2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 6
ᠨᠡᠶᠢᠲᠡᠯᠡᠭᠰᠡᠨ ᠴᠠᠭ᠄
2024/2/7
       ᠨᠢᠭᠡ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠠᠰᠢᠭ ᠢ ᠳᠡᠭᠡᠭᠰᠢᠯᠡᠬᠦᠯᠦᠨ ᠬᠥᠭᠵᠢᠭᠦᠯᠬᠦ ᠶᠢ ᠭᠦᠨᠵᠡᠭᠡᠢ ᠠᠬᠢᠭᠤᠯᠤᠨ᠎ᠠ᠃ ᠪᠦᠬᠦ ᠪᠦᠰᠡ ᠪᠦᠬᠦ ᠤᠯᠠᠷᠢᠯ ᠪᠦᠬᠦ ᠦᠢᠯᠡᠰ ᠤᠨ ᠬᠦᠭᠵᠢᠯᠲᠡ ᠶᠢᠨ ᠲᠦᠪᠰᠢᠨ ᠢ ᠳᠡᠭᠡᠭᠰᠢᠯᠡᠬᠦᠯᠵᠦ᠂ ᠪᠥᠬᠦ ᠬᠤᠲᠠ ᠶᠢᠨ ᠵᠤᠭᠠᠴᠠᠭᠰᠠᠳ ᠤᠨ ᠲᠤᠭ᠎ᠠ ᠪᠠ ᠣᠷᠣᠯᠭ᠎ᠠ ᠶᠢ ᠲᠣᠰ ᠪᠦᠷᠢ 8%᠂ 13% ᠪᠠᠷ ᠨᠡᠮᠡᠭᠳᠡᠬᠦᠯᠦᠨ᠎ᠡ᠃ ︽ᠰᠢᠨ᠎ᠡ ᠶᠢ ᠡᠭᠦᠳᠬᠦ ᠪᠠᠷ ᠪᠠᠶᠢᠭᠤᠯᠤᠯᠳᠠ ᠶᠢ ᠠᠬᠢᠭᠤᠯᠬᠤ᠂ ᠲᠥᠷᠥᠯ ᠲᠡᠮᠳᠡᠭᠲᠦ ᠪᠠᠷ ᠵᠢᠱᠢᠶ᠎ᠡ ᠦᠵᠡᠭᠦᠯᠬᠦ︾ ᠭᠤᠷᠪᠠᠨ ᠵᠢᠯ ᠤᠨ ᠠᠵᠢᠯᠯᠠᠭᠠᠨ ᠪᠠ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠪᠠ ᠮᠤᠷᠳᠠᠭ᠎ᠠ ᠤᠯᠤᠰ ᠤᠨ ᠲᠠᠰ ᠤᠨ ᠵᠤᠭᠠᠴᠠᠯ ᠠᠮᠠᠷᠠᠯᠲᠠ ᠶᠢᠨ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠣᠷᠴᠣᠨ ᠬᠤᠰᠢᠭᠤᠨ ᠤ ᠳ᠋ᠠᠶᠠᠩᠱᠦ ᠶᠢᠨ ᠳ᠋ᠤᠪᠺᠦ᠋ᠷ ᠠᠩᠴᠢᠨ ᠤ ᠲᠣᠰᠬᠤᠨ ᠵᠡᠷᠭᠡ 4 ᠦᠵᠡᠮᠵᠢ ᠶᠢᠨ ᠣᠷᠣᠨ ᠤ 3A ᠳᠡᠰ ᠤᠨ ᠡᠭᠦᠳᠦᠨ ᠪᠠᠶᠢᠭᠤᠯᠤᠯᠳᠠ ᠶᠢ ᠠᠬᠢᠭᠤᠯᠵᠤ᠂ ᠰᠠᠷᠠᠭᠤᠯ ᠲᠠᠯ᠎ᠠ ᠰᠠᠬᠤᠯᠠᠭ ᠤᠢ ᠶᠢᠨ ᠵᠢᠭᠤᠯᠴᠢᠯᠠᠯ ᠤᠨ ᠲᠣᠭᠤᠷᠢᠯ ᠵᠠᠮ ᠢ 176 ᠺᠢᠯᠤᠮᠧᠲᠷ ᠠᠵᠢᠯ ᠡᠬᠢᠯᠡᠬᠦᠯᠦᠨ ᠪᠠᠶᠢᠭᠤᠯᠤᠨ᠎ᠠ᠃ ᠢᠵᠢ ᠲᠦᠬᠦᠷ ᠦᠢᠯᠡᠴᠢᠯᠡᠭᠡ ᠶᠢ ᠰᠢᠯᠢᠳᠡᠭᠵᠢᠭᠦᠯᠦᠨ᠂ ᠶᠠᠭᠰᠢ ᠬᠤᠳᠠ ᠶᠢᠨ ᠮᠦᠸᠧ ᠭᠤᠸᠠᠢ ᠲᠠᠷᠢᠶᠠᠯᠠᠩ ᠤᠨ ᠲᠠᠯᠠᠪᠠᠢ ᠵᠡᠷᠭᠡ ᠦᠪᠡᠰᠦᠪᠡᠨ ᠲᠡᠷᠭᠡ ᠵᠢᠯᠤᠭᠤᠳᠴᠤ ᠵᠤᠭᠠᠴᠠᠬᠤ ᠲᠡᠷᠭᠡᠨ ᠤ ᠪᠠᠭᠤᠴᠠ ᠶᠢ 4 ᠪᠠᠶᠢᠭᠤᠯᠵᠤ᠂ ᠶᠡᠭᠡ ᠬᠢᠩᠭᠠᠨ ᠳᠠᠪᠠᠭᠠᠨ ᠤ ᠵᠢᠭᠤᠯᠴᠢᠯᠠᠯ ᠤᠨ ᠦᠵᠡᠮᠵᠢᠲᠦ ᠵᠠᠮ᠂ ᠬᠠᠮᠤᠭ ᠤᠨ ᠭᠤᠶᠤ 331 ᠱᠤᠭᠤᠮ ᠤᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠬᠦᠯᠦᠨ᠎ᠡ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠳᠤᠲᠠᠭᠤᠳᠠᠯ ᠢ ᠨᠥᠬᠦᠪᠦᠷᠢᠯᠡᠵᠦ᠂ ︽ᠠᠷᠪᠠᠨ ᠳᠦᠷᠪᠡᠳᠦᠭᠡᠷ ᠡᠪᠦᠯ︾ ᠤᠨ ᠨᠦᠯᠦᠭᠡᠯᠡᠯ ᠢ ᠶᠡᠬᠡᠰᠬᠡᠵᠦ᠂ ᠬᠥᠯᠥᠨ ᠪᠤᠶᠢᠷ ᠤᠨ ᠮᠥᠰᠥ ᠴᠠᠰᠤᠨ ᠤ ᠡᠳᠦᠷᠯᠢᠭ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠬᠥᠯᠥᠨ ᠪᠤᠶᠢᠷ ᠤᠨ ᠮᠥᠰᠥ ᠴᠠᠰᠤᠨ ᠤ ᠵᠤᠭᠠᠴᠠᠯ ᠤᠨ ᠠᠰᠢᠭᠲᠠᠢ ᠪᠠᠶᠢᠳᠠᠯ ᠢ ᠠᠮᠵᠢᠨ ︽ᠰᠢᠪᠲᠤᠯᠤᠯᠲᠠ ᠭᠠᠷᠭᠠᠬᠤ︾ ᠶᠢ ᠠᠬᠢᠭᠤᠯᠤᠨ᠎ᠠ᠃ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠶ ᠰᠢᠭᠤᠢ ᠶᠢᠨ ᠡᠷᠡᠭᠦᠯᠵᠢᠯ ᠰᠤᠪᠢᠯᠠᠯᠲᠠ᠂ ᠦᠪᠡᠰᠦᠪᠡᠨ ᠲᠡᠷᠭᠡ ᠵᠢᠯᠤᠭᠤᠳᠴᠤ ᠵᠤᠭᠠᠴᠠᠬᠤ᠂ ᠬᠢᠯᠢ ᠳᠤ ᠣᠷᠣᠵᠤ ᠰᠤᠳᠤᠯᠤᠨ ᠰᠤᠷᠤᠯᠴᠠᠬᠤ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠴᠤᠭᠴᠠᠯᠠᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠠᠭᠠᠯᠳᠤᠯᠭ᠎ᠠ ᠶᠢ ᠲᠦᠷᠭᠡᠨ ᠰᠢᠢᠳᠪᠦᠷᠢᠯᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ᠨᠠᠩ ᠰᠠᠨᠠᠭ᠎ᠠ ᠠᠮᠤᠷ᠂ ᠲᠠᠭᠠᠯᠠᠮᠵᠢᠲᠠᠢ᠂ ᠳᠤᠲᠤᠨᠤᠰᠤᠭ ᠵᠢᠭᠤᠯᠴᠢᠯᠠᠯ ᠤᠨ ᠣᠷᠴᠢᠨ ᠲᠣᠭᠤᠷᠢᠨ ᠢ ᠡᠭᠦᠳᠴᠦ᠂ ᠬᠥᠯᠥᠨ ᠪᠤᠶᠢᠷ ᠤᠨ ᠵᠢᠭᠤᠯᠴᠢᠯᠠᠯ ᠤᠨ ᠠᠯᠲᠠᠨ ᠦᠰᠦᠭᠲᠦ ᠲᠦᠷᠦᠯ ᠲᠡᠮᠳᠡᠭ ᠢ ᠦᠷᠭᠦᠯᠵᠢᠯᠡᠨ ᠪᠠᠬᠢᠵᠢᠬᠦᠯᠦᠨ ᠦᠷᠭᠡᠳᠬᠡᠨ᠎ᠡ᠃       ᠬᠤᠶᠠᠷ ᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ ᠨᠡᠮᠡᠭᠳᠡᠬᠦᠯᠵᠦ ᠴᠢᠨᠠᠷ ᠢ ᠳᠡᠭᠡᠭᠰᠢᠯᠡᠬᠦᠯᠦᠨ ᠬᠦᠭᠵᠢᠬᠦᠯᠬᠦ ᠶᠢ ᠭᠦᠨᠵᠡᠭᠡᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠪᠠᠲᠤᠲᠠᠢ ᠡᠭᠦᠷᠭᠡᠯᠡᠨ᠂ ᠠᠮᠤ ᠪᠤᠳᠠᠭᠠᠨ ᠤ ᠤᠨᠠᠯᠲᠠ ᠶᠢ 120 ᠳ᠋ᠦᠩᠰᠢᠭᠤᠷ ᠵᠢᠩ ᠠᠴᠠ ᠳᠡᠭᠡᠭᠰᠢ ᠳᠤ ᠲᠤᠭᠲᠠᠪᠤᠷᠢᠵᠢᠭᠤᠯᠵᠤ᠂ ᠰᠢᠷ᠎ᠠ ᠪᠤᠷᠴᠠᠭ᠂ ᠰᠢᠯᠢᠮᠳᠡᠭ ᠤᠨ ᠨᠢᠭᠡᠴᠢ ᠲᠠᠯᠠᠪᠠᠶ ᠶᠢᠨ ᠤᠨᠠᠯᠲᠠ ᠶᠢ ᠲᠣᠰ ᠪᠦᠷᠢ 5% ᠪᠠ 3% ᠪᠠᠷ ᠨᠡᠮᠡᠭᠳᠡᠬᠦᠯᠵᠦ᠂ ᠮᠢᠬ᠎ᠠ᠂ ᠰᠦᠨ ᠤ ᠶᠡᠷᠦᠩᠬᠡᠢ ᠭᠠᠷᠤᠯᠳᠠ ᠶᠢ ᠲᠣᠰ ᠪᠦᠷᠢ 27 ᠲᠦᠮᠡᠨ ᠲᠣᠨ ᠪᠠ 85 ᠲᠦᠮᠡᠨ ᠲᠣᠨ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ 150 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ 1026 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠨ᠂ ᠲᠥᠬᠦᠭᠡᠷᠦᠮᠵᠢᠲᠦ ᠲᠠᠷᠢᠶᠠᠯᠠᠩ ᠢ 1.5 ᠲᠦᠮᠡᠨ ᠮᠦ ᠳᠤ ᠬᠦᠷᠭᠡᠵᠦ᠂ ᠲᠡᠵᠢᠭᠡᠯ ᠡᠪᠡᠰᠦ ᠶᠢ 100 ᠲᠦᠮᠡᠨ ᠮᠦ ᠳᠤ ᠲᠣᠭᠲᠠᠪᠤᠷᠢᠵᠢᠭᠤᠯᠤᠨ᠎ᠠ︔ ᠥᠨᠳᠥᠷ ᠤᠨᠠᠯᠲᠠᠲᠤ ᠴᠢᠨᠠᠷ ᠰᠠᠶᠢᠲᠠᠢ ᠰᠢᠷ᠎ᠠ ᠪᠤᠷᠴᠠᠭ ᠤᠨ ᠰᠢᠨ᠎ᠡ ᠦᠷ᠎ᠡ ᠡᠭᠦᠯᠳᠡᠷ ᠢ 1—4 ᠰᠣᠩᠭᠤᠨ ᠪᠣᠶᠢᠵᠢᠭᠤᠯᠵᠤ᠂ ᠦᠷ᠎ᠡ ᠶᠢᠨ ᠲᠥᠮᠥᠰᠥ ᠶᠢᠨ ᠰᠠᠶᠢᠨ ᠦᠷ᠎ᠡ ᠡᠭᠦᠯᠳᠡᠷ ᠢ ᠲᠠᠷᠢᠵᠤ ᠦᠷᠡᠵᠢᠬᠦᠯᠬᠦ ᠲᠠᠯᠠᠪᠠᠶ ᠶᠢ 9 ᠲᠦᠮᠡᠨ ᠮᠦ ᠠᠴᠠ ᠳᠡᠭᠡᠭᠰᠢ ᠳᠤ ᠬᠦᠷᠭᠡᠵᠦ᠂ ᠲᠠᠯ᠎ᠠ ᠨᠤᠲᠤᠭ ᠤᠨ ᠣᠬᠤᠷ ᠰᠡᠭᠦᠯᠲᠦ ᠬᠤᠨᠢ ᠪᠠ ᠰᠢᠯᠢᠳᠡᠭ ᠭᠤᠷᠪᠠᠨ ᠭᠤᠣᠯ ᠦᠬᠡᠷ ᠤᠨ ᠡᠭᠦᠯᠳᠡᠷ ᠤᠨ ᠬᠡᠪᠴᠢᠶᠡᠵᠢᠯ ᠢ ᠥᠷᠭᠡᠳᠬᠡᠨ᠎ᠡ᠃ ᠠᠵᠤ ᠦᠶᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ᠂ ᠱᠧᠩ ᠲᠦᠩ ᠰᠢᠬᠢᠷ ᠤᠨ ᠦᠢᠯᠡᠰ ᠵᠡᠷᠭᠡ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠤᠭᠤᠳᠠᠢ ᠶᠢᠨ ᠲᠤᠰᠬᠠᠢ ᠬᠡᠷᠡᠭᠯᠡᠭᠡᠨ ᠤ ᠨᠣᠨᠳᠠᠭ ᠡᠳ᠋ᠰᠢᠭᠦᠯᠬᠦ᠂ ᠸᠦ᠋ ᠹᠧᠩ ᠤᠨ ᠰᠢᠷ᠎ᠠ ᠪᠤᠷᠴᠠᠭ ᠢ ᠨᠠᠷᠢᠯᠢᠭ ᠡᠳ᠋ᠰᠢᠭᠦᠯᠬᠦ ᠵᠢᠴᠢ ᠬᠤᠷᠢᠶᠠᠨ ᠨᠥᠭᠡᠴᠡᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠢᠯᠢ ᠦᠢᠯᠡᠳᠪᠦᠷᠢᠯᠡᠯ ᠤᠨ ᠱᠤᠭᠤᠮ ᠤᠨ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠂ ᠣᠷᠣᠨ ᠨᠤᠲᠤᠭ ᠤᠨ ᠤᠨᠴᠠᠯᠢᠭᠲᠤ ᠴᠠᠭᠠᠨ ᠢᠳᠡᠭᠡᠨ ᠤ ᠪᠦᠲᠦᠭᠡᠭᠳᠡᠬᠦᠨ ᠤ ᠲᠠᠰ ᠳᠡᠪᠰᠢᠬᠦ ᠶᠢ ᠲᠦᠷᠭᠡᠳᠬᠡᠵᠦ᠂ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠯᠠᠷᠢᠭᠤᠯᠬᠤ ᠨᠣᠷᠮ᠎ᠠ ᠶᠢ 74% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠰᠢᠨ᠎ᠡ ᠮᠠᠶ᠋ᠢᠭ ᠤᠨ ᠭᠤᠣᠯ ᠴᠣᠭᠴᠠ ᠶᠢ ᠪᠤᠶᠢᠵᠢᠭᠤᠯᠵᠤ᠂ ᠵᠢᠱᠢᠶ᠎ᠡ ᠦᠵᠡᠭᠦᠯᠬᠦ ᠬᠤᠷᠰᠢᠶ᠎ᠠ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠣᠰ ᠪᠦᠷᠢ 620 ᠪᠠ 800 ᠡᠷᠦᠬᠡ ᠠᠴᠠ ᠳᠡᠭᠡᠭᠰᠢ ᠳᠤ ᠬᠦᠷᠭᠡᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 1200 ᠪᠣᠯᠭᠠᠨ᠎ᠠ᠃ ᠲᠥᠷᠥᠯ ᠲᠡᠮᠳᠡᠭᠲᠦ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠦᠷᠭᠦᠯᠵᠢᠯᠡᠨ 300 ᠠᠴᠠ ᠳᠡᠭᠡᠭᠰᠢ ᠡᠭᠦᠳᠦᠨ ᠬᠦᠴᠦᠷᠬᠡᠭᠵᠢᠭᠦᠯᠦᠨ᠎ᠡ᠃       ᠭᠤᠷᠪᠠ ᠳᠤ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠬᠦᠯᠵᠦ ᠪᠦᠭᠡᠮᠨᠡᠷᠡᠬᠦᠯᠦᠨ ᠬᠦᠭᠵᠢᠬᠦᠯᠬᠦ ᠶᠢ ᠭᠦᠨᠵᠡᠭᠡᠢ ᠠᠬᠢᠭᠤᠯᠤᠨ᠎ᠠ᠃ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠹᠦ᠋ ᠹᠧᠩ ᠤᠨ 50 ᠲᠦᠮᠡᠨ ᠲᠣᠨ ᠤ ᠰᠢᠪᠲᠦᠷᠲᠦ ᠬᠦᠴᠢᠯ᠂ ᠴᠢ ᠯᠦ 500 ᠲᠣᠨ ᠤ ᠡᠲ᠋ᠢᠯ ᠣᠯᠠᠨᠴᠢ ᠪᠠᠺᠲ᠋ᠧᠷᠢ ᠠᠯᠠᠬᠤ ᠡᠳ᠋᠂ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠵᠡᠷᠭᠡ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠣᠨᠴᠠᠯᠢᠭᠲᠤ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠵᠦ᠂ ᠭᠡᠭᠡᠨ ᠭᠤᠣᠯ ᠬᠤᠲᠠ ᠶᠢᠨ ᠬᠠᠬᠢᠷ ᠬᠦᠢᠲᠡᠨ ᠳᠤ ᠠᠭᠠᠷ ᠤᠨ ᠨᠢᠰᠦᠭᠦᠷ ᠢ ᠲᠤᠷᠰᠢᠬᠤ ᠰᠠᠭᠤᠷᠢᠨ ᠭᠠᠵᠠᠷ ᠢ ᠪᠠᠶᠢᠭᠤᠯᠵᠤ᠂ ᠶᠠᠭᠰᠢ ᠶᠢᠨ ᠡᠪᠦᠯ ᠤᠨ ᠤᠯᠠᠷᠢᠯ ᠤᠨ ᠮᠠᠰᠢᠨ ᠲᠡᠷᠭᠡ ᠲᠤᠷᠰᠢᠵᠦ ᠪᠠᠶᠢᠴᠠᠭᠠᠨ ᠰᠢᠯᠭᠠᠬᠤ ᠠᠵᠤ ᠦᠢᠯᠡᠰ ᠤᠨ ᠬᠡᠯᠬᠢᠶ᠎ᠡ ᠶᠢᠨ ᠬᠠᠳᠠᠭᠠᠯᠠᠯᠲᠠ ᠶᠢ ᠳᠡᠭᠡᠭᠰᠢᠯᠡᠭᠦᠯᠦᠨ᠂ ᠲᠤᠰᠬᠠᠢ ᠲᠥᠷᠥᠯ ᠤᠨ ᠮᠠᠰᠢᠨ ᠲᠡᠷᠭᠡ᠂ ᠰᠢᠨ᠎ᠡ ᠡᠨᠧᠷᠬᠢᠲᠦ ᠮᠠᠰᠢᠨ ᠲᠡᠷᠭᠡ ᠵᠡᠷᠭᠡ ᠶᠢ ᠲᠤᠷᠰᠢᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ︔ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠲᠤᠷᠰᠢᠨ ᠨᠢᠰᠬᠦ ᠲᠥᠪ ᠤᠨ ᠲᠤᠰᠬᠠᠢ ᠬᠠᠮᠲᠤᠷᠠᠯᠴᠠᠭ᠎ᠠ ᠶᠢ ᠠᠬᠢᠭᠤᠯᠤᠨ᠂ ᠨᠢᠰᠬᠡᠯ ᠤᠨ ᠪᠠᠭᠤᠳᠠᠯ ᠤᠨ ᠲᠤᠭᠤᠷᠢᠨ ᠳᠠᠬᠢ ᠠᠵᠤ ᠦᠢᠯᠡᠰ ᠤᠨ ᠬᠡᠪᠴᠢᠶᠡᠵᠢᠯ ᠢ ᠪᠤᠵᠠᠭᠠᠶᠢᠷᠠᠭᠤᠯᠤᠨ᠎ᠠ᠃ ᠬᠡᠯᠬᠢᠶᠡᠰᠦᠯᠡᠯ ᠰᠡᠳᠬᠢᠬᠦᠢ ᠪᠠᠷ ᠰᠠᠯᠬᠢ ᠬᠡᠷᠡᠯ ᠤᠰᠤᠲᠥ᠋ᠷᠥᠭᠴᠢ ᠨᠦᠭᠡᠴᠡᠯᠡᠬᠦ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠮᠠᠨᠵᠤᠤᠷ ᠤᠨ ᠪᠣᠬᠢᠷᠲᠤᠯ ᠦᠭᠡᠢ ᠴᠠᠬᠢᠯᠭᠠᠨ ᠬᠠᠩᠭᠠᠯᠭ᠎ᠠ ᠶᠢ ᠠᠮᠢᠳᠤᠯᠢᠭ ᠬᠡᠷᠡᠭᠯᠡᠬᠦ᠂ ᠠᠷᠤᠨ ᠬᠤᠰᠢᠭᠤᠨ ᠤ ᠬᠤᠸᠠ ᠨᠧᠩ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠢᠮᠦ᠋ ᠲᠣᠭᠲᠠᠮᠠᠯ ᠭᠦᠶᠦᠳᠡᠯᠳᠦ ᠭᠠᠳᠠᠭᠰᠢ ᠳᠠᠮᠵᠢᠭᠤᠯᠭ᠎ᠠ ᠶᠢᠨ ᠬᠤᠶᠠᠳᠤᠭᠠᠷ ᠬᠤᠭᠤᠴᠠᠭᠠᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠭᠦᠸᠧ ᠨᠧᠩ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠮᠤᠷᠢᠨᠳᠠᠪᠠᠭ᠎ᠠ ᠬᠤᠰᠢᠭᠤᠨ ᠤ 60 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠮᠧᠩ ᠨᠧᠩ ᠤᠨ ᠵᠠᠯᠠᠨ ᠠᠶᠢᠯ ᠤᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ ᠪᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠮᠠᠯ ᠠᠵᠤ ᠠᠬᠤᠢ ᠬᠡᠷᠡᠯ ᠢ ᠬᠠᠷᠢᠯᠴᠠᠨ ᠨᠥᠬᠦᠪᠦᠷᠢᠯᠡᠬᠦ ᠰᠢᠨ᠎ᠡ ᠡᠨᠧᠷᠭᠢ ᠶᠢ ᠤᠯᠠᠷᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠶᠠᠭᠰᠢ ᠬᠤᠲᠠ ᠪᠠ ᠣᠷᠴᠣᠨ ᠬᠤᠰᠢᠭᠤᠨ ᠤ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢ ᠤᠯᠤᠰ ᠤᠨ ᠲᠤᠰᠬᠠᠢ ᠲᠦᠯᠦᠪᠵᠢᠬᠦᠯᠭᠡ ᠳᠤ ᠤᠷᠤᠭᠤᠯᠬᠤ ᠶᠢ ᠠᠬᠢᠭᠤᠯᠵᠤ᠂ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠨᠠᠷ ᠰᠠᠶᠢᠲᠠᠢ ᠠᠬᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠬᠦᠴᠦᠷᠬᠡᠭᠵᠢᠬᠦ ᠶᠢ ᠠᠬᠢᠭᠤᠯᠤᠨ᠎ᠠ᠃        ᠳᠥᠷᠪᠡ ᠳᠤ ᠠᠮᠢ ᠠᠬᠤᠢ ᠶᠢᠨ ᠠᠵᠤ ᠦᠢᠯᠡᠰ ᠢ ᠴᠠᠭ ᠲᠤᠬᠢᠶᠠᠯ ᠠᠮᠵᠢᠨ ᠬᠦᠭᠵᠢᠬᠦᠯᠬᠦ ᠶᠢ ᠭᠦᠨᠵᠡᠭᠡᠢ ᠠᠬᠢᠭᠤᠯᠤᠨ᠎ᠠ᠃ ᠥᠷᠲᠡᠭ ᠤᠨ ᠤᠯᠠᠷᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠲᠤᠷᠰᠢᠯᠲᠠ  ᠶᠢᠨ ᠴᠡᠭ ᠢ ᠡᠭᠦᠳᠦᠨ ᠪᠠᠶᠢᠭᠤᠯᠵᠤ᠂ ︽ᠪᠠᠶᠢᠭᠠᠯᠢ ᠶᠢᠨ ᠡᠭᠦᠰᠦᠮᠡᠯ ᠣᠶ ᠶᠢ ᠰᠡᠷᠭᠦᠭᠡᠬᠦ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠤᠨ ᠠᠷᠭ᠎ᠠ ᠶᠢᠨ ᠤᠬᠠᠭᠠᠨ︾ ᠢ ᠤᠯᠤᠰ ᠤᠨ ᠨᠡᠶᠢᠲᠡᠯᠡᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠡᠷᠭᠦᠨ᠎ᠡ ᠬᠤᠲᠠ ᠵᠡᠷᠭᠡ 4 ᠬᠤᠰᠢᠭᠤ ᠰᠢᠶᠠᠨ ᠤ ᠱᠠᠲᠤᠨ ᠤ ᠣᠶ ᠰᠢᠭᠤᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠥᠷᠲᠡᠭ ᠢ ᠪᠡᠶᠡᠯᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ 1300 ᠮᠦ ᠨᠡᠭᠦᠷᠡᠰᠦᠲᠥ᠋ᠷᠥᠭᠴᠢ ᠬᠤᠷᠠᠭᠤᠯᠬᠤ ᠣᠶᠢᠵᠢᠭᠤᠯᠤᠯᠲᠠ ᠶᠢ ᠬᠡᠷᠡᠭᠵᠢᠬᠦᠯᠦᠨ᠎ᠡ᠃ ᠠᠵᠤ ᠦᠢᠯᠡᠰ ᠢᠶᠠᠷ ᠳᠠᠶᠢᠴᠢᠯᠠᠬᠤ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠬᠢᠶᠠᠭ ᠡᠪᠡᠰᠦᠨ ᠤ ᠦᠷ᠎ᠡ ᠶᠢ ᠲᠠᠷᠢᠵᠦ ᠦᠷᠡᠵᠢᠬᠦᠯᠬᠦ ᠰᠠᠭᠤᠷᠢᠨ ᠭᠠᠵᠠᠷ ᠢ 4.4 ᠲᠦᠮᠡᠨ ᠮᠦ ᠳᠤ ᠬᠦᠷᠭᠡᠬᠦ ᠪᠠᠷ ᠴᠢᠷᠮᠠᠶᠢᠵᠤ᠂ ᠡᠪᠡᠰᠦ ᠪᠣᠷᠳᠣᠭᠠᠨ ᠤ ᠮᠥᠬᠦᠯᠢᠭ ᠡᠳ᠋ᠰᠢᠭᠦᠯᠬᠦ ᠦᠢᠯᠡᠳᠪᠦᠷᠢ᠂ ᠲᠡᠵᠢᠭᠡᠯ ᠡᠪᠡᠰᠦᠨ ᠤ ᠬᠥᠮᠥᠷᠭᠡ᠂ ᠲᠡᠵᠢᠭᠡᠯ ᠡᠪᠡᠰᠦᠨ ᠤ ᠪᠠᠩᠬᠢ᠂ ᠡᠪᠡᠰᠦᠨ ᠦᠷ᠎ᠡ ᠰᠣᠩᠭᠤᠨ ᠪᠣᠶᠢᠵᠢᠭᠤᠯᠬᠤ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠲᠡᠵᠢᠭᠡᠯ ᠡᠪᠡᠰᠦᠨ ᠤ ᠦᠢᠯᠡᠰ ᠤᠨ ᠦᠢᠯᠡᠳᠬᠦᠨ ᠤ ᠥᠷᠲᠡᠭ ᠢ ᠦᠨᠡᠨᠬᠦ ᠳᠡᠭᠡᠭᠰᠢᠯᠡᠭᠦᠯᠦᠨ᠎ᠡ︔ ᠢᠳᠡᠭᠡᠨ ᠤ ᠮᠥᠭᠦ᠂ ᠬᠢᠲᠠᠳ ᠡᠪᠡᠰᠦᠨ ᠡᠮ ᠵᠡᠷᠭᠡ ᠤᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠣᠶᠢᠵᠢᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ