2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 5
ᠨᠡᠶᠢᠲᠡᠯᠡᠭᠰᠡᠨ ᠴᠠᠭ᠄
2024/2/7
       2024 ᠣᠨ ᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠪᠠᠷ ᠨᠡᠮᠡᠭᠳᠡᠬᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5.5% ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ  ᠯᠦᠭᠡ ᠦᠨᠳᠦᠰᠦᠨ ᠳᠡᠭᠡᠨ ᠵᠡᠷᠭᠡᠴᠡᠭᠦᠯᠦᠨ᠎ᠡ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠪᠦᠬᠦ ᠣᠷᠣᠨ ᠤ ᠲᠦᠪᠰᠢᠨ ᠠᠴᠠ ᠥᠨᠳᠥᠷ ᠪᠦᠭᠡᠳ ᠰᠠᠶᠢᠨ ᠪᠠᠶᠢᠯᠭᠠᠵᠤ᠂ ᠲᠡᠦᠬᠡ ᠶᠢᠨ ᠠᠳᠠᠯᠢ ᠬᠤᠭᠤᠴᠠᠭᠠᠨ ᠤ ᠬᠥᠭᠵᠢᠯᠲᠡ ᠶᠢᠨ ᠲᠦᠪᠰᠢᠨ ᠠᠴᠠ ᠳᠠᠪᠠᠭᠤᠯᠬᠤ ᠪᠠᠷ ᠴᠢᠷᠮᠠᠶᠢᠨ᠎ᠠ᠃        ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃        ︵ᠨᠢᠭᠡ︶ ᠳᠣᠲᠣᠭᠠᠳᠤ ᠬᠡᠷᠡᠭᠴᠡᠭᠡ ᠶᠢ ᠥᠷᠭᠡᠳᠬᠡᠨ ᠬᠥᠳᠡᠯᠭᠡᠭᠴᠢ ᠡᠨᠧᠷᠭᠢ ᠬᠤᠷᠠᠮᠳᠤᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠦᠷᠭᠦᠯᠵᠢᠯᠡᠨ ᠬᠦᠭᠵᠢᠭᠡᠵᠦ᠂ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠣᠶ ᠪᠤᠯᠭᠠᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠷᠬᠦᠯᠵᠢᠯᠡᠬᠦᠶᠢᠴᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃        ᠨᠢᠭᠡ ᠳᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠰᠠᠶᠢᠲᠤᠷ ᠠᠰᠢᠭᠯᠠᠨ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠰᠠᠭᠤᠷᠢᠯᠠᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠲᠣᠭᠤᠷᠢᠨ ᠳᠤ᠂ ᠵᠤᠷᠪᠤᠰ ᠳᠠᠷᠠᠭᠠᠯᠠᠨ ᠭᠦᠨᠵᠡᠭᠡᠢ ᠰᠤᠳᠤᠯᠵᠤ ᠨᠡᠪᠲᠡᠷᠡᠲᠡᠯ᠎ᠡ ᠤᠶᠢᠯᠠᠭᠠᠨ᠂ ᠰᠠᠨᠠᠭᠠᠴᠢᠯᠠᠭ᠎ᠠ ᠠᠴᠠ ᠪᠠᠨ ︽ᠣᠷᠣᠨ ᠳᠤ ᠬᠦᠷᠴᠦ ᠪᠡᠭᠡᠵᠢᠩ ᠣᠷᠣᠵᠤ︾᠂ ᠲᠥᠷᠥ ᠶᠢᠨ ᠪᠣᠳᠣᠯᠭ᠎ᠠ ᠤᠯᠬᠤ᠂ ᠲᠥᠷᠥᠯ ᠵᠦᠢᠯ ᠤᠯᠬᠤ᠂ ᠪᠡᠯᠡ ᠮᠥᠩᠭᠦ ᠤᠯᠬᠤ᠂ ᠲᠤᠷᠰᠢᠯᠲᠠ ᠶᠢᠨ ᠴᠡᠭ ᠤᠯᠬᠤ ︽ᠠᠬᠢᠭᠤᠯᠬᠤ ᠪᠠᠷ ᠴᠢᠷᠮᠠᠶᠢᠬᠤ ᠬᠦᠴᠢᠷᠳᠡᠯ ᠢ ᠰᠢᠢᠳᠪᠦᠷᠢᠯᠡᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠤᠰᠬᠠᠢ ᠵᠢᠭᠡᠯᠡᠯᠭᠡ ᠶᠢᠨ ᠲᠡᠮᠳᠡᠭᠲᠦ᠂ ᠴᠢᠬᠤᠯᠠ ᠶᠡᠭᠡ ᠲᠥᠷᠥᠯ ᠵᠦᠢᠯ᠂ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠤᠯᠤᠨ᠎ᠠ᠃ ᠲᠦᠷᠦᠯ ᠵᠦᠢᠯ ᠢ ᠤᠨᠤᠴᠠᠲᠠᠢ ᠰᠡᠲᠦᠵᠦ᠂ ᠳᠠᠪᠠᠭᠤᠯᠢᠭ ᠠᠵᠤ ᠦᠢᠯᠡᠰ᠂ ᠠᠮᠢ ᠠᠬᠤᠢ ᠶᠢᠨ ᠣᠷᠴᠢᠨ ᠬᠠᠮᠠᠭᠠᠯᠠᠯᠲᠠ᠂ ᠰᠠᠭᠤᠷᠢ ᠪᠡᠯᠡᠳᠬᠡᠮᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠡᠰ ᠤᠨ ᠭᠤᠣᠯᠳᠠᠯᠭ᠎ᠠ ᠲᠠᠢ 395 ᠲᠦᠷᠦᠯ ᠵᠦᠢᠯ ᠢ ᠬᠡᠷᠡᠭᠵᠢᠬᠦᠯᠬᠦ ᠪᠠᠷ ᠰᠡᠲᠦᠨ ᠲᠦᠰᠦᠪᠯᠡᠵᠦ᠂ ᠵᠢᠯ ᠳᠤ 317 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠨ᠎ᠡ᠃ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠪᠠᠨ ᠲᠦᠷᠭᠡᠳᠬᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠪᠠ ᠬᠤᠰᠢᠭᠤ ᠬᠤᠲᠠ ᠲᠣᠭᠤᠷᠢᠭ ᠤᠨ ︽ᠬᠤᠣᠰ ᠬᠠᠷᠢᠭᠤᠴᠠᠯᠭᠠᠲᠤ ᠭᠤᠣᠯ ᠴᠣᠭᠴᠠ︾ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠥᠪᠯᠡᠷᠡᠭᠦᠯᠦᠨ ᠬᠢᠨᠠᠨ ᠵᠥᠪᠰᠢᠶᠡᠷᠡᠬᠦ︾ ᠠᠵᠢᠯᠯᠠᠭ᠎ᠠ ᠦᠷᠨᠢᠬᠦᠯᠦᠨ᠂ ᠪᠡᠯᠡ ᠮᠥᠩᠭᠦ᠂ ᠭᠠᠵᠠᠷ ᠰᠢᠷᠣᠢ᠂ ᠤᠰᠤ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠶ ᠪᠦᠬᠦᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠳᠠᠭᠤᠰᠬᠠᠨ᠂ ᠪᠦᠬᠦ ᠵᠢᠯ ᠤᠨ ᠠᠵᠢᠯ ᠡᠬᠢᠯᠡᠬᠦᠯᠦᠨ ᠰᠡᠷᠭᠦᠭᠡᠬᠦ ᠨᠣᠷᠮ᠎ᠠ ᠪᠠ ᠪᠡᠯᠡ ᠣᠷᠣᠭᠤᠯᠤᠯᠲᠠ ᠶᠢ ᠪᠡᠶᠡᠯᠡᠬᠦᠯᠬᠦ ᠨᠣᠷᠮ᠎ᠠ ᠶᠢ 100% ᠳᠤ ᠬᠦᠷᠭᠡᠬᠦ ᠪᠠᠷ ᠴᠢᠷᠮᠠᠶᠢᠨ᠎ᠠ᠃        ᠬᠤᠶᠠᠷ ᠲᠤ ᠬᠤᠳᠠᠯᠳᠤᠭᠠᠴᠢᠨ ᠤᠷᠢᠬᠤ ᠳᠤ ᠠᠩᠬᠠᠷᠤᠯ ᠢᠶᠠᠨ ᠲᠦᠪᠯᠡᠷᠡᠭᠦᠯᠦᠨ ᠤᠨᠤᠴᠠᠲᠠᠢ ᠠᠳᠬᠤᠨ᠎ᠠ᠃ ᠤᠨᠤᠴᠠᠲᠠᠢ ᠬᠦᠴᠦᠯᠡᠬᠦ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠤᠷᠤᠨ᠂ ᠵᠡᠭᠦᠨ ᠬᠤᠶᠢᠲᠤ ᠶᠢᠨ ᠭᠤᠷᠪᠠᠨ ᠮᠤᠵᠢ᠂ ᠪᠦᠧᠧᠬᠠᠢ ᠲᠠᠩᠭᠢᠰ ᠢ ᠲᠣᠭᠤᠷᠢᠭᠰᠠᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠤᠨᠢᠯᠠᠬᠤ ᠶᠢ ᠪᠠᠷᠢᠮᠲᠠᠯᠠᠵᠦ᠂ ᠤᠯᠤᠰ ᠤᠨ ᠳᠤᠲᠤᠭᠠᠳᠤ ︵ᠣᠷᠣᠨ ᠤ ᠭᠠᠳᠠᠨᠠᠬᠢ︶ ᠶᠢᠨ ᠪᠡᠯᠡ ᠮᠥᠩᠭᠦ ᠶᠢ 219 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ ᠶᠢ 15% ᠠᠴᠠ ᠳᠠᠪᠠᠭᠤᠯᠬᠤ ᠪᠠᠷ ᠴᠢᠷᠮᠠᠶᠢᠨ᠎ᠠ᠃ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠨ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠬᠦᠯᠬᠦ᠂ ᠪᠤᠬᠢᠷᠳᠤᠯ ᠦᠭᠡᠢ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠵᠡᠷᠭᠡ ᠠᠵᠤ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠬᠡᠯᠬᠢᠶᠡᠰᠦ ᠶᠢ ᠤᠷᠲᠤᠳᠬᠠᠬᠤ ᠨᠦᠬᠦᠪᠦᠷᠢᠯᠡᠬᠦ ᠬᠦᠴᠦᠷᠬᠡᠭᠵᠢᠬᠦᠯᠬᠦ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠦᠢᠯᠡᠰ ᠤᠨ ᠡᠷᠴᠢᠮᠵᠢᠭᠦᠯᠦᠨ ᠪᠦᠭᠡᠮᠨᠡᠷᠡᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠦᠢᠯᠡᠴᠢᠯᠡᠭᠡ ᠪᠠᠷ ᠬᠤᠳᠠᠯᠳᠤᠭᠠᠴᠢᠨ ᠢ ᠠᠮᠤᠷᠵᠢᠭᠤᠯᠬᠤ ᠶᠢ ᠪᠠᠷᠢᠮᠲᠠᠯᠠᠵᠤ᠂ ᠤᠷᠢᠬᠤ ᠪᠠ ᠨᠠᠶᠢᠳᠠᠪᠤᠷᠢᠵᠢᠭᠤᠯᠬᠤ ᠶᠢ ᠨᠢᠭᠡ ᠴᠣᠭᠴᠠᠵᠢᠭᠤᠯᠬᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠦᠢᠯᠡᠴᠢᠯᠡᠬᠦ ᠶᠢ ᠪᠡᠶᠡᠯᠡᠭᠦᠯᠵᠦ᠂ ᠲᠦᠷᠦᠯ ᠵᠦᠢᠯ ᠢ ᠡᠷᠲᠡ ᠠᠵᠢᠯ ᠡᠬᠢᠯᠡᠬᠦᠯᠦᠨ ᠪᠠᠶᠢᠭᠤᠯᠵᠤ ᠡᠷᠲᠡᠬᠡᠨ ᠦᠢᠯᠡᠳᠪᠦᠷᠢᠯᠡᠯ ᠤᠨ ᠠᠰᠢᠭ ᠬᠦᠷᠲᠡᠬᠦ ᠶᠢ ᠬᠦᠴᠦᠯᠡᠨ ᠠᠬᠢᠭᠤᠯᠤᠨ᠎ᠠ᠃        ᠭᠤᠷᠪᠠ ᠳᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠳᠬᠤᠨ᠎ᠠ᠃ ᠵᠠᠰᠠᠭ ᠤᠨ ᠣᠷᠳᠣᠨ ᠬᠥᠲᠥᠯᠥᠨ ᠳᠠᠭᠠᠭᠤᠯᠤᠭᠰᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠬᠤᠯᠪᠤᠭᠠᠯᠠᠨ ᠬᠥᠳᠡᠯᠦᠯᠴᠡᠭᠰᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 400 ᠲᠠᠯᠠᠪᠤᠷ ᠠᠴᠠ ᠳᠡᠭᠡᠭᠰᠢ ᠥᠷᠨᠢᠭᠦᠯᠵᠦ᠂ ᠮᠠᠰᠢᠨ ᠲᠡᠷᠭᠡ᠂ ᠴᠢᠯᠠᠭᠤᠨ ᠲᠣᠰᠣ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠭᠦᠢᠯᠭᠡᠭᠡᠨ ᠶᠡᠬᠡᠳᠡᠢ ᠲᠠᠸᠠᠷ ᠤᠨ ᠬᠡᠷᠡᠭᠯᠡᠭᠡ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ᠂ ᠣᠨᠴᠠᠯᠢᠭᠲᠤ ᠵᠡᠭᠡᠯᠢ ᠲᠣᠭᠤᠷᠢᠭ᠂ ᠭᠤᠣᠯ ᠰᠡᠳᠦᠪᠲᠦ ᠰᠥᠨᠢ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ 10 ᠡᠷᠦᠬᠡ ᠰᠢᠨ᠎ᠡ ᠪᠠᠷ ᠨᠡᠮᠡᠭᠳᠡᠭᠦᠯᠵᠦ᠂ ᠣᠷᠣᠨ ᠪᠦᠰᠡ ᠶᠢᠨ ᠣᠨᠴᠠᠯᠢᠭᠲᠤ ᠭᠤᠣᠯ ᠰᠡᠳᠦᠪᠲᠦ ᠢᠳᠡᠭᠡᠨ ᠤᠮᠳᠠᠭᠠᠨ ᠤ ᠠᠵᠢᠯᠯᠠᠭ᠎ᠠ ᠥᠷᠨᠢᠭᠦᠯᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠥᠷᠥᠯ ᠲᠡᠮᠳᠡᠭᠲᠦ ᠶᠢᠨ ᠲᠦᠷᠦᠭᠦᠴᠢ ᠳᠡᠯᠭᠡᠭᠦᠷ᠂ ᠬᠤᠰᠢᠭᠤᠴᠢ ᠳᠡᠯᠭᠡᠭᠦᠷ ᠨᠡᠭᠡᠭᠡᠬᠦ ᠶᠢ ᠵᠣᠷᠢᠭᠵᠢᠭᠤᠯᠤᠨ᠂ ᠨᠠᠩ ᠣᠯᠠᠨ ᠬᠡᠷᠡᠭᠯᠡᠭᠡᠨ ᠤ ᠰᠢᠨ᠎ᠡ ᠨᠡᠮᠡᠭᠳᠡᠯ ᠴᠡᠭ ᠢ ᠪᠣᠶᠢᠵᠢᠭᠤᠯᠤᠨ᠎ᠠ᠃ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠭᠦᠢᠯᠭᠡᠭᠡᠨ ᠤ ᠲᠦᠪᠰᠢᠨ ᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ ᠢ ᠲᠡᠰ ᠳᠡᠪᠰᠢᠭᠦᠯᠦᠨ ᠰᠢᠨᠡᠳᠬᠡᠨ᠎ᠡ᠃ ᠬᠥᠯᠥᠨ ᠪᠤᠶᠢᠷ ᠤᠨ ᠤᠨᠴᠠ ᠭᠠᠷᠤᠯᠲᠠ ᠶᠢ ᠪᠦᠬᠦ ᠪᠦᠰᠡ ᠳᠤ ᠪᠤᠷᠤᠯᠠᠭᠤᠯᠬᠤ ᠶᠢ ᠠᠬᠢᠭᠤᠯᠵᠤ᠂ ᠬᠢᠯᠢ ᠶᠢᠨ ᠳᠤᠳᠤᠷᠠᠬᠢ ᠵᠢᠭᠤᠯᠴᠢᠯᠠᠯ ᠤᠨ ᠤᠯᠠᠭ᠎ᠠ ᠥᠷᠲᠡᠭᠡ᠂ ᠦᠵᠡᠮᠵᠢ ᠶᠢᠨ ᠭᠠᠵᠠᠷ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ ᠪᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠬᠡᠲᠦ ᠳᠡᠯᠭᠡᠭᠦᠷ ᠲᠤ ᠭᠠᠵᠠᠷ ᠤᠷᠤᠨ ᠤ ᠪᠦᠲᠦᠭᠡᠭᠳᠡᠬᠦᠨ ᠢᠶᠠᠨ ᠪᠦᠬᠦᠨ ᠢ ᠪᠦᠷᠬᠦᠬᠦᠯᠬᠦ ᠶᠢ ᠠᠭᠠᠵᠢᠮ ᠢᠶᠠᠷ ᠪᠡᠶᠡᠯᠡᠭᠦᠯᠦᠨ᠎ᠡ᠃ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠶᠢ ᠬᠥᠭᠵᠢᠭᠦᠯᠵᠦ᠂ ᠡᠯ᠎ᠡ ᠶᠡᠭᠡ ᠴᠠᠬᠢᠮ ᠬᠤᠳᠠᠯᠳᠤᠭᠠᠨ ᠤ ᠲᠠᠪᠴᠠᠩ ᠳᠤ ᠲᠤᠰᠬᠠᠢ ᠲᠤᠭᠤᠷᠢᠭ ᠪᠠᠶᠢᠭᠤᠯᠵᠤ᠂ ︽ᠬᠥᠯᠥᠨ ᠪᠤᠶᠢᠷ · ︿ᠰᠦᠯᠵᠢᠶᠡᠨ ᠠᠷᠠᠯᠵᠢᠶ᠎ᠠ﹀︾ ᠴᠠᠬᠢᠮ ᠬᠤᠳᠠᠯᠳᠤᠭᠠᠨ ᠤ ᠲᠦᠷᠦᠯ ᠳᠡᠮᠳᠡᠭᠲᠦ ᠶᠢᠨ ᠨᠦᠯᠦᠭᠡᠯᠡᠯ ᠢ ᠶᠡᠬᠡᠰᠬᠡᠵᠦ᠂ ᠬᠥᠯᠥᠨ ᠪᠤᠶᠢᠷ ᠤᠨ ᠰᠠᠶᠢᠨ ᠲᠠᠸᠠᠷ ᠢ ᠪᠥᠬᠦ ᠤᠯᠤᠰ ᠲᠤ ᠳᠡᠯᠭᠡᠷᠡᠭᠦᠯᠦᠨ᠎ᠡ᠃       ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠤᠨ ᠣᠨᠴᠠᠯᠢᠭ ᠢᠶᠠᠨ ᠴᠢᠩᠭᠠᠳᠬᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽4+5+N︾ ᠤ ᠪᠦᠬᠦᠯᠢ ᠴᠣᠭᠴᠠ ᠪᠠᠷ ᠠᠬᠢᠭᠤᠯᠬᠤ ᠲᠣᠭᠲᠠᠴᠠ ᠶᠢ ᠭᠦᠨᠵᠡᠭᠡᠶᠢᠷᠡᠬᠦᠯᠦᠨ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠡᠯᠢᠶᠡᠳ ᠴᠢᠩᠭ᠎ᠠ ᠥᠷᠢᠰᠦᠯᠳᠦᠭᠡᠨ ᠤ ᠳᠠᠪᠠᠭᠤᠯᠢᠭ ᠲᠠᠢ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠴᠤᠭᠴᠠᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ