2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 4
ᠨᠡᠶᠢᠲᠡᠯᠡᠭᠰᠡᠨ ᠴᠠᠭ᠄
2024/2/7
       ᠥᠩᠭᠡᠷᠡᠭᠰᠡᠨ ᠨᠢᠭᠡ ᠵᠢᠯ ᠳᠤ᠂ ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠪᠠᠨ ᠲᠦᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠭᠭᠦᠭᠰᠡᠨ ᠪᠠ ᠬᠤᠲᠠ ᠶᠢᠨ ᠲᠣᠰ ᠱᠠᠲᠤᠨ ᠤ ᠲᠣᠭᠲᠠᠭᠠᠭᠰᠠᠨ 46 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠭᠦᠢᠴᠡᠳᠬᠡᠵᠦ᠂ 177 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ᠂ 1550 ᠣᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠤᠬᠢᠷᠠᠭᠤᠯᠤᠨ ᠦᠭᠡᠷᠡᠴᠢᠯᠡᠨ ᠵᠠᠰᠠᠬᠤ᠂ 1336 ᠬᠡᠦᠬᠡᠳ ᠤᠨ ᠴᠡᠴᠡᠷᠯᠢᠭ ᠤᠨ ᠤᠷᠤᠨ ᠲᠤᠭ᠎ᠠ ᠪᠠᠶᠢᠭᠤᠯᠬᠤ᠂ 120 ᠣᠶᠤᠨᠴᠢᠯᠠᠭᠰᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠡᠯᠧᠺᠲᠷᠣᠨ ᠫᠠᠶᠢᠰᠠ ᠪᠠᠶᠢᠭᠤᠯᠬᠤ᠂ 5G ᠰᠠᠭᠤᠷᠢ ᠥᠷᠲᠡᠭᠡ ᠶᠢ 1509 ᠪᠠᠶᠢᠭᠤᠯᠬᠤ ᠵᠡᠷᠭᠡ ᠨᠢᠭᠡ ᠪᠦᠯᠦᠭ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠰᠠᠶᠢᠨ ᠶᠠᠪᠤᠳᠠᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ︽ᠪᠠᠴᠢᠮᠳᠠᠵᠤ ᠬᠦᠴᠢᠷᠲᠡᠵᠦ ᠵᠤᠪᠠᠨᠢᠵᠤ ᠬᠦᠰᠡᠵᠦ︾ ᠪᠠᠶᠢᠭ᠎ᠠ ᠶᠢ ᠨᠢᠭᠡᠳ ᠨᠢᠭᠡ ᠪᠠᠷ ᠰᠢᠢᠳᠪᠦᠷᠢᠯᠡᠨ᠂ ︽ᠵᠣᠯ ᠵᠢᠷᠭᠠᠯ ᠤᠨ ᠲᠠᠩᠰᠠ︾ ᠶᠢ ᠲᠤᠭ᠎ᠠ ᠶᠣᠰᠣᠭᠠᠷ ᠨᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨᠲᠦ ᠲᠥᠷᠥᠭᠳᠡᠯ ᠢᠯᠡᠳᠲᠡ ᠳᠡᠭᠡᠭᠰᠢᠯᠡᠪᠡ᠃       ᠥᠩᠭᠡᠷᠡᠭᠰᠡᠨ ᠨᠢᠭᠡ ᠵᠢᠯ ᠳᠤ᠂ ᠪᠢᠳᠠ ᠲᠤᠰ ᠪᠡᠶ᠎ᠡ ᠶᠢᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠦᠵᠡᠯ ᠰᠠᠨᠠᠭ᠎ᠠ ᠪᠠᠷ ᠵᠡᠪᠰᠡᠭᠯᠡᠬᠦ ᠶᠢ ᠦᠷᠬᠦᠯᠵᠢᠯᠡᠨ ᠴᠢᠩᠳᠠᠯᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 226 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ 316 ᠬᠤᠪᠢ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤᠨᠢ ᠭᠦᠢᠴᠡᠳᠭᠡᠨ ᠳᠠᠭᠤᠰᠬᠠᠪᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ᠲᠥᠪ ᠤᠨ ︽ᠨᠠᠢᠮᠠᠨ ᠵᠣᠷᠪᠣᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠡᠷᠡᠭ ᠢᠶᠠᠷ ᠬᠠᠯᠠᠨ ᠰᠠᠶᠢᠵᠢᠷᠠᠭᠤᠯᠤᠯᠲᠠ ᠶᠢ ᠠᠬᠢᠭᠤᠯᠬᠤ︾ ᠶᠢ ᠪᠠᠲᠤᠲᠠᠢ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠬᠦᠯᠵᠢᠯᠡᠨ ᠴᠡᠭᠴᠡᠯᠡᠨ ᠵᠠᠰᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠠᠵᠢᠯ ᠬᠢᠬᠦ ᠣᠷᠴᠢᠨ ᠲᠣᠭᠤᠷᠢᠨ ᠦᠷᠭᠦᠯᠵᠢᠯᠡᠨ ᠪᠠᠬᠢᠵᠢᠪᠡ᠃       ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠡᠬᠢᠯᠡᠮᠡᠭᠴᠡ ᠬᠤᠷᠳᠤ ᠨᠡᠮᠡᠨ ᠳᠠᠭᠠᠷᠢᠯᠲᠠ ᠬᠢᠵᠦ᠂ ᠡᠳᠦᠷ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠨ᠂ ᠤᠯᠠᠷᠢᠯ ᠢᠶᠠᠷ ᠣᠨ ᠢ ᠪᠠᠲᠤᠯᠠᠵᠤ᠂ ᠪᠦᠬᠦ ᠶᠠᠪᠤᠴᠠ ᠳᠤ ᠥᠭᠡᠳᠡᠯᠡᠨ ᠰᠠᠶᠢᠵᠢᠷᠠᠬᠤ ᠬᠠᠨᠳᠤᠰᠢ ᠶᠢ ᠪᠠᠲᠤᠯᠠᠵᠤ᠂ ᠡᠬᠢᠯᠡᠯᠲᠡ ᠳᠡᠭᠡᠨ ᠰᠠᠶᠢᠬᠠᠨ᠂ ᠪᠦᠬᠦ ᠬᠡᠪᠴᠢᠶᠡᠨ ᠳᠤ ᠭᠢᠯᠠᠯᠵᠠᠭᠰᠠᠨ ᠠᠮᠵᠢᠯᠲᠠ ᠪᠦᠲᠦᠮᠵᠢ ᠶᠢ ᠣᠯᠤᠭᠰᠠᠨ ᠨᠢ ᠲᠡᠶᠢᠮᠦ ᠬᠢᠯᠪᠡᠷ ᠪᠣᠰᠤ ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠬᠦᠲᠦᠯᠦᠨ ᠵᠢᠯᠣᠭᠤᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠠ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ ᠦᠷ᠎ᠡ ᠳ᠋ᠦᠩ ᠮᠦᠨ᠂ ᠬᠤᠲᠠ ᠶᠢᠨ ᠠᠷᠠᠳ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠠᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠵᠢᠴᠢ ᠬᠥᠯᠥᠨ ᠪᠣᠶᠢᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠡᠭᠦᠨ ᠤ ᠬᠠᠮᠲᠤ᠂ ᠪᠢᠳᠡ ᠪᠠᠰᠠ ᠠᠵᠤ ᠠᠬᠤᠶ ᠶᠢᠨ ᠶᠠᠪᠤᠭᠳᠠᠯ ᠤᠨ ᠳᠣᠲᠣᠭᠠᠳᠤ ᠬᠡᠷᠡᠭᠴᠡᠭᠡ ᠶᠢᠨ ᠳᠠᠶᠢᠴᠢᠯᠠᠯᠲᠠ ᠪᠠᠭᠤᠷᠠᠶ᠂ ᠬᠡᠰᠡᠭ ᠠᠵᠤ ᠦᠢᠯᠡᠰ ᠤᠨ ᠬᠡᠯᠬᠢᠶᠡᠰᠦ ᠶᠢᠨ ᠤᠷᠲᠤᠳᠬᠠᠯ ᠳᠤᠲᠠᠮᠠᠭ᠂ ᠪᠦᠯᠦᠭᠵᠢᠯ ᠤᠨ ᠲᠦᠬᠦᠷᠵᠢᠯ ᠪᠦᠷᠢᠨ ᠪᠤᠰᠤ᠂ ᠬᠢᠯᠢ ᠶᠢᠨ ᠪᠣᠭᠤᠮᠲᠠ ᠶᠢᠨ ᠵᠠᠬ᠎ᠠ ᠭᠠᠵᠠᠷ ᠪᠠ ᠳᠤᠲᠤᠷ ᠭᠠᠵᠠᠷ ᠤᠨ ᠬᠠᠷᠢᠯᠴᠠᠨ ᠦᠢᠯᠡᠳᠦᠯᠴᠡᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠭᠦᠢᠴᠡᠳ ᠪᠠᠳᠠᠷᠠᠭᠤᠯᠤᠭᠳᠠᠭ᠎ᠠ ᠥᠬᠡᠶ᠂ ᠰᠢᠶᠠᠨ ᠤ ᠬᠡᠪᠴᠢᠶᠡᠨ ᠤ ᠬᠥᠭᠵᠢᠯᠲᠡ ᠪᠠᠰᠠ ᠲᠡᠩᠴᠡᠭᠦᠷᠢ ᠦᠭᠡᠢ ᠪᠠᠶᠢᠭᠰᠠᠭᠠᠷ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠲᠠᠰ ᠳᠡᠪᠰᠢᠭᠦᠯᠬᠦ ᠶᠢ ᠠᠬᠢᠭᠤᠯᠬᠤ ᠳᠤ ᠭᠤᠤᠯᠯᠠᠨ ᠬᠦᠴᠦᠯᠡᠬᠦ ᠴᠢᠬᠤᠯᠠᠲᠠᠶ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ᠂ ᠣᠷᠣᠯᠭ᠎ᠠ ᠶᠢ ᠨᠡᠮᠡᠭᠳᠡᠭᠦᠯᠦᠨ ᠲᠠᠯᠳᠠ ᠬᠦᠴᠦᠨ ᠢ ᠠᠭᠤᠳᠠᠯᠬᠤ᠂ ᠠᠷᠪᠢᠴᠢ ᠭᠠᠮᠲᠠᠢ ᠪᠠᠷ ᠠᠵᠢᠯ ᠦᠢᠯᠡᠰ ᠢ ᠡᠷᠬᠢᠯᠡᠬᠦ ᠳᠤ ᠪᠠᠰᠠ ᠱᠠᠯᠠᠪᠳᠠᠨ ᠬᠦᠴᠦᠯᠡᠬᠦ ᠴᠢᠬᠤᠯᠠᠲᠠᠢ︔ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠪᠠᠭᠤᠷᠠᠢ ᠭᠤᠭᠴᠤᠭ᠎ᠠ ᠤᠷᠤᠰᠢᠭᠰᠠᠭᠠᠷ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠡᠭᠦᠷᠭᠡ ᠪᠡᠷᠬᠡ ᠬᠠᠲᠠᠭᠤᠵᠢᠯᠲᠠᠢ ᠪᠠᠶᠢᠵᠦ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠪᠠᠰᠠ ᠨᠢᠭᠡᠳᠦᠯᠲᠡᠢ ᠲᠦᠯᠦᠪᠯᠡᠨ ᠬᠦᠴᠦᠯᠡᠬᠦ ᠴᠢᠬᠤᠯᠠᠲᠠᠢ︔ ᠵᠠᠰᠠᠭ ᠤᠨ ᠣᠷᠳᠣᠨ ᠤ ᠰᠢᠰᠲ᠋ᠧᠮ ᠤᠨ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠵᠤ᠂ ᠨᠢᠭᠡ ᠪᠦᠯᠦᠭ ᠺᠠᠳ᠋ᠷᠴᠤᠳ ᠤᠨ ᠭᠠᠪᠰᠢᠭᠠᠶᠢᠯᠠᠨ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠬᠦ ᠡᠷᠴᠢ ᠵᠤᠷᠢᠭ ᠳᠤᠲᠠᠮᠠᠭ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠳᠤ ᠪᠠᠰᠠ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠶᠢᠬᠤ ᠵᠡᠷᠭᠡ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠶ ᠴᠢᠩᠭ᠎ᠠ ᠠᠷᠭ᠎ᠠ ᠬᠡᠮᠵᠢᠶ᠎ᠡ ᠠᠪᠴᠤ᠂ ᠵᠣᠷᠪᠣᠰ ᠳᠠᠷᠠᠭᠠᠯᠠᠨ ᠰᠢᠢᠳᠪᠦᠷᠢᠯᠡᠬᠦ ᠴᠢᠬᠤᠯᠠᠲᠠᠢ᠃       ᠬᠤᠶᠠᠷ᠂ 2024 ᠣᠨ ᠤ ᠭᠤᠣᠯ ᠠᠵᠢᠯ        ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠦᠷᠢᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠲᠤᠭᠲᠠᠮᠵᠢ ᠶᠢ ᠴᠤᠭᠴᠠᠯᠠᠬᠤ ᠪᠠᠶᠢᠯᠳᠤᠬᠤ ᠪᠤᠳᠤᠯᠭ᠎ᠠ  ᠶᠢᠨ ᠠᠵᠠ ᠲᠤᠬᠢᠶᠠᠯ ᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠪᠠᠷ ᠬᠦᠲᠦᠯᠦᠨ ᠵᠢᠯᠤᠭᠤᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠨ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠨ᠂ ᠳᠤᠮᠳᠠ ᠡᠩᠨᠡᠭᠡ ᠳᠤ ᠤᠷᠤᠬᠤ ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠲᠠᠢ ᠵᠠᠯᠭᠠᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ᠂ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠬᠦᠯᠬᠦ ᠶᠢ ᠨᠢᠭᠡᠳᠦᠯᠲᠡᠢ ᠲᠦᠯᠦᠪᠯᠡᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠬᠡᠳᠦᠯᠳᠡᠢ ᠲᠦᠯᠦᠪᠯᠡᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨᠲᠦ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠳᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠦᠨᠡᠨ ᠪᠤᠳᠠᠳᠠᠢ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠯᠥᠨ ᠪᠤᠶᠢᠷ ᠤᠨ ᠦᠢᠯᠡᠳᠦᠯᠭᠡ ᠶᠢᠨ ᠰᠢᠨ᠎ᠡ ᠠᠶᠠᠨ ᠳᠤ ᠡᠷᠡᠯᠬᠡᠭᠯᠡᠨ ᠲᠡᠷᠢᠬᠦᠯᠡᠵᠦ᠂ ᠡᠷᠡᠮᠡᠬᠡᠶᠢᠯᠡᠨ ᠤᠷᠤᠭᠰᠢᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ