2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 8
ᠨᠡᠶᠢᠲᠡᠯᠡᠭᠰᠡᠨ ᠴᠠᠭ᠄
2024/2/7
       ︵ᠳᠥᠷᠪᠡ︶ ᠬᠠᠮᠠᠭᠠᠯᠠᠯᠳᠠ ᠶᠢ ᠴᠢᠬᠤᠯᠠᠴᠢᠯᠠᠨ ᠵᠠᠰᠠᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠥᠯᠢᠭᠡᠷ ᠬᠡᠪ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨᠲᠦ ᠬᠠᠮᠠᠭᠠᠯᠠᠯᠲᠠ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠥᠯᠥᠨ ᠪᠤᠶᠢᠷ ᠤᠨ ᠬᠤᠰᠢᠭᠤᠴᠢ ᠣᠷᠣᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃        ᠨᠢᠭᠡ ᠳᠤ ︽ᠭᠤᠷᠪᠠᠨ ᠤᠮᠠᠷᠠᠳᠤ︾ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠦᠨ᠎ᠡ᠃ ᠰᠢᠰᠲ᠋ᠧᠮᠵᠢᠬᠦᠯᠦᠨ ᠵᠠᠰᠠᠬᠤ ᠶᠢ ᠨᠢᠭᠡᠳᠦᠯᠳᠡᠢ ᠲᠦᠯᠦᠪᠯᠡᠨ ᠠᠬᠢᠭᠤᠯᠵᠤ᠂ 18 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ ᠪᠠ ᠶᠡᠭᠡ ᠬᠢᠩᠭᠠᠨ ᠳᠠᠪᠠᠭᠠᠨ ᠤ ᠤᠢ ᠰᠢᠭᠤᠢ᠂ ᠨᠤᠨ ᠮᠥᠷᠡᠨ ᠤ ᠳᠡᠭᠡᠳᠦ ᠤᠷᠤᠰᠬᠠᠯ ᠤᠨ ᠤᠰᠤᠨ ᠰᠤᠷᠪᠤᠯᠵᠢ ᠶᠢᠨ ᠭᠠᠵᠠᠷ᠂ ᠡᠷᠭᠦᠨ᠎ᠡ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠦᠪᠯᠡᠷᠡᠬᠦᠯᠦᠨ᠂ ᠪᠠᠶᠢᠭᠠᠯᠢ ᠶᠢᠨ ᠤᠢ ᠶᠢᠨ ᠬᠠᠮᠠᠭᠠᠯᠠᠯᠳᠠ ᠪᠠ ᠤᠯᠤᠰ ᠤᠨ ᠳᠡᠰ ᠤᠨ ᠨᠡᠶᠢᠳᠡ ᠶᠢᠨ ᠠᠰᠠᠷᠠᠮᠵᠢ ᠶᠢᠨ ᠤᠢ ᠶᠢ ᠬᠠᠮᠢᠶᠠᠷᠬᠤ ᠬᠠᠮᠠᠭᠠᠯᠠᠯᠲᠠ ᠶᠢ 5769 ᠲᠦᠮᠡᠨ ᠮᠦ ᠬᠡᠷᠡᠭᠵᠢᠬᠦᠯᠵᠦ᠂ 47 ᠲᠦᠮᠡᠨ ᠮᠦ ᠴᠢᠬᠤᠯᠠ ᠠᠮᠢ ᠠᠬᠤᠢ ᠶᠢᠨ ᠰᠢᠰᠲ᠋ᠧᠮ ᠤᠨ ᠢᠨᠵᠧᠨᠧᠷᠢᠩ ᠢ ᠬᠠᠮᠠᠭᠠᠯᠠᠬᠤ ᠪᠠ ᠵᠠᠰᠠᠨ ᠰᠡᠷᠬᠦᠬᠡᠵᠦ᠂ 20 ᠲᠦᠮᠡᠨ ᠮᠦ ᠨᠤᠲᠤᠭ ᠪᠡᠯᠴᠢᠭᠡᠷ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠶᠢ ᠪᠡᠶᠡᠯᠡᠬᠦᠯᠵᠦ᠂ 1227 ᠵᠤᠷᠪᠤᠰ ᠢᠳᠡᠭᠳᠡᠮᠡᠯ ᠭᠤᠤ ᠶᠢ ᠵᠠᠰᠠᠨ᠎ᠠ᠃ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠬᠡᠲᠦ ᠮᠠᠯᠵᠢᠬᠤ ᠶᠢ ᠭᠦᠨᠵᠡᠭᠡᠢ ᠵᠠᠰᠠᠵᠤ᠂ 961 ᠲᠦᠮᠡᠨ ᠮᠦ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠭᠰᠤᠭᠠᠬᠤ᠂ 9330 ᠲᠦᠮᠡᠨ ᠮᠦ ᠳᠤ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠶᠢ ᠬᠡᠷᠡᠭᠵᠢᠭᠦᠯᠵᠦ᠂ 60 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠨ᠎ᠡ᠃ ᠣᠶ ︵ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠪᠠ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠡᠯ᠎ᠡ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠮᠠᠭᠠᠯᠠᠯᠲᠠ ᠶᠢᠨ ᠭᠠᠵᠠᠷ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠣᠳᠠᠲᠠᠢ ᠠᠳᠬᠤᠨ᠂ ᠬᠤᠳᠠ ᠪᠠᠯᠭᠠᠰᠤᠨ ᠤ ᠴᠡᠪᠡᠷ ᠡᠨᠧᠷᠭᠢ ᠪᠠᠷ ᠳᠤᠯᠠᠭᠠᠯᠠᠬᠤ ᠰᠢᠨᠡᠳᠬᠡᠯᠳᠡ ᠶᠢ ᠠᠬᠢᠭᠤᠯᠵᠤ᠂ ᠠᠭᠠᠷ ᠤᠨ ᠶᠠᠰᠤ ᠴᠢᠨᠠᠷ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠪᠠᠶᠢᠯᠭᠠᠨ᠎ᠠ᠃ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠦᠯᠦᠪᠯᠡᠨ᠂ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ 11 ᠲᠥᠷᠥᠯ ᠵᠦᠢᠯ ᠢ ᠬᠡᠷᠡᠭᠵᠢᠭᠦᠯᠦᠨ᠂ ᠬᠤᠩᠭᠤᠯᠵᠢ ᠶᠢᠨ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠳᠡᠭᠡᠭᠰᠢᠯᠡᠭᠦᠯᠬᠦ ᠪᠠ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠤᠨ ᠵᠠᠰᠠᠯᠲᠠ ᠶᠢ ᠠᠬᠢᠭᠤᠯᠤᠨ᠂ ᠪᠣᠬᠢᠷᠲᠤᠭᠰᠠᠨ ᠲᠠᠷᠢᠶᠠᠨ ᠭᠠᠵᠠᠷ᠂ ᠠᠭᠤᠷᠬᠠᠢ ᠶᠢᠨ ᠣᠷᠣᠨ ᠳᠤ ᠬᠡᠷᠡᠭᠯᠡᠬᠦ ᠭᠠᠵᠠᠷ ᠵᠡᠷᠭᠡ ᠶᠢᠨ ᠬᠥᠷᠥᠰᠥ ᠰᠢᠷᠣᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠨ᠂ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃        ᠭᠤᠷᠪᠠ ᠳᠤ ᠬᠦᠭᠵᠢᠬᠦᠯᠬᠦ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ᠎ᠡ᠃ ᠤᠯᠤᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠢᠳᠡᠪᠬᠢᠲᠡᠢ ᠯᠠᠪᠳᠠᠭᠤᠨ ᠠᠬᠢᠭᠤᠯᠤᠨ᠎ᠠ᠃ ᠬᠤᠳᠠ᠂ ᠦᠵᠡᠮᠵᠢ ᠶᠢᠨ ᠣᠷᠣᠨ ᠵᠢᠴᠢ ᠭᠤᠣᠯᠳᠠᠯᠭ᠎ᠠ ᠲᠠᠢ ᠵᠠᠰᠠᠮᠠᠯ ᠵᠠᠮ ᠳᠠᠭᠠᠤ ᠴᠠᠬᠢᠯᠭᠠᠨ ᠴᠡᠨᠡᠭᠯᠡᠬᠦ ᠱᠤᠩ ᠢ 600 ᠰᠢᠨ᠎ᠡ ᠪᠠᠷ ᠪᠠᠶᠢᠭᠤᠯᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠵᠢᠷᠤᠮᠯᠠᠵᠤ᠂ ᠬᠡᠪ ᠤᠨ ᠪᠠ ᠬᠡᠪ ᠤᠨ ᠪᠤᠰᠤ ᠬᠡᠷᠡᠭᠯᠡᠬᠦ ᠤᠰᠤᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ︽ᠲᠠᠪᠤ ᠶᠢ ᠲᠤᠶᠢᠯᠪᠤᠷᠢᠲᠠᠢ ᠡᠬᠢᠯᠡᠭᠦᠯᠬᠦ︾ ᠠᠵᠢᠯᠯᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 2300 ᠮᠦ ᠭᠠᠵᠠᠷ ᠰᠢᠷᠣᠢ ᠶᠢ ᠵᠣᠬᠢᠴᠠᠭᠤᠯᠵᠤ᠂ 316 ᠮᠦ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠨ᠎ᠡ᠃ ᠱᠠᠩᠬᠠᠢ ᠶᠢᠨ ᠬᠤᠸ ᠮᠦ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠵᠤ ᠠᠰᠢᠭᠯᠠᠬᠤ᠂ ᠵᠢᠦ ᠵᠢᠶᠠ ᠲᠠᠷᠢᠶᠠᠯᠠᠩ ᠤᠨ ᠮᠠᠰᠢᠨ ᠢ ᠭᠠᠳᠠᠭᠠᠳᠤ ᠳᠤ ᠭᠠᠷᠭᠠᠬᠤ ᠵᠡᠷᠭᠡ ᠰᠢᠭᠤᠳ ᠬᠤᠷᠰᠢᠯᠴᠠᠬᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠪᠦᠬᠦ ᠬᠦᠴᠦᠨ  ᠢᠶᠠᠷ ᠢᠶᠠᠨ ᠠᠬᠢᠭᠤᠯᠤᠨ᠎ᠠ᠃        ︵ᠲᠠᠪᠤ︶ ᠥᠭᠡᠷᠡᠴᠢᠯᠡᠯᠲᠡ ᠶᠢ ᠠᠳᠬᠤᠨ ᠰᠢᠨ᠎ᠡ ᠡᠭᠦᠳᠦᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠥᠬᠦ ᠬᠦᠴᠦᠨ ᠢᠶᠠᠷ ᠢᠶᠠᠨ ᠴᠢᠩᠭᠠᠷᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠴᠠ ᠭᠠᠷᠳᠠᠨ᠂ ᠦᠨᠡᠨᠴᠢ ᠢᠲᠡᠭᠡᠮᠵᠢᠲᠡᠢ ᠪᠠᠶᠢᠭᠤᠯᠤᠯᠲᠠ ᠶᠢ ᠠᠬᠢᠭᠤᠯᠬᠤ ᠠᠴᠠ ᠡᠬᠢᠯᠡᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠴᠠ ᠭᠠᠷᠳᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃        ᠨᠢᠭᠡ ᠳᠤ ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ︽ᠨᠢᠭᠡ ᠨᠢᠭᠡ ᠤᠴᠢᠷ ᠢᠶᠠᠷ ᠵᠦᠪᠯᠡᠬᠦ︾ 115 ᠵᠦᠢᠯᠡᠰ ᠢ ᠪᠦᠬᠦᠨ ᠢ ᠶᠡᠷᠦᠩᠬᠡᠶᠢᠯᠡᠨ ᠭᠥᠯᠢᠶᠡᠨ ᠠᠪᠴᠤ ᠭᠦᠢᠴᠡᠳᠬᠡᠬᠦ ᠴᠤᠩᠬᠤᠪᠴᠢ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠢᠯᠭᠠᠭ᠎ᠠ ᠦᠭᠡᠢ ᠭᠥᠯᠢᠶᠡᠨ ᠠᠪᠴᠤ ᠭᠦᠢᠴᠡᠳᠬᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ᠂ ᠠᠳᠠᠯᠢ ᠶᠠᠰᠤ ᠴᠢᠨᠠᠷ ᠢᠶᠠᠷ ᠦᠢᠯᠡᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ︔ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠤᠨ᠂ ᠲᠣᠰᠬᠤᠨ ᠤ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠬᠦᠯᠦᠨ ᠳᠡᠭᠡᠭᠰᠢᠯᠡᠬᠦᠯᠬᠦ ᠠᠵᠢᠯᠯᠠᠭ᠎ᠠ ᠶᠢ ᠡᠬᠢᠯᠡᠬᠦᠯᠦᠨ᠂ ︽12345︾ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠭᠤᠯᠤᠯ ᠤᠨ ᠴᠢᠨᠠᠷᠲᠠᠢ ᠬᠠᠷᠰᠢ ᠰᠠᠭᠠᠳ᠂ ᠲᠣᠭᠲᠠᠴᠠ ᠶᠢᠨ ᠴᠢᠨᠠᠷᠲᠠᠢ ᠲᠦᠭᠵᠢᠷᠡᠯ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 60 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠵᠤ᠂ 6 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢ ᠪᠡᠶᠡᠯᠡᠭᠦᠯᠵᠦ᠂ 20% ᠠᠴᠠ ᠳᠡᠭᠡᠭᠰᠢ ᠠᠯᠳᠠᠭᠳᠠᠯ ᠢ ᠪᠠᠭᠤᠷᠠᠭᠤᠯᠤᠨ᠎ᠠ᠃ ᠵᠠᠬ᠎ᠠ ᠳᠤ ᠭᠠᠷᠬᠤ ᠠᠵᠤ ᠠᠬᠤᠶᠢᠯᠠᠯ ᠤᠨ ︽ᠪᠡᠯᠡᠳᠬᠡᠯ ᠬᠥᠮᠥᠷᠭᠡ︾ ᠶᠢ ᠪᠠᠶᠢᠭᠤᠯᠵᠤ᠂ ᠵᠢᠯ ᠤᠨ ᠳᠣᠲᠣᠷ᠎ᠠ ᠵᠠᠬ᠎ᠠ ᠳᠤ ᠭᠠᠷᠤᠭᠰᠠᠨ ᠺᠣᠮᠫᠠᠨᠢ ᠦᠭᠡᠢ ᠪᠠᠶᠢᠳᠠᠯ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠵᠠᠯᠠᠶᠢᠨᠠᠭᠤᠷ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠬᠤ ᠠᠵᠢᠯ ᠢ ᠲᠣᠭᠲᠠᠭᠤᠨ ᠢᠶᠠᠷ ᠪᠡᠶᠡᠯᠡᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷᠯᠢᠭ ᠪᠡᠶᠡᠯᠡᠬᠦᠯᠦᠨ᠎ᠡ᠃       ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠳᠠ ᠬᠢᠬᠦ ᠶᠢ ᠬᠦᠴᠦᠯᠡᠨ ᠠᠬᠢᠭᠤᠯᠤᠨ᠎ᠠ᠃ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠵᠦᠢ ᠵᠣᠬᠢᠰᠲᠠᠢ ᠨᠡᠮᠡᠭᠳᠡᠭᠦᠯᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠬᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 30᠂ ᠰᠢᠨ᠎ᠡ ᠶᠢ ᠡᠭᠦᠳᠬᠦ ᠮᠠᠶ᠋ᠢᠭ ᠤᠨ ᠪᠠ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ 10 ᠡᠷᠦᠬᠡ ᠰᠢᠨ᠎ᠡ ᠪᠠᠷ ᠨᠡᠮᠡᠭᠳᠡᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠯᠲᠡ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠲᠡᠷᠢᠭᠦᠨ ᠤ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠠᠷᠯᠠᠨ ᠮᠠᠩᠯᠠᠶᠢᠯᠠᠭᠤᠯᠬᠤ︾ ᠵᠡᠷᠭᠡ ᠲᠥᠷᠥᠯ ᠵᠦᠢᠯ ᠳᠤ ᠲᠦᠰᠢᠭᠯᠡᠨ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠬᠠᠷ᠎ᠠ ᠬᠥᠷᠥᠰᠥ ᠶᠢ ᠬᠠᠮᠠᠭᠠᠯᠠᠬᠤ ᠪᠠ ᠠᠰᠢᠭᠯᠠᠬᠤ ᠣᠶᠤᠨᠴᠢ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠴᠢᠷᠮᠠᠶᠢᠨ ᠡᠭᠦᠳᠦᠨ᠎ᠡ᠃ ᠴᠢᠳᠠᠪᠤᠷᠢᠲᠠᠨ ᠢ ᠬᠥᠮᠥᠵᠢᠭᠦᠯᠵᠦ ᠲᠠᠲᠠᠨ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠠᠬᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ 1500 ᠬᠥᠮᠥᠨ ᠣᠷᠣᠭᠤᠯᠤᠨ ᠠᠪᠴᠢᠷᠠᠨ᠎ᠠ︔ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠠᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠴᠢᠳᠠᠪᠤᠷᠢᠲᠠᠨ ᠤ ᠰᠣᠯᠢᠯᠴᠠᠭ᠎ᠠ ᠥᠷᠨᠢᠭᠦᠯᠬᠦ ᠶᠢ ᠵᠤᠷᠢᠭᠵᠢᠭᠤᠯᠤᠨ᠎ᠠ᠃ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ