2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 2
ᠨᠡᠶᠢᠲᠡᠯᠡᠭᠰᠡᠨ ᠴᠠᠭ᠄
2024/2/7
       ︵ᠭᠤᠷᠪᠠ︶ ᠪᠣᠬᠢᠷᠲᠤᠯ ᠥᠬᠡᠶ ᠤᠤᠷ ᠦᠨᠳᠦᠰᠦ ᠪᠠᠬᠢᠵᠢᠨ ᠦᠷᠭᠡᠳᠪᠡ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠪᠠᠲᠤᠲᠠᠢ ᠠᠬᠢᠵᠤ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ 76.24% ᠬᠦᠷᠴᠦ᠂ 5 ᠵᠢᠯ ᠳᠠᠷᠠᠭᠠᠯᠠᠨ ᠪᠦᠬᠦ ᠣᠷᠣᠨ ᠳᠤ ᠲᠦᠷᠦᠭᠦᠯᠡᠪᠡ᠃ ᠠᠮᠢ ᠠᠬᠤᠶ ᠶᠢᠨ ᠵᠠᠰᠠᠯᠲᠠ ᠶᠢᠨ ᠠᠷᠭ᠎ᠠ ᠬᠡᠮᠵᠢᠶ᠎ᠡ ᠪᠠᠲᠤᠲᠠᠶ ᠪᠥᠭᠡᠳ ᠪᠦᠲᠦᠮᠵᠢᠲᠡᠶ ᠪᠠᠶᠢᠵᠤ᠂ 2.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠶᠡᠷᠦᠩᠬᠡᠶᠢᠯᠡᠨ ᠵᠠᠰᠠᠯᠲᠠ ᠶᠢᠨ 15 ᠲᠥᠷᠥᠯ ᠵᠦᠢᠯ ᠢ ᠬᠡᠷᠡᠭᠵᠢᠭᠦᠯᠵᠦ᠂ ᠬᠥᠯᠥᠨ ᠨᠠᠭᠤᠷ ᠤᠨ ᠤᠰᠤᠨ ᠤ ᠲᠠᠯᠠᠪᠠᠶ᠂ ᠤᠰᠤᠨ ᠤ ᠬᠡᠮᠵᠢᠶ᠎ᠡ ᠶᠢᠨ ᠲᠣᠭᠲᠠᠭᠤᠨ ᠢ ᠪᠠᠲᠤᠯᠠᠪᠠ︔ 33.8 ᠲᠦᠮᠡᠨ ᠮᠦ ᠴᠦᠯᠯᠡᠷᠭᠡᠭᠵᠢᠯ ᠢ ᠵᠠᠰᠠᠬᠤ᠂ 699 ᠵᠤᠷᠪᠤᠰ ᠢᠳᠡᠭᠳᠡᠮᠡᠯ ᠭᠤᠤ ᠶᠢ ᠵᠠᠰᠠᠬᠤ ᠶᠢ ᠪᠡᠶᠡᠯᠡᠭᠦᠯᠵᠦ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ 7.5% ᠪᠠᠭᠤᠷᠠᠪᠠ᠃ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠦᠷᠭᠦᠯᠵᠢᠯᠡᠨ ᠪᠠᠬᠢᠵᠢᠵᠦ᠂ ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ 100% ᠬᠦᠷᠴᠦ᠂ ᠪᠥᠬᠦ ᠣᠷᠣᠨ ᠳᠤ ᠲᠦᠷᠦᠭᠦᠯᠡᠪᠠ᠂ ᠤᠰᠤᠨ ᠤ ᠴᠡᠪᠡᠷ ᠰᠠᠶᠢᠨ ᠬᠠᠷᠢᠴᠠᠯ 77.1% ᠳᠤ ᠬᠦᠷᠴᠦ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ 100% ᠳᠤ ᠬᠥᠷᠪᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠷᠤᠭᠰᠢᠲᠠᠶ ᠠᠬᠢᠭᠤᠯᠪᠠ᠃ ᠡᠷᠭᠦᠨ᠎ᠡ ᠬᠤᠲᠠ ᠪᠤᠯᠤᠨ ᠣᠷᠴᠣᠨ ᠬᠤᠰᠢᠭᠤ ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠᠲᠠᠢ ᠡᠭᠦᠳᠦᠨ ᠪᠠᠶᠢᠭᠤᠯᠪᠠ᠃ ︽ᠲᠠᠪᠤ ᠶᠢ ᠲᠤᠶᠢᠯᠪᠤᠷᠢᠲᠠᠢ ᠡᠬᠢᠯᠡᠭᠦᠯᠬᠦ︾ ᠠᠵᠢᠯᠯᠠᠭᠠᠨ ᠢᠯᠡᠳᠲᠡ ᠦᠷ᠎ᠡ ᠪᠦᠲᠦᠮᠵᠢ ᠣᠯᠵᠤ᠂ 8070 ᠮᠥ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ ᠶᠢ ᠵᠤᠬᠢᠴᠠᠭᠤᠯᠤᠨ᠂ 2943 ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠵᠦ᠂ ᠨᠡᠭᠡᠭᠡᠯᠲᠡ ᠶᠢᠨ ᠲᠤᠭᠤᠷᠢᠭ ᠤᠨ ᠠᠵᠢᠯ ᠵᠣᠭᠰᠣᠭᠰᠠᠨ 8 ᠡᠷᠦᠬᠡ ᠠᠵᠤ ᠠᠬᠤᠶᠢᠯᠠᠯ ᠢ ᠰᠡᠷᠭᠦᠭᠡᠵᠦ᠂ 14 ︽ᠬᠠᠭᠠᠰ ᠳᠤᠲᠠᠭᠤ︾ ᠪᠠᠷᠢᠯᠭ᠎ᠠ ᠶᠢᠨ ᠲᠥᠷᠥᠯ ᠵᠦᠢᠯ ᠢ ᠪᠦᠬᠦᠨ ᠢ ᠰᠡᠷᠭᠦᠭᠡᠨ ᠳ᠋ᠤᠭᠠᠷ ᠬᠠᠰᠤᠪᠠ᠃   ︽ᠰᠢᠭᠤᠳ ᠬᠤᠷᠰᠢᠯᠴᠠᠬᠤ ᠠᠵᠤ ᠠᠬᠤᠢ︾ ᠰᠢᠪᠲᠤᠯᠤᠯᠲᠠ ᠭᠠᠷᠭᠠᠬᠤ ᠶᠢ ᠪᠡᠶᠡᠯᠡᠭᠦᠯᠵᠦ᠂ ᠬᠠᠶᠢᠯᠠᠷ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠠᠷ ᠴᠠᠬᠢᠯᠭᠠᠨ ᠭᠠᠷᠭᠠᠬᠤ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ ᠧ ᠶᠤᠸᠠᠨ ᠠᠮᠤ ᠪᠤᠳᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠲᠥᠷᠥᠯ ᠵᠦᠢᠯ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠪᠠ᠃       ︵ᠳᠥᠷᠪᠡ︶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠦᠷᠭᠡᠳᠬᠡᠨ ᠬᠦᠭᠵᠢᠭᠡᠪᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠲᠠᠲᠠᠪᠤᠷᠢ ᠶᠢ 54.9 ᠳ᠋ᠦᠩᠰᠢᠭᠤᠷ ᠲᠥᠭᠦᠷᠢᠭ ᠬᠦᠩᠭᠡᠯᠡᠨ ᠬᠡᠯᠲᠦᠷᠢᠭᠦᠯᠵᠦ᠂ 575.22 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 23.9 ᠲᠦᠮᠡᠨ ᠡᠷᠦᠬᠡ ᠳᠤ ᠬᠦᠷᠴᠦ᠂ ᠮᠢᠩᠭᠠᠨ ᠬᠥᠮᠦᠨ ᠪᠦᠷᠢ ᠳᠤ ᠨᠣᠭᠳᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠦᠬᠡ ᠶᠢᠨ ᠲᠤᠭ᠎ᠠ ᠨᠢ ᠪᠥᠬᠦ ᠣᠷᠣᠨ ᠤ ᠳᠤᠮᠳᠠᠴᠢ ᠲᠦᠪᠰᠢᠨ ᠠᠴᠠ ᠥᠨᠳᠥᠷ ᠪᠣᠯᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠨᠣᠷᠮ᠎ᠠ 97.89% ᠳᠤ ᠬᠦᠷᠪᠡ᠃ ᠠᠷᠤᠨ ᠬᠤᠰᠢᠭᠤᠨ ᠤ ᠭᠠᠵᠠᠷ ᠰᠢᠷᠤᠢ ᠶᠢ ᠢᠯᠭᠠᠷᠠᠭᠤᠯᠵᠤ ᠳᠦᠷᠢᠮᠵᠢᠭᠦᠯᠦᠨ ᠬᠡᠷᠡᠭᠯᠡᠬᠦ ᠠᠵᠢᠯ ᠤᠨ ᠲᠣᠷᠰᠢᠯᠭ᠎ᠠ ᠨᠢ ︽ᠳᠤᠮᠳᠠᠳᠤ ᠤᠯᠤᠰ ᠤᠨ ᠦᠭᠡᠷᠡᠴᠢᠯᠡᠯᠲᠡ ᠶᠢᠨ 2023 ᠤᠨ ᠤ ᠤᠷᠤᠨ ᠨᠤᠲᠤᠭ ᠤᠨ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠡᠶᠢᠲᠡᠯᠢᠭ ᠵᠢᠱᠢᠶ᠎ᠡ︾ ᠪᠠᠷ ᠰᠤᠩᠭᠤᠭᠳᠠᠪᠠ︔ ᠤᠯᠤᠰ ᠤᠨ ᠦᠮᠴᠢᠯᠡᠯᠲᠦ ᠠᠵᠤ ᠠᠬᠤᠢᠯᠠᠯ ᠤᠨ ᠥᠭᠡᠷᠡᠴᠢᠯᠡᠯᠲᠡ ᠤᠷᠤᠭᠰᠢᠲᠠᠢ ᠠᠬᠢᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ 17 ᠡᠷᠦᠬᠡ ᠪᠠᠶᠢᠭᠰᠠᠨ ᠠᠴᠠ ᠪᠠᠨ 10 ᠡᠷᠦᠬᠡ ᠪᠣᠯᠤᠨ ᠰᠢᠯᠢᠳᠡᠭᠵᠢᠨ ᠳᠠᠬᠢᠨ ᠪᠦᠷᠢᠯᠳᠦᠵᠦ᠂ 5.02 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ 1.08 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠰᠦᠢᠳᠬᠡᠯ ᠢ ᠳᠡᠭᠡᠭᠰᠢ ᠲᠤᠰᠢᠶᠠᠪᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠦᠷ᠎ᠡ ᠪᠦᠲᠦᠭᠡᠯ ᠦᠯᠡᠮᠵᠢ ᠪᠠᠶᠢᠵᠤ᠂ ᠪᠥᠬᠦ ᠬᠤᠲᠠ ᠶᠢᠨ ᠰᠤᠳᠤᠯᠭᠠᠨ ᠪᠠ ᠲᠤᠷᠰᠢᠯᠲᠠ ᠶᠢ ᠬᠦᠭᠵᠢᠭᠦᠯᠬᠦ ᠵᠠᠷᠤᠳᠠᠯ ᠤᠨ ᠵᠠᠷᠤᠯᠭ᠎ᠠ 2.9 ᠳ᠋ᠦᠩᠰᠢᠭᠤᠷ ᠲᠥᠭᠦᠷᠢᠭ ᠲᠤ ᠬᠦᠷᠴᠦ᠂ 93% ᠪᠠᠷ ᠨᠡᠮᠡᠭᠳᠡᠪᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠵᠢᠯᠲᠠᠲᠠᠢ ᠵᠥᠪᠰᠢᠶᠡᠷᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 13 ᠡᠷᠦᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ 34 ᠡᠷᠦᠬᠡ᠂ ᠰᠢᠨ᠎ᠡ ᠶᠢ ᠡᠭᠦᠳᠬᠦ ᠬᠡᠯᠪᠡᠷᠢ ᠶᠢᠨ ᠪᠠ ︽ᠲᠤᠰᠬᠠᠢ ᠨᠠᠷᠢᠯᠢᠭ ᠤᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 13 ᠡᠷᠦᠬᠡ ᠰᠢᠨ᠎ᠡ ᠪᠠᠷ ᠨᠡᠮᠡᠭᠳᠡᠵᠦ᠂ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠤ ᠡᠭᠦᠷᠭᠡ ᠪᠠᠨ ᠬᠤᠶᠠᠷ ᠵᠢᠯ ᠤᠷᠢᠳᠴᠢᠯᠠᠨ ᠪᠡᠶᠡᠯᠡᠭᠦᠯᠪᠡ᠃ ᠭᠠᠳᠠᠭᠠᠳᠤ ᠨᠡᠭᠡᠭᠡᠯᠲᠡ ᠲᠠᠰᠤᠷᠠᠯᠲᠠ ᠥᠬᠡᠶ ᠥᠷᠭᠡᠳᠴᠦ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠨᠢ ᠪᠠᠷᠠᠭ᠎ᠠ ᠲᠡᠭᠡᠭᠡᠪᠦᠷᠢ ᠶᠢᠨ 24 ᠴᠠᠭ ᠲᠤ ᠪᠣᠭᠤᠮᠲᠠ ᠭᠠᠲᠤᠯᠬᠤ ᠶᠢ ᠪᠥᠬᠦ ᠤᠯᠤᠰ ᠲᠤ ᠲᠡᠷᠢᠭᠦᠯᠡᠨ ᠬᠡᠷᠡᠭᠵᠢᠭᠦᠯᠵᠦ᠂ ᠡᠪᠦᠳᠦᠭ᠂ ᠠᠷᠤᠬᠠᠰᠢᠶᠠᠲᠤ ᠬᠢᠯᠢ ᠶᠢᠨ ᠪᠣᠭᠤᠮᠲᠠ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠾᠸᠢ ᠱᠠᠨ ᠳᠧᠦ ᠬᠢᠯᠢ ᠶᠢᠨ ᠪᠣᠭᠤᠮᠲᠠ 1016 ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ ᠪᠦᠬᠦᠨ ᠢᠶᠠᠷ ᠢᠶᠠᠨ ᠪᠣᠭᠤᠮᠲᠠ ᠬᠠᠭᠠᠵᠤ ᠡᠵᠡᠩᠨᠡᠨ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ 5116 ᠴᠤᠪᠤᠭ᠎ᠠ ᠨᠡᠪᠲᠡᠷᠡᠵᠦ᠂ 54 ᠲᠦᠮᠡᠨ ᠪᠠᠷᠢᠮᠵᠢᠶᠠᠲᠤ ᠴᠢᠩᠭᠡᠯᠢᠭ ᠪᠠᠷᠠᠭ᠎ᠠ ᠶᠢ ᠲᠡᠭᠡᠭᠡᠪᠦᠷᠢᠯᠡᠨ ᠬᠦᠷᠭᠡᠵᠦ᠂ ᠬᠢᠯᠢ ᠶᠢᠨ ᠪᠣᠭᠤᠮᠲᠠ ᠶᠢᠨ ᠡᠭᠡᠯᠵᠢ ᠶᠢᠨ ᠭᠠᠯᠲᠤ ᠲᠡᠷᠭᠡ ᠨᠡᠪᠲᠡᠷᠡᠬᠦ ᠪᠠ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠪᠦᠬᠦ ᠤᠯᠤᠰ ᠲᠤ ᠲᠦᠷᠦᠭᠦᠯᠡᠨ᠂ ᠪᠦᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠢ ᠥᠷᠲᠡᠭ ᠢ 290 ᠳ᠋ᠦᠩᠰᠢᠭᠤᠷ ᠲᠥᠭᠦᠷᠢᠭ ᠪᠡᠶᠡᠯᠡᠭᠦᠯᠵᠦ᠂ 48.2% ᠢᠶᠠᠷ ᠨᠡᠮᠡᠭᠳᠡᠪᠡ᠃       ︵ᠲᠠᠪᠤ︶ ᠬᠤᠲᠠ ᠬᠥᠳᠡᠭᠡ ᠶᠢᠨ ᠣᠷᠣᠨ ᠪᠦᠰᠡ ᠵᠤᠬᠢᠴᠠᠯᠳᠤᠨ ᠬᠦᠭᠵᠢᠪᠡ᠃ ᠬᠤᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠦᠨ᠂ 19.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠲᠥᠷᠦᠯ ᠵᠦᠢᠯ ᠢ 132 ᠬᠡᠷᠡᠭᠵᠢᠭᠦᠯᠵᠦ᠂ 98 ᠵᠤᠷᠪᠤᠰ ᠭᠤᠣᠯ ᠳᠡᠳ᠋ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ 8 ᠵᠤᠷᠪᠤᠰ ︽ᠮᠤᠬᠤᠷ ᠵᠠᠮ︾ ᠢ ᠨᠡᠪᠲᠡᠷᠡᠭᠦᠯᠵᠦ᠂ 15 ᠵᠤᠷᠪᠤᠰ ︽ᠬᠠᠷᠠᠩᠭᠤᠢ ᠵᠠᠮ︾ ᠢ ᠥᠭᠡᠷᠡᠴᠢᠯᠡᠨ ᠵᠠᠰᠠᠵᠤ᠂ ᠬᠤᠲᠠ ᠶᠢᠨ ᠠᠷᠠᠳ ᠤᠨ ᠤᠯᠠᠨ ᠨᠡᠶᠢᠲᠡ ᠶᠢᠨ ᠬᠦᠳᠡᠯᠭᠡᠭᠡᠨ ᠤ ᠲᠠᠯᠠᠪᠤᠷ ᠢ 8 ᠰᠢᠨ᠎ᠡ ᠪᠠᠷ ᠪᠠᠶᠢᠭᠤᠯᠪᠠ︔ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠷᠭᠢᠨ ᠲᠣᠭᠤᠷᠢᠨ ᠳᠠᠬᠢ ︽ᠵᠠᠩᠭᠢᠯᠠᠭ᠎ᠠ ᠶᠢᠨ ᠲᠦᠭᠵᠢᠷᠡᠯ︾ ᠢ ᠬᠠᠤᠯᠢ ᠶᠣᠰᠣᠭᠠᠷ ᠨᠤᠷᠠᠭᠠᠵᠤ᠂ ᠡᠮᠴᠢᠯᠡᠭᠦᠯᠬᠦ ᠳᠤ ᠮᠠᠰᠢᠨ ᠲᠡᠷᠭᠡ ᠵᠣᠭᠰᠣᠭᠠᠬᠤ ᠪᠡᠷᠬᠡ ᠶᠢ ᠪᠦᠲᠦᠮᠵᠢᠲᠡᠢ ᠨᠠᠮᠳᠠᠭᠠᠪᠠ︔ ᠰᠢᠲᠠᠮᠠᠬᠠᠢ ᠬᠡᠶ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ 407 ᠺᠢᠯᠣᠮᠧᠲᠷ ᠤᠨ ᠬᠠᠭᠤᠴᠢᠨ ᠬᠤᠭᠤᠯᠠᠶ ᠲᠤᠤᠷ ᠢ ᠥᠭᠡᠷᠡᠴᠢᠯᠡᠨ ᠵᠠᠰᠠᠵᠤ᠂ ᠪᠥᠬᠦ ᠣᠷᠣᠨ ᠤ ᠣᠶᠤᠨᠴᠢ ᠪᠠᠷ ᠢᠯᠴᠢ ᠬᠠᠩᠭᠠᠬᠤ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠮᠠᠨ ᠤ ᠬᠤᠲᠠ ᠳᠤ ᠬᠤᠷᠠᠯᠳᠤᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ ᠶᠢ 10.79 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠤᠨ ᠲᠥᠷᠥᠯ ᠵᠦᠢᠯ ᠤᠨ ᠪᠡᠯᠡ ᠮᠥᠩᠭᠦ ᠶᠢᠨ ᠡᠵᠡᠯᠡᠬᠦ ᠬᠠᠷᠢᠴᠠᠯ 60.15% ᠳᠤ ᠬᠦᠷᠪᠡ︔ ᠠᠷᠢᠭᠤᠨ ᠴᠠᠪᠡᠷ ᠡᠷᠦᠬᠡ ᠶᠢᠨ ᠵᠣᠷᠯᠣᠩ ᠢ 4628 ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 14 ᠭᠠᠵᠠᠷ ᠲᠤ ᠪᠠᠶᠢᠭᠤᠯᠤᠨ ᠳᠠᠭᠤᠰᠬᠠᠪᠠ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ 41 ᠬᠡᠷᠡᠭᠵᠢᠭᠦᠯᠵᠦ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠥᠬᠦ ᠲᠠᠯ᠎ᠠ ᠪᠠᠷ ᠠᠬᠢᠪᠠ᠃ ᠰᠠᠭᠤᠷᠢ ᠪᠡᠯᠡᠳᠭᠡᠮᠵᠢ ᠶᠢ ᠨᠡᠩ ᠲᠦᠬᠦᠷᠵᠢᠭᠦᠯᠵᠦ᠂ ᠬᠠᠶᠢᠯᠠᠷ ᠠᠴᠠ ᠮᠠᠨᠵᠤᠤᠷ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠲᠡᠩᠭᠡ ᠠᠴᠠ ᠭᠠᠨ ᠭᠤᠤᠯ ᠲᠠᠷᠢᠶᠠᠯᠠᠩ ᠤᠨ ᠲᠠᠯᠠᠪᠠᠶ ᠬᠦᠷᠬᠦ ᠵᠡᠷᠭᠡ 4 ᠵᠤᠷᠪᠤᠰ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠭᠡᠭᠡᠨ ᠭᠤᠣᠯ ᠠᠴᠠ ᠶᠠᠭᠰᠢ ᠬᠦᠷᠬᠦ᠂ ᠽᠢ ᠭᠧᠦ ᠠᠴᠠ ᠳ᠋ᠡ ᠰᠢᠩ ᠬᠦᠷᠬᠦ ᠵᠡᠷᠭᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠵᠢᠯ ᠡᠬᠢᠯᠡᠭᠦᠯᠪᠡ︔ ᠤᠯᠤᠰ ᠮᠤᠵᠢ ᠶᠢᠨ ᠳᠡᠰ ᠤᠨ ᠡᠩ ᠤᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ ᠢ ᠪᠦᠬᠦᠨ ᠢ ᠪᠦᠷᠬᠦᠭᠦᠯᠪᠡ︔ ᠮᠠᠯᠵᠢᠬᠤ ᠲᠠᠷᠢᠶᠠᠯᠠᠬᠤ ᠰᠢᠭᠤᠶᠢᠲᠤ ᠣᠷᠣᠨ ᠤ ᠵᠠᠰᠠᠮᠠᠯ ᠵᠠᠮ ᠢ 624 ᠺᠢᠯᠤᠮᠧᠲᠷ᠂ ᠲᠣᠰᠬᠤᠨ ᠤ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠢ 110 ᠺᠢᠯᠤᠮᠧᠲᠷ ᠪᠠᠶᠢᠭᠤᠯᠵᠤ᠂ 98 ᠠᠶᠤᠯᠲᠠᠢ ᠬᠥᠭᠦᠷᠭᠡ ᠶᠢ ᠥᠭᠡᠷᠡᠴᠢᠯᠡᠨ ᠰᠢᠨᠡᠳᠭᠡᠪᠡ︔ ᠴᠢᠴᠢᠬᠠᠷ ᠠᠴᠠ ᠬᠠᠶᠢᠯᠠᠷ ᠬᠥᠷᠬᠦ ᠲᠡᠮᠦᠷ ᠵᠠᠮ᠂ ᠬᠠᠶᠢᠯᠠᠷ ᠠᠴᠠ ᠾᠸᠢ ᠱᠠᠨ ᠳᠧᠦ ᠬᠥᠷᠬᠦ ᠲᠡᠮᠦᠷ ᠵᠠᠮ᠂ ᠷᠠᠰᠢᠶᠠᠨ ᠠᠴᠠ ᠬᠠᠶᠢᠯᠠᠷ ᠬᠥᠷᠬᠦ ᠲᠡᠮᠦᠷ ᠵᠠᠮ ᠤᠨ ᠬᠥᠳᠡᠯᠭᠡᠭᠦᠷᠲᠦ ᠲᠡᠷᠭᠡ ᠶᠢ ᠦᠭᠡᠷᠡᠴᠢᠯᠡᠨ ᠰᠢᠨᠡᠳᠭᠡᠬᠦ ᠲᠥᠷᠥᠯ ᠵᠦᠢᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠰᠠᠨᠠᠯ︾ ᠳᠤ ᠤᠷᠤᠭᠤᠯᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ