2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 7
ᠨᠡᠶᠢᠲᠡᠯᠡᠭᠰᠡᠨ ᠴᠠᠭ᠄
2024/2/7
       ᠲᠠᠪᠤ ᠳᠤ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠦᠨ ᠬᠦᠭᠵᠢᠬᠦᠯᠬᠦ ᠶᠢ ᠭᠦᠨᠵᠡᠭᠡᠢ ᠠᠬᠢᠭᠤᠯᠤᠨ᠎ᠠ᠃ ᠡᠨᠧᠷᠭᠢ ᠶᠢᠨ ᠡᠬᠢ ᠪᠠᠶᠠᠯᠢᠭ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠪᠠᠲᠤᠯᠠᠬᠤ ᠶᠢ ᠴᠢᠩᠭᠠᠷᠠᠭᠤᠯᠵᠤ᠂ ᠵᠠᠯᠠᠶᠢᠨᠠᠭᠤᠷ ᠤᠨ 2×35 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠡᠭᠦᠷᠡᠰᠦᠨ ᠤ ᠭᠠᠷᠤᠯᠲᠠ ᠶᠢ 1.09 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ 5 ᠳ᠋ᠦᠩᠰᠢᠭᠤᠷ ᠭᠷᠡᠳᠦ᠋ᠰ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠥᠭᠵᠢᠯᠲᠡ ᠶᠢᠨ ᠲᠠᠪᠴᠠᠩ ᠢ ᠪᠠᠲᠤ ᠪᠠᠬᠢ ᠪᠠᠶᠢᠭᠤᠯᠵᠤ᠂ ᠮᠠᠨᠵᠤᠤᠷ ᠬᠤᠲᠠ᠂ ᠠᠷᠤᠨ ᠬᠤᠰᠢᠭᠤᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠤᠶᠤᠴᠢᠯᠠᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠭᠰᠡᠨ ᠨᠡᠭᠡᠭᠡᠯᠲᠡ ᠶᠢᠨ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠭᠡᠨ ᠤ ᠭᠠᠵᠠᠷ ᠤᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠬᠤᠳᠠᠯᠳᠤᠬᠤ ᠬᠠᠷᠢᠴᠠᠯ ᠢ 100% ᠳᠤ ᠬᠦᠷᠭᠡᠬᠦ ᠶᠢ ᠦᠨᠡᠨᠬᠦ ᠪᠠᠲᠤᠯᠠᠨ᠎ᠠ᠃ ᠮᠡᠷᠭᠡᠵᠢᠯ ᠢ ᠰᠢᠨᠡᠳᠬᠡᠨ ᠳᠡᠰ ᠳᠡᠪᠰᠢᠭᠦᠯᠬᠦ ᠶᠢ ᠲᠦᠷᠭᠡᠳᠬᠡᠨ᠂ ᠰᠢᠵᠢᠷ ᠠᠯᠲᠠ ᠪᠦᠯᠦᠭᠯᠡᠯ ᠤᠨ ᠵᠡᠰ ᠪᠠᠭᠠᠲᠠᠢ ᠬᠠᠶᠠᠭᠳᠠᠮᠠᠯ ᠴᠢᠯᠠᠭᠤ ᠶᠢᠨ ᠡᠬᠢ ᠪᠠᠶᠠᠯᠢᠭ ᠢ ᠶᠡᠷᠦᠩᠬᠡᠶᠢᠯᠡᠨ ᠡᠭᠡᠭᠦᠯᠦᠨ ᠬᠤᠷᠢᠶᠠᠵᠤ ᠠᠰᠢᠭᠯᠠᠬᠤ᠂ ᠭᠦᠸᠧ ᠨᠧᠩ ᠤᠨ ᠪᠤᠷᠤᠰᠢᠯᠢ ᠶᠢᠨ ᠬᠦᠷᠲᠦᠲᠦ ᠤᠳᠬᠤᠭᠤᠷ ᠤᠨ ᠨᠡᠭᠦᠷᠡᠰᠦ ᠮᠠᠯᠲᠠᠬᠤ ᠰᠢᠰᠲ᠋ᠧᠮ ᠵᠡᠷᠭᠡ 23 ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠬᠦᠯᠵᠦ᠂ 13.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢ 2 ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠤᠯᠠᠮᠵᠢᠯᠠᠯᠲᠤ ᠠᠵᠤ ᠦᠢᠯᠡᠰ ᠤᠨ ︽ᠦᠵᠢᠷᠡᠭᠰᠡᠨ ᠮᠣᠳᠣᠨ ᠤ ᠰᠢᠨ᠎ᠡ ᠰᠣᠶᠣᠭᠠᠯᠠᠯ︾ ᠢ ᠠᠬᠢᠭᠤᠯᠤᠨ᠎ᠠ᠃        ︵ᠭᠤᠷᠪᠠ︶ ᠵᠠᠮ ᠢ ᠰᠠᠭᠠᠳ ᠦᠭᠡᠢ ᠨᠡᠪᠲᠡᠷᠡᠭᠦᠯᠦᠨ ᠦᠷ᠎ᠡ ᠴᠢᠳᠠᠮᠵᠢ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠦᠭᠵᠢᠬᠦᠯᠦᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃        ᠨᠢᠭᠡ ᠳᠤ ᠴᠢᠯᠦᠭᠡᠲᠦ ᠠᠷᠠᠯᠵᠢᠶᠠᠨ ᠤ ᠲᠤᠭᠤᠷᠢᠭ ᠤᠨ ᠡᠭᠦᠳᠦᠨ ᠪᠠᠶᠢᠭᠤᠯᠤᠯᠳᠠ ᠶᠢ ᠲᠦᠷᠭᠡᠳᠬᠡᠨ᠎ᠡ᠃ ᠳᠦᠷᠢᠮ ᠤᠨ ᠰᠢᠨ᠎ᠡ ᠶᠢ ᠡᠭᠦᠳᠬᠦ ᠪᠠᠷ ᠭᠤᠤᠯ ᠪᠤᠯᠭᠠᠨ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠯᠥᠨ ᠪᠤᠶᠢᠷ ᠤᠨ ᠤᠷᠤᠨ ᠪᠠᠶᠢᠭᠤᠯᠬᠤ ᠪᠠᠷ ᠢᠳᠡᠪᠬᠢᠳᠡᠢ ᠭᠤᠶᠤᠴᠢᠯᠠᠨ᠎ᠠ᠃ ᠨᠡᠪᠲᠡᠷᠡᠯ ᠵᠠᠮ ᠤᠨ ᠳᠤᠲᠠᠭᠤᠳᠠᠯ ᠢ ᠲᠦᠷᠭᠡᠪᠴᠢᠯᠡᠨ ᠨᠦᠬᠦᠪᠦᠷᠢᠯᠡᠵᠦ᠂ ᠮᠠᠨᠵᠤᠤᠷ ᠤᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠶᠢᠴᠠᠭᠠᠨ ᠬᠢᠨᠠᠬᠤ ᠨᠡᠪᠲᠡᠷᠡᠯ ᠵᠠᠮ ᠢ ᠲᠠᠰ ᠳᠡᠪᠰᠢᠭᠦᠯᠦᠨ ᠰᠢᠨᠡᠳᠬᠡᠬᠦ᠂ ᠠᠭᠠᠷ ᠠᠶᠠᠯᠠᠯ ᠤᠨ ᠬᠢᠯᠢ ᠶᠢᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠬᠥᠮᠥᠷᠭᠡ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠠᠶᠢᠯᠠᠷ— ᠯᠠᠪᠳᠠᠯᠢᠨ— ᠾᠸᠢ ᠱᠠᠨ ᠲᠸᠤ— ᠫᠷᠢ ᠠᠷᠭᠤᠨᠰᠺ︾ ᠬᠢᠯᠢ ᠠᠯᠤᠰᠯᠠᠭᠰᠠᠨ ᠲᠡᠮᠦᠷ ᠵᠠᠮ ᠵᠢᠴᠢ ᠬᠢᠯᠢ ᠠᠯᠤᠰᠯᠠᠭᠰᠠᠨ ᠲᠡᠮᠦᠷ ᠵᠠᠮ ᠤᠨ ᠬᠢᠯᠢ ᠶᠢᠨ ᠪᠣᠭᠤᠮᠲᠠ᠂ ᠡᠪᠦᠳᠦᠭ ᠬᠢᠯᠢ  ᠶᠢᠨ ᠪᠣᠭᠤᠮᠲᠠ ᠶᠢᠨ 2 ᠳ᠋ᠤᠭᠠᠷ ᠨᠣᠮᠧᠷᠲᠤ ᠬᠥᠭᠦᠷᠭᠡ᠂ ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠲᠤᠰᠬᠠᠢ ᠨᠡᠪᠲᠡᠷᠡᠯ ᠵᠠᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠪᠣᠭᠤᠮᠲᠠ ᠭᠠᠲᠤᠯᠬᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠤᠳᠠᠳᠠᠶᠢᠵᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠾᠧᠢ ᠱᠠᠨ ᠲᠧᠦ᠂ ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠨᠠᠨ ᠬᠠᠮᠢᠶᠠᠷᠬᠤ ᠲᠠᠯᠠᠪᠤᠷ ᠢ ᠥᠷᠭᠡᠳᠬᠡᠨ ᠪᠠᠶᠢᠭᠤᠯᠬᠤ ᠵᠢᠴᠢ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠡᠯᠡᠳᠬᠡᠮᠵᠢ ᠶᠢ ᠲᠠᠰ ᠳᠡᠪᠰᠢᠬᠦᠯᠬᠦ ᠵᠡᠷᠭᠡ ᠲᠥᠷᠥᠯ ᠵᠦᠢᠯ ᠢ ᠪᠡᠶᠡᠯᠡᠬᠦᠯᠵᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠨᠤᠲᠤᠭᠰᠢᠭᠤᠯᠤᠨ ᠡᠳ᠋ᠰᠢᠭᠦᠯᠬᠦ ᠳᠠᠭᠠᠭᠠᠴᠠ ᠶᠢᠨ ᠲᠠᠪᠴᠠᠩ ᠢ ᠪᠠᠶᠢᠭᠤᠯᠤᠨ᠎ᠠ᠃ ᠬᠠᠮᠢᠶᠠᠷᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ︽ᠣᠶᠤᠨᠲᠤ ᠪᠣᠭᠤᠮᠲᠠ︾ ︽ᠲᠤᠭᠠᠵᠢᠯᠲᠤ ᠤᠯᠤᠰ ᠤᠨ ᠡᠭᠦᠳᠡ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠠᠨᠵᠤᠤᠷ ᠤᠨ ᠣᠶᠤᠨᠲᠤ ᠵᠢᠯᠤᠭᠤᠳᠬᠤ ᠲᠥᠪ ᠤᠨ ᠲᠠᠰ ᠳᠡᠪᠰᠢᠭᠦᠯᠦᠨ ᠰᠢᠨᠡᠳᠬᠡᠬᠦ ᠶᠢ ᠲᠦᠷᠭᠡᠳᠬᠡᠨ᠂ ᠪᠣᠭᠤᠮᠲᠠ ᠭᠠᠲᠤᠯᠬᠤ ᠴᠤᠪᠤᠷᠠᠯ ᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠦᠢᠯᠡᠴᠢᠯᠡᠬᠦ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠡᠵᠡᠩᠨᠡᠬᠦ᠂ ᠵᠦᠢ ᠵᠣᠬᠢᠰᠲᠠᠢ ᠪᠠᠷ ᠦᠨ᠎ᠡ ᠲᠣᠭᠲᠠᠭᠠᠬᠤ ᠶᠢ ᠬᠥᠲᠥᠯᠥᠨ ᠵᠢᠯᠤᠭᠤᠳᠴᠤ᠂ ᠲᠡᠷᠢᠬᠦᠨ ᠵᠡᠷᠭᠡ ᠶᠢᠨ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠴᠤᠭᠴᠠᠯᠠᠨ᠎ᠠ᠃       ᠬᠤᠶᠠᠷ ᠲᠤ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠎ᠡ᠃ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠲᠤ ᠲᠤᠭᠤᠷᠢᠭ ᠵᠡᠷᠭᠡ ᠲᠠᠪᠴᠠᠩ ᠳᠤ ᠲᠦᠰᠢᠭᠯᠡᠨ᠂ ᠳᠣᠲᠣᠭᠠᠳᠤ ᠳᠠᠭᠠᠨ ᠴᠢᠨ ᠬᠤᠸᠠᠩ ᠳ᠋ᠣᠣ ᠭᠠᠷᠠᠮ᠂ ᠳ᠋ᠠᠯᠢᠶᠠᠨ ᠭᠠᠷᠠᠮ ᠪᠠ ᠵᠡᠭᠦᠨ ᠬᠤᠶᠢᠲᠤ ᠣᠷᠣᠨ ᠲᠠᠢ ᠬᠤᠯᠪᠣᠭᠰᠠᠨ᠂ ᠭᠠᠳᠠᠭᠰᠢ ᠪᠠᠨ ᠣᠷᠣᠰ ᠮᠣᠩᠭᠤᠯ ᠠᠴᠠ ᠡᠸᠦ᠋ᠷᠦᠫᠡ ᠲᠢᠪ ᠬᠦᠷᠬᠦ ᠤᠮᠠᠷᠠᠰᠢ ᠨᠡᠭᠡᠭᠡᠯᠲᠡ ᠬᠢᠬᠦ ᠵᠡᠬᠦᠨ ᠨᠡᠪᠲᠡᠷᠡᠯ ᠵᠠᠮ ᠢ ᠲᠦᠷᠭᠡᠳᠬᠡᠨ ᠪᠠᠶᠢᠭᠤᠯᠵᠤ᠂ ︽ᠠᠵᠤ ᠠᠬᠤᠢ ᠶᠢᠨ ᠨᠡᠪᠲᠡᠷᠡᠯ ᠵᠠᠮ︾ ᠢ ︽ᠨᠡᠪᠲᠡᠷᠡᠯ ᠵᠠᠮ ᠤᠨ ᠠᠵᠤ ᠠᠬᠤᠢ︾ ᠳᠠᠰᠢ ᠤᠯᠠᠷᠢᠭᠤᠯᠬᠤ ᠶᠢ ᠠᠬᠢᠭᠤᠯᠤᠨ᠎ᠠ᠃ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠪᠠ ᠦᠢᠯᠡᠳᠪᠦᠷᠢᠯᠡᠵᠦ ᠡᠳ᠋ᠰᠢᠭᠦᠯᠬᠦ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ᠂ ᠮᠣᠳᠣᠨ ᠮᠠᠲ᠋ᠧᠷᠢᠶᠠᠯ᠂ ᠠᠭᠤᠷᠬᠠᠢ ᠶᠢᠨ ᠴᠢᠯᠠᠭᠤ᠂ ᠰᠢᠩᠭᠡᠨᠵᠢᠯ ᠴᠢᠯᠠᠭᠤᠨ ᠲᠣᠰᠣᠨ ᠤ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠤᠮᠳᠠᠳᠤ ᠤᠯᠤᠰ ᠤᠨ ᠨᠢᠰᠦᠯᠳᠡ  ᠶᠢᠨ ᠬᠡᠢ ᠪᠡᠶᠡᠳᠤ ᠨᠦᠭᠡᠴᠡᠯᠡᠬᠦ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ᠂ ᠮᠢᠬᠠᠨ ᠤ ᠵᠦᠢᠯ ᠵᠡᠷᠭᠡ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠨᠡᠮᠡᠵᠦ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭ᠎ᠠ ᠪᠠ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨᠵᠤᠤᠷ ᠠᠴᠠ ᠬᠤᠶᠢᠲᠤ ᠪᠠᠶᠢᠭᠠᠯᠰᠺ ᠬᠦᠷᠬᠦ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠯ ᠵᠠᠮ ᠢ ᠪᠥᠬᠦ ᠲᠠᠯ᠎ᠠ ᠪᠠᠷ ᠵᠣᠯᠭᠠᠭᠤᠯᠬᠤ ᠶᠢ ᠠᠬᠢᠭᠤᠯᠵᠤ᠂ ᠠᠶᠠᠨᠴᠢᠳ ᠪᠠ ᠪᠠᠷᠠᠭ᠎ᠠ ᠶᠢ ᠰᠠᠯᠭᠠᠨ ᠲᠣᠬᠢᠷᠠᠭᠤᠯᠬᠤ ᠶᠢ ᠪᠡᠶᠡᠯᠡᠭᠦᠯᠦᠨ᠂ ᠪᠢᠨᠵᠸᠤ ᠱᠤᠭᠤᠮ ᠤᠨ ᠰᠢ ᠯᠢᠩ ᠺᠧᠦ ᠠᠴᠠ ᠪᠤᠭᠲᠤ ᠬᠦᠷᠬᠦ ᠬᠡᠰᠡᠭ ᠤᠨ ᠲᠠᠰᠢᠭᠤ ᠪᠡᠯ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 5500 ᠴᠤᠪᠤᠭ᠎ᠠ ᠨᠡᠪᠲᠡᠷᠡᠭᠦᠯᠦᠨ᠎ᠡ᠃ ᠪᠥᠬᠦ ᠬᠤᠲᠠ ᠶᠢᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2490 ᠲᠦᠮᠡᠨ ᠲᠣᠨ ᠳᠤ ᠬᠦᠷᠭᠡᠵᠦ᠂ 4.6% ᠪᠠᠷ ᠨᠡᠮᠡᠭᠳᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ 300 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠵᠦ᠂ 5% ᠤᠷᠴᠢᠮ ᠨᠡᠮᠡᠭᠳᠡᠬᠦᠯᠦᠨ᠎ᠡ᠃        ᠭᠤᠷᠪᠠ ᠳᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠤᠷᠤᠰ᠂ ᠳᠤᠮᠳᠠᠳᠤ ᠮᠣᠩᠭᠤᠯ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠤᠯᠭᠠᠨ᠂ ᠤᠷᠤᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠴᠠᠭ᠎ᠠ ᠶᠢ ᠪᠠᠬᠢᠵᠢᠬᠦᠯᠦᠨ᠂ 2 ᠬᠤᠣᠰ ᠰᠠᠨᠠᠮᠵᠢ ᠶᠢᠨ ᠨᠥᠬᠦᠷᠰᠡᠭ ᠬᠤᠳᠠ ᠪᠠᠶᠢᠭᠤᠯᠬᠤ ᠪᠠᠷ ᠴᠢᠷᠮᠠᠶᠢᠨ᠎ᠠ᠃ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠤᠨ᠂ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠬᠡᠪᠴᠢᠶᠡᠵᠢᠯ ᠢ ᠥᠷᠭᠡᠳᠬᠡᠵᠦ᠂ ᠵᠠᠬ᠎ᠠ ᠶᠢᠨ ᠠᠷᠠᠯᠵᠢᠶᠠᠨ ᠤ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠤᠨ᠂ ᠳᠤᠮᠳᠠᠳᠤ ᠤᠷᠤᠰ ᠮᠣᠩᠭᠤᠯ ᠭᠤᠷᠪᠠᠨ ᠲᠠᠯ᠎ᠠ ᠪᠠᠷ ᠢᠶᠠᠨ ᠰᠣᠶᠣᠯ ᠵᠤᠭᠠᠴᠠᠯ᠂ ᠮᠠᠯ ᠠᠵᠤ ᠠᠬᠤᠢ ᠲᠠᠷᠢᠶᠠᠯᠠᠩ᠂ ᠡᠨᠧᠷᠭᠢ ᠠᠭᠤᠷᠬᠠᠢ ᠶᠢᠨ ᠭᠠᠷᠤᠯᠲᠠ᠂ ᠰᠠᠭᠤᠷᠢ ᠪᠡᠯᠡᠳᠬᠡᠮᠵᠢ᠂ ᠲᠤᠨᠤᠭᠯᠠᠯ ᠦᠢᠯᠡᠳᠬᠦ ᠵᠡᠷᠭᠡ ᠬᠦᠷᠢᠶ᠎ᠡ ᠴᠠᠷᠠᠭᠠᠨ ᠳᠤ ᠪᠤᠳᠠᠳᠤ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤᠢ ᠶᠢᠨ ᠭᠠᠷᠤᠯᠳᠠ ᠵᠡᠷᠭᠡ ᠶᠢ ᠭᠠᠳᠠᠭᠠᠳᠤ ᠳᠤ ᠭᠠᠷᠭᠠᠬᠤ ᠶᠢ ᠦᠷᠭᠦᠯᠵᠢᠯᠡᠨ ᠠᠬᠢᠭᠤᠯᠤᠨ᠎ᠠ︔ ᠬᠠᠶᠢᠯᠠᠷ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠵᠢᠴᠢ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠵᠦ᠂ ᠹᠦ᠋ ᠹᠧᠩ᠂ ᠴᠢ ᠯᠦ᠂ ᠵᠥᠩ ᠷᠦᠩ᠂ ᠳ᠋ᠦ᠋ ᠴᠧᠩ ᠵᠡᠷᠭᠡ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠢᠳᠡᠪᠬᠢᠲᠡᠢ ᠵᠠᠪᠳᠤᠨ ᠤᠯᠵᠦ᠂ ᠰᠢᠨ᠎ᠡ ᠪᠠᠷ ᠮᠠᠨᠳᠤᠭᠰᠠᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠢ ᠠᠬᠢᠭᠤᠯᠤᠨ᠂ ᠳᠤᠮᠳᠠᠳᠤ ᠣᠷᠣᠰ ᠤᠨ 8 ᠰᠠᠭᠤᠳᠠᠯ ᠵᠢᠴᠢ ᠳᠡᠬᠦᠨ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡ ᠥᠪᠡᠰᠦᠪᠡᠨ ᠵᠢᠯᠤᠭᠤᠳᠬᠤ ᠠᠶᠠᠯᠠᠯ ᠢ ᠰᠡᠷᠭᠦᠭᠡᠵᠦ᠂ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠦᠪᠡᠰᠦᠪᠡᠨ ᠮᠠᠰᠢᠨ ᠲᠡᠷᠭᠡ ᠵᠢᠯᠤᠭᠤᠳᠴᠤ ᠠᠶᠠᠯᠠᠬᠤ᠂ ᠣᠷᠣᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠣᠷᠣᠰ ᠮᠣᠩᠭᠤᠯ ᠤᠨ ᠰᠣᠶᠣᠯ ᠤᠷᠠᠯᠢᠭ ᠤᠨ ᠬᠦᠷᠢᠶ᠎ᠡ ᠴᠠᠷᠠᠭᠠᠨ ᠳᠠᠬᠢ ᠰᠣᠯᠢᠯᠴᠠᠭ᠎ᠠ ᠶᠠᠪᠤᠯᠴᠠᠭ᠎ᠠ ᠶᠢ ᠨᠢᠭᠲᠠᠷᠠᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ