2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 3
ᠨᠡᠶᠢᠲᠡᠯᠡᠭᠰᠡᠨ ᠴᠠᠭ᠄
2024/2/7
       ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠪᠦᠬᠦ ᠬᠤᠲᠠ ᠶᠢᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 72.2% ᠢ ᠡᠵᠡᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠡᠷᠴᠢᠮᠲᠡᠢ ᠪᠠᠶᠢᠵᠤ᠂ 8500 ᠲᠦᠮᠡᠨ ᠲᠥᠭᠦᠷᠢᠭ ᠤᠨ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠷᠬᠠᠭᠠᠵᠤ᠂ ᠬᠤᠲᠠ ᠪᠠᠯᠭᠠᠰᠤ ᠶᠢᠨ 1.17 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ︔ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 6.41 ᠲᠦᠮᠡ ᠰᠢᠨ᠎ᠡ ᠪᠠᠷ ᠨᠡᠮᠡᠭᠳᠡᠵᠦ᠂ ᠣᠨᠴᠠ ᠬᠦᠴᠢᠷᠳᠡᠯᠲᠡᠶ ᠬᠥᠮᠦᠰ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠵᠡᠷᠭᠡ ᠬᠦᠴᠢᠷᠳᠡᠯᠲᠡᠶ ᠣᠯᠠᠨ ᠲᠦᠮᠡᠨ ᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠱᠤᠭᠤᠮ ᠢ 50% ᠪᠠᠷ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ 5% ᠪᠠᠷ ᠳᠡᠭᠡᠭᠰᠢᠯᠡᠭᠦᠯᠦᠨ᠂ ᠡᠮᠨᠡᠯᠭᠡ ᠳᠤ ᠰᠠᠭᠤᠬᠤ ᠳᠠᠨᠵᠢ ᠶᠢᠨ ᠮᠥᠩᠭᠦ ᠶᠢ ᠬᠠᠭᠠᠰ ᠢᠶᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠪᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ ᠲᠣᠰ ᠲᠣᠰ 808 ᠲᠥᠭᠦᠷᠢᠭ ᠪᠠ 694 ᠲᠥᠭᠦᠷᠢᠭ ᠪᠣᠯᠭᠠᠨ ᠨᠡᠮᠡᠭᠳᠡᠭᠦᠯᠪᠡ︔ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠴᠢᠳᠠᠬᠤ ᠥᠬᠡᠶ ᠬᠦᠴᠢᠷᠳᠡᠯᠲᠡᠶ ᠨᠠᠰᠤᠲᠠᠶᠢᠴᠤᠳ ᠲᠤ 470 ᠲᠦᠮᠡᠨ ᠲᠥᠭᠦᠷᠢᠭ ᠤᠨ ᠰᠤᠪᠢᠯᠠᠯᠲᠠ ᠶᠢᠨ ᠨᠥᠬᠦᠪᠥᠷᠢ ᠣᠯᠭᠤᠵᠤ᠂ 5.5 ᠲᠦᠮᠡᠨ ᠬᠦᠴᠢᠷᠳᠡᠯᠲᠡᠶ ᠪᠤᠯᠤᠨ ᠬᠦᠨᠳᠦ ᠵᠡᠮᠳᠡᠭᠴᠦᠳ ᠲᠤ 5379 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠨᠡᠶᠢᠭᠡᠮ ᠤᠨ ᠠᠵᠢᠯ ᠦᠢᠯᠡᠰ ᠴᠡᠴᠡᠭᠯᠡᠨ ᠬᠥᠭᠵᠢᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠳᠤᠮᠳᠠᠳᠤ ᠪᠠᠭ᠎ᠠ ᠰᠤᠷᠭᠠᠭᠤᠯᠢ ᠶᠢ 82 ᠰᠢᠨ᠎ᠡ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ ᠰᠢᠨᠡᠳᠭᠡᠵᠦ ᠥᠷᠭᠡᠳᠬᠡᠨ ᠪᠠᠶᠢᠭᠤᠯᠵᠤ᠂ ᠰᠤᠷᠤᠭᠴᠢᠳ ᠤᠨ ᠤᠷᠤᠨ ᠲᠤᠭ᠎ᠠ ᠶᠢ 6486 ᠰᠢᠨ᠎ᠡ ᠪᠠᠷ ᠨᠡᠮᠡᠭᠳᠡᠭᠦᠯᠵᠦ᠂ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠱᠠᠲᠤᠴᠢ ᠴᠢᠨᠠᠷᠲᠠᠢ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠨᠢᠭᠡ ᠯᠡ ᠳᠠᠷᠤᠪᠴᠢ ᠪᠠᠷ ᠰᠤᠷᠭᠠᠭᠤᠯᠢ ᠳᠤ ᠣᠷᠣᠬᠤ︾ ᠦᠢᠯᠡᠴᠢᠯᠡᠭᠡᠨ ᠤ ᠲᠠᠪᠴᠠᠩ ᠢ ᠠᠰᠢᠭᠯᠠᠯᠲᠠ ᠳᠤ ᠣᠷᠣᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠠ ᠲᠠᠲᠠᠬᠤ ᠴᠢᠨᠠᠷ ᠢ ᠢᠯᠡᠳᠲᠡ ᠴᠢᠩᠭᠠᠷᠠᠭᠤᠯᠤᠨ᠂ ᠣᠨᠴᠠᠭᠠᠢ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠦᠷ᠎ᠡ ᠪᠦᠲᠦᠮᠵᠢ ᠢᠯᠡᠳᠲᠡ ᠪᠣᠯᠪᠠ︔ ᠪᠥᠬᠦ ᠬᠤᠲᠠ ᠶᠢᠨ ᠬᠤᠶᠠᠳᠤᠭᠠᠷ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠪᠤᠯᠤᠨ ᠰᠢᠯᠵᠢᠭᠦᠯᠵᠦ ᠪᠣᠯᠬᠤ ᠬᠦᠨᠳᠦ ᠡᠪᠡᠳᠴᠢᠲᠡᠨ ᠤ ᠣᠷᠣ ᠶᠢᠨ ᠬᠠᠷᠢᠴᠠᠯ ᠢ ᠲᠣᠰ ᠪᠦᠷᠢ 5.2% ᠪᠠ 4.8%  ᠪᠠᠷ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠪᠤᠳᠠᠷ ᠡᠪᠡᠳᠴᠢᠨ ᠢ ᠡᠮᠨᠡᠨ ᠵᠠᠰᠠᠬᠤ ᠲᠥᠪ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠤᠨ ᠲᠥᠷᠥᠯ ᠵᠦᠢᠯ ᠤᠨ ᠠᠵᠢᠯ ᠳᠠᠭᠤᠰᠴᠤ ᠰᠢᠯᠭᠠᠨ ᠠᠪᠤᠯᠲᠠ ᠬᠢᠵᠦ᠂ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠤᠨ ᠠᠵᠢᠯ ᠡᠬᠢᠯᠡᠵᠦ᠂ 5 ᠡᠷᠦᠬᠡ ᠡᠮᠨᠡᠯᠭᠡ ᠶᠢᠨ ᠬᠤᠷᠢᠶ᠎ᠠ ᠨᠢ ᠤᠯᠤᠰ ᠤᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠳᠡᠰ ᠳᠡᠪᠰᠢᠬᠦ ᠶᠢ ᠪᠡᠶᠡᠯᠡᠭᠦᠯᠵᠦ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 4 ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠵᠤ ᠦᠨᠡᠯᠡᠨ ᠵᠢᠱᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠᠲᠠᠢ ᠳᠠᠬᠢᠨ ᠪᠠᠶᠢᠭᠤᠯᠵᠤ᠂ ᠬᠥᠯᠥᠨ ᠪᠤᠶᠢᠷ ᠳᠡᠭᠡᠳᠦ ᠰᠤᠷᠭᠠᠭᠤᠯᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ︾ ᠢᠶᠠᠷ ᠨᠡᠷᠡᠶᠢᠳᠦᠭᠳᠡᠵᠦ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠵᠡᠷᠭᠡ 10 ᠨᠢᠭᠡᠴᠢ ︽ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ︾ ᠪᠠᠷ ᠨᠡᠷᠡᠶᠢᠳᠦᠭᠳᠡᠪᠡ᠃ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠬᠥᠯᠥᠨ ᠪᠤᠶᠢᠷ ᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠦᠬᠦᠭᠡᠷᠦᠮᠵᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠭᠡᠭᠡᠨ ᠭᠤᠤᠯ ᠬᠤᠲᠠ᠂ ᠡᠸᠡᠩᠬᠢ ᠬᠤᠰᠢᠭᠤ ᠪᠠ ᠰᠢᠨ᠎ᠡ ᠪᠠᠷᠭᠤ ᠪᠠᠷᠠᠭᠤᠨ ᠬᠤᠰᠢᠭᠤ ᠪᠥᠬᠦ ᠤᠯᠤᠰ ᠤᠨ ᠳᠥᠷᠪᠡᠨ ᠤᠯᠠᠷᠢᠯ ᠤᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠵᠦ᠂ ᠠᠷᠠᠳ ᠲᠤ ᠠᠰᠢᠭ ᠬᠦᠷᠲᠡᠭᠡᠬᠦ ᠳᠠᠭᠤᠤ ᠪᠥᠵᠢᠭ ᠤᠨ ᠲᠣᠭᠯᠠᠯᠲᠠ ᠶᠢ 1000 ᠭᠠᠷᠤᠶ ᠲᠠᠯᠠᠪᠤᠷ ᠡᠷᠭᠢᠯᠡᠵᠦ᠂ 6 ᠬᠤᠰᠢᠭᠤ ᠬᠤᠲᠠ ᠲᠣᠭᠤᠷᠢᠭ 2376 ᠺᠢᠯᠣᠮᠧᠲᠷ ᠤᠨ ᠷᠠᠳᠢᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠭᠦᠯᠬᠦ ᠢᠨᠵᠧᠨᠧᠷᠢᠩ ᠢ ᠪᠡᠶᠡᠯᠡᠭᠦᠯᠵᠦ᠂ 373 ᠵᠠᠰᠠᠭ ᠵᠠᠬᠢᠷᠭᠠᠨ ᠤ ᠲᠣᠰᠬᠤᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠪᠠ᠃       ︵ᠲᠤᠯᠤᠭ᠎ᠠ︶ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠪᠠ᠃ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠠᠲᠤᠲᠠᠶ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 38.8% ᠪᠠ 29.4% ᠪᠠᠷ ᠪᠠᠭᠤᠷᠠᠪᠠ᠃ ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠳᠠ ᠶᠢ ᠠᠮᠵᠢᠯᠲᠠᠲᠠᠢ ᠡᠭᠦᠳᠦᠨ ᠪᠠᠶᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠬᠤᠤᠰ ᠨᠡᠮᠡᠭᠳᠡᠯ ᠬᠤᠤᠰ ᠪᠠᠭᠤᠷᠠᠯ︾ ᠢ ᠦᠷᠭᠦᠯᠵᠢᠯᠡᠨ ᠪᠠᠲᠤᠯᠠᠵᠤ᠂ ᠬᠠᠭᠤᠴᠢᠨ ᠪᠠᠷᠭᠤ ᠬᠤᠰᠢᠭᠤ ᠪᠦᠬᠦ ᠤᠯᠤᠰ ᠤᠨ ᠲᠦᠷᠦᠭᠦᠦ ᠪᠦᠯᠦᠭ ᠠᠮᠦᠷ ᠠᠮᠤᠭᠤᠯᠠᠩ ᠬᠢᠯᠢ ᠬᠢᠵᠠᠭᠠᠷ ᠤᠨ ᠵᠢᠱᠢᠶᠡᠴᠢ ᠬᠤᠰᠢᠭᠤ ᠪᠠᠷ ᠦᠨᠡᠯᠡᠭᠳᠡᠵᠦ᠂ ᠮᠠᠨ ᠤ ᠬᠤᠲᠠ ᠪᠦᠬᠦ ᠤᠷᠤᠨ ᠤ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠪᠦᠬᠦ ᠬᠤᠲᠠ ᠶᠢᠨ ᠬᠡᠪᠴᠢᠶᠡᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ᠬᠤᠰᠢᠭᠤ᠂ ᠰᠢᠶᠠᠩ᠂ ᠲᠣᠰᠬᠤᠨ ᠤ ᠣᠷᠣᠯᠠᠨ ᠭᠦᠢᠴᠡᠳᠬᠡᠬᠦ ᠴᠡᠭ ᠢ 1324 ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠭᠴᠢ 3795 ᠬᠦᠮᠦᠨ ᠢ ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠪᠠᠴᠢᠮ ᠬᠦᠴᠢᠷ ᠵᠤᠪᠠᠨᠢᠯ ᠬᠦᠰᠡᠯ ᠤᠨ ᠨᠢᠭᠡ ᠪᠦᠯᠦᠭ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠢᠳᠡᠪᠬᠢᠲᠡᠢ ᠠᠷᠢᠯᠭᠠᠵᠤ᠂ ᠪᠦᠬᠦ ᠬᠤᠲᠠ ᠶᠢᠨ ᠪᠠᠩᠬᠢ ᠶᠢᠨ ᠦᠢᠯᠡᠰ ᠤᠨ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠶᠢ 5.29 ᠳ᠋ᠦᠩᠰᠢᠭᠤᠷ ᠲᠥᠭᠦᠷᠢᠭ ᠪᠠᠭᠠᠰᠬᠠᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠦᠯᠦᠰᠦ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠠᠲᠤᠲᠠᠶ ᠠᠬᠢᠭᠤᠯᠵᠤ᠂ 1519 ᠵᠤᠷᠪᠤᠰ ᠴᠠᠯᠢᠩ ᠦᠷᠢᠲᠦᠭᠰᠡᠨ ᠰᠦᠪᠡᠭᠴᠢ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠶᠡᠭᠡ ᠪᠠᠷ ᠳᠠᠮᠵᠢᠵᠤ᠂ ᠭᠠᠳᠠᠭᠠᠳᠤ ᠶᠠᠪᠤᠳᠠᠯ᠂ ᠭᠠᠵᠠᠷ ᠬᠥᠳᠡᠯᠦᠯᠲᠡ᠂ ᠴᠠᠭ ᠠᠭᠤᠷ᠂ ᠬᠤᠶᠠᠷ ᠢ ᠬᠦᠷᠢᠶᠡᠯᠡᠬᠦ᠂ ᠲᠤᠭ᠎ᠠ ᠪᠦᠷᠢᠳᠬᠡᠯ᠂ ᠬᠢᠨᠠᠨ ᠪᠣᠳᠣᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃       ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦ ᠪᠠᠨ ᠲᠥᠪᠯᠡᠷᠡᠭᠦᠯᠦᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠵᠤ ᠠᠬᠢᠭᠤᠯᠭ᠎ᠠ ᠪᠠᠷ᠂ ᠪᠦᠬᠦ ᠬᠤᠲᠠ ᠶᠢᠨ ᠨᠠᠷᠢᠯᠢᠭᠵᠢᠯ ᠬᠠᠮᠢᠶᠠᠷᠤᠯᠲᠠ ᠶᠢ ᠴᠢᠩᠭᠠᠳᠬᠠᠬᠤ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠦᠷ᠎ᠡ ᠠᠰᠢᠭ ᠢ ᠳᠡᠭᠡᠭᠰᠢᠯᠡᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠠᠬᠤᠢ ᠲᠠᠯᠠᠪᠠᠢ ᠶᠢᠨ ᠬᠤᠷᠠᠯ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠲᠠᠲᠠᠢ ᠡᠷᠬᠢᠯᠡᠨ ᠬᠤᠷᠠᠯᠳᠤᠭᠤᠯᠵᠤ᠂ ᠭᠢᠯᠠᠰ ᠴᠡᠭ ᠢ ᠠᠩᠬᠠᠷᠬᠤ᠂ ᠵᠥᠷᠢᠶ᠎ᠡ ᠪᠠᠨ ᠡᠷᠢᠬᠦ᠂ ᠰᠡᠳᠬᠢᠴᠡ ᠪᠠᠨ ᠦᠷᠭᠡᠳᠬᠡᠬᠦ ᠪᠠ ᠠᠬᠢᠴᠠ ᠪᠠᠨ ᠠᠳᠠᠯᠢᠳᠬᠠᠬᠤ ᠪᠠᠷ ᠳᠠᠮᠵᠢᠨ᠂ ᠬᠤᠲᠠ ᠳᠠᠶᠠᠭᠠᠷ ᠢᠶᠠᠨ ᠬᠡᠪ ᠪᠠᠷᠢᠮᠵᠢᠶ᠎ᠠ ᠪᠠᠨ ᠳᠡᠭᠡᠭᠰᠢᠯᠡᠭᠦᠯᠦᠨ ᠳᠠᠪᠠᠭ᠋ᠤ ᠪᠠᠷ ᠴᠢᠷᠮᠠᠶᠢᠬᠤ᠂ ᠮᠡᠷᠡᠶᠢᠨ ᠲᠡᠮᠡᠴᠡᠵᠦ ᠲᠡᠷᠢᠭᠦᠨ ᠳᠤᠨᠢ ᠤᠷᠤᠬᠤ ᠤᠮᠤᠭ ᠪᠠᠳᠠᠷᠠᠩᠭᠤᠢ ᠴᠤᠭ ᠵᠢᠪᠬᠤᠭ᠎ᠠ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠬᠠᠷᠠᠭᠤᠯᠵᠤ᠂ ᠪᠦᠬᠦ ᠬᠤᠲᠠ ᠶᠢᠨ ᠳᠡᠭᠡᠳᠦ ᠳᠣᠤᠷᠠᠲᠤ ᠱᠠᠲᠤ ᠪᠠᠷ ᠢᠶᠠᠨ ᠬᠥᠭᠵᠢᠯᠲᠡ ᠶᠢ ᠶᠡᠬᠡᠪᠡᠷ ᠠᠳᠬᠤᠬᠤ᠂ ᠴᠢᠨᠠᠷ ᠰᠠᠶᠢᠲᠠᠢ ᠬᠦᠭᠵᠢᠯᠲᠡ ᠶᠢ ᠲᠦᠷᠭᠡᠳᠭᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠬᠥᠯᠥᠨ ᠪᠣᠶᠢᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠤᠭ᠎ᠠ ᠬᠦᠴᠦᠨ ᠢ ᠨᠢᠭᠲᠠᠷᠠᠭᠤᠯᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ