠴᠦ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠯᠠᠷᠢᠭᠤᠯᠤᠭᠰᠠᠨ ᠨᠣᠷᠮ᠎ᠠ 74% ᠳᠤ ᠬᠦᠷᠪᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠬᠦᠴᠦ ᠲᠥᠪᠯᠡᠷᠡᠭᠦᠯᠦᠨ ᠴᠢᠳᠠᠯ ᠬᠤᠷᠠᠮᠳᠤᠭᠤᠯᠵᠤ᠂ ᠹᠦ᠋ ᠹᠧᠩ ᠤᠨ ᠭᠤᠷᠪᠠᠳᠤᠭᠠᠷ ᠬᠤᠭᠤᠴᠠᠭᠠᠲᠤ ᠵᠡᠷᠭᠡ ᠲᠦᠷᠦᠯ ᠵᠦᠢᠯ ᠢ ᠤᠷᠤᠭᠰᠢᠲᠠᠢ ᠡᠬᠢᠯᠡᠭᠦᠯᠵᠦ᠂ ᠵᠢᠦ ᠵᠢᠶᠠ ᠶᠢᠨ ᠵᠢᠯ ᠳᠤ 2000 ᠢᠵᠢ ᠲᠠᠷᠢᠶᠠᠯᠠᠩ ᠮᠠᠯ ᠠᠵᠤ ᠠᠬᠤᠢ ᠶᠢᠨ ᠲᠤᠨᠤᠭᠯᠠᠯ ᠦᠢᠯᠡᠳᠪᠦᠷᠢᠯᠡᠬᠦ ᠱᠤᠭᠤᠮ ᠢ ᠠᠰᠢᠭᠯᠠᠯᠲᠠ ᠳᠤ ᠣᠷᠣᠭᠤᠯᠬᠤ ᠶᠢᠨ ᠬᠠᠮᠲᠤ ᠦᠢᠯᠡᠳᠬᠦᠨ ᠤ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠪᠡ︔ ᠶᠠᠭᠰᠢ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠦᠯ ᠵᠦᠢᠯ ᠤᠨ ᠬᠡᠢ ᠪᠡᠶᠡᠲᠦ ᠳᠠᠮᠵᠢᠭᠤᠯᠬᠤ ᠶᠢ ᠪᠡᠶᠡᠯᠡᠭᠦᠯᠵᠦ᠂ ᠬᠤᠸᠠ ᠨᠧᠩ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠢᠮᠦ᠋ ᠲᠤᠭᠲᠠᠮᠠᠯ ᠭᠥᠶᠥᠳᠡᠯᠳᠦ ᠭᠠᠳᠠᠭᠰᠢ ᠳᠠᠮᠵᠢᠭᠤᠯᠭ᠎ᠠ ᠶᠢᠨ 100 ᠲᠦᠮᠡᠨ ᠺᠢᠯᠤᠸᠠᠲ ᠤᠨ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠥᠷᠦᠯ ᠵᠦᠢᠯ᠂ ᠵᠦᠩ ᠾᠧ ᠵᠠᠯᠠᠨ ᠠᠶᠢᠯ ᠤᠨ 20 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠦᠯ ᠵᠦᠢᠯ ᠢ ᠪᠠᠶᠢᠭᠤᠯᠤᠨ ᠲᠣᠣᠷ ᠲᠤ ᠨᠡᠶᠢᠯᠡᠭᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠪᠡ︔ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠠᠬᠢᠷ ᠬᠦᠢᠲᠡᠨ ᠳᠤ ᠲᠤᠷᠰᠢᠨ ᠨᠢᠰᠬᠦ ᠰᠠᠭᠤᠷᠢᠨ ᠭᠠᠵᠠᠷ ᠫᠠᠶᠢᠰᠠ ᠡᠯᠭᠦᠨ ᠪᠠᠶᠢᠭᠤᠯᠤᠭᠳᠠᠪᠠ᠃ ᠠᠮᠢ ᠠᠬᠤᠶ ᠶᠢᠨ ᠠᠵᠤ ᠦᠢᠯᠡᠰ ᠰᠢᠪᠲᠤᠯᠤᠯᠲᠠ ᠭᠠᠷᠭᠠᠵᠤ ᠴᠢᠳᠠᠯ ᠬᠤᠷᠠᠮᠳᠤᠭᠤᠯᠤᠨ᠂ ᠣᠶ ᠰᠢᠭᠤᠶ ᠲᠠᠯ᠎ᠠ ᠨᠤᠲᠤᠭ ᠤᠨ ᠠᠵᠤ ᠦᠢᠯᠡᠰ ᠤᠨ ᠦᠢᠯᠡᠳᠬᠦᠨ ᠤ ᠥᠷᠲᠡᠭ 86.96 ᠳ᠋ᠦᠩᠰᠢᠭᠤᠷ ᠲᠥᠭᠦᠷᠢᠭ ᠲᠤ ᠬᠦᠷᠴᠦ᠂ ᠨᠤᠲᠤᠭ ᠤᠨ 5 ᠰᠢᠨ᠎ᠡ ᠦᠷ᠎ᠡ ᠡᠭᠦᠯᠳᠡᠷ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠡᠪᠡ︔ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ︽ᠪᠠᠶᠢᠭᠠᠯᠢ ᠶᠢᠨ ᠡᠭᠦᠰᠦᠮᠡᠯ ᠣᠶ ᠶᠢ ᠰᠡᠷᠭᠦᠭᠡᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠤᠨ ᠠᠷᠭ᠎ᠠ ᠶᠢᠨ ᠤᠬᠠᠭᠠᠨ︾ ᠨᠢ ᠤᠯᠤᠰ ᠤᠨ ᠳᠣᠲᠣᠭᠠᠳᠤ ᠶᠢᠨ ᠪᠠᠶᠢᠭᠠᠯᠢ ᠶᠢᠨ ᠣᠶ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ ᠬᠥᠯᠥᠨ ᠪᠤᠶᠢᠷ ᠤᠨ ᠣᠶ ᠰᠢᠭᠤᠶ ᠶᠢᠨ ᠪᠦᠯᠦᠭᠯᠡᠯ ᠨᠢ ᠬᠤᠸᠠ ᠨᠧᠩ ᠤᠨ ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠯᠤᠭ᠎ᠠ 750 ᠲᠦᠮᠡᠨ ᠲᠥᠭᠦᠷᠢᠭ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠤᠷᠢᠳᠴᠢᠯᠠᠨ ᠬᠤᠳᠠᠯᠳᠤᠬᠤ ᠬᠡᠯᠡᠯᠴᠡᠭᠡᠷ ᠲᠣᠭᠲᠠᠵᠤ᠂ ᠮᠠᠨ ᠤ ᠬᠤᠲᠠ ᠪᠥᠬᠦ ᠤᠯᠤᠰ ᠤᠨ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠪᠠ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠮᠡᠷᠭᠡᠵᠢᠯ ᠤᠨ ᠰᠢᠨᠡᠳᠭᠡᠯᠲᠡ ᠶᠢᠨ 24 ᠲᠥᠷᠥᠯ ᠵᠦᠢᠯ ᠤᠷᠤᠭᠰᠢᠲᠠᠶ ᠠᠭᠢᠵᠤ᠂ ᠬᠤᠸᠠ ᠨᠧᠩ ᠤᠨ ᠢᠮᠢᠨ ᠤ ᠨᠡᠭᠦᠷᠡᠰᠦ ᠴᠠᠬᠢᠯᠭᠠᠨ᠂ ᠭᠦᠸᠧ ᠨᠧᠩ ᠤᠨ ᠪᠤᠷᠤᠰᠢᠯᠢ ᠠᠭᠤᠷᠬᠠᠶ ᠶᠢᠨ ᠺᠠᠷᠲ  5G + ᠵᠢᠯᠣᠭᠤᠴᠢ ᠥᠬᠡᠶ ᠤᠶᠤᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠵᠦ᠂ 3 ᠡᠷᠦᠬᠡ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ ᠦᠨᠡᠯᠡᠭᠳᠡᠪᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ