2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 9
ᠨᠡᠶᠢᠲᠡᠯᠡᠭᠰᠡᠨ ᠴᠠᠭ᠄
2024/2/7
       ᠭᠤᠷᠪᠠ ᠳᠤ ᠦᠨᠡᠨᠴᠢ ᠢᠲᠡᠭᠡᠮᠵᠢᠲᠦ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠳᠦᠷᠢᠮ ᠢ ᠪᠦᠷᠢᠨᠰᠢᠭᠦᠯᠵᠦ᠂ ᠡᠯ᠎ᠡ ᠬᠦᠷᠢᠶ᠎ᠡ ᠴᠠᠷᠠᠭᠠᠨ ᠤ ᠦᠨᠡᠨᠴᠢ ᠢᠲᠡᠭᠡᠮᠵᠢᠲᠦ ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠢ ᠠᠬᠢᠭᠤᠯᠵᠤ᠂ ︽ᠵᠠᠰᠠᠭ ᠠᠵᠤ ᠠᠬᠤᠶᠢᠯᠠᠯ ᠤᠨ ᠨᠡᠪᠲᠡᠷᠡᠯᠴᠡᠵᠦ ᠰᠣᠯᠢᠯᠴᠠᠬᠤ ᠣᠨ︾ ᠤ ᠠᠵᠢᠯᠯᠠᠭ᠎ᠠ ᠦᠷᠨᠢᠬᠦᠯᠵᠦ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠪᠠᠶᠢᠩᠭᠤᠵᠢᠭᠰᠠᠨ ᠰᠣᠯᠢᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ᠂ ᠬᠦᠮᠦᠨ ᠤ ᠬᠦᠴᠦᠨ ᠢ ᠪᠠᠲᠤᠯᠠᠬᠤ᠂ ᠡᠷᠬᠡ ᠠᠰᠢᠭ ᠢ ᠬᠠᠮᠠᠭᠠᠯᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠳᠠᠭᠤᠳᠠᠪᠠᠯ ᠬᠠᠷᠢᠭᠤ ᠲᠠᠢ︾ ᠠᠵᠢᠯ ᠤᠨ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠮᠦᠩᠭᠦᠨ ᠭᠦᠢᠯᠭᠡᠭᠡ ᠪᠠᠷ ᠠᠵᠤ ᠠᠬᠤᠶᠢᠯᠠᠯ ᠤᠨ ᠬᠦᠴᠢᠷᠳᠡᠯ ᠢ ᠲᠠᠶᠢᠯᠤᠨ ᠳᠡᠮᠵᠢᠬᠦ ᠲᠤᠰᠬᠠᠢ ᠠᠵᠢᠯᠯᠠᠭ᠎ᠠ ᠦᠷᠨᠢᠬᠦᠯᠵᠦ᠂ ᠡᠯ᠎ᠡ ᠵᠦᠢᠯ ᠤᠨ ᠵᠢᠭᠡᠯᠡᠯᠭᠡ ᠶᠢᠨ ᠲᠠᠷᠬᠠᠭᠠᠯᠲᠠ ᠶᠢ 5% ᠠᠴᠠ ᠳᠡᠭᠡᠭᠰᠢ ᠨᠡᠮᠡᠭᠳᠡᠬᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ︽ᠲᠠᠪᠤᠨ ᠪᠤᠭᠤᠮᠲᠠ︾ ᠪᠠᠷ ᠭᠠᠷᠳᠠᠴᠠ ᠪᠣᠯᠭᠠᠵᠤ᠂ ︽ᠭᠠᠴᠢᠬᠤ ᠦᠭᠡᠢ ᠠᠪᠬᠤ ᠦᠭᠡᠢ᠂ ᠲᠦᠯᠬᠢᠬᠦ ᠦᠭᠡᠢ ᠤᠳᠠᠭᠠᠰᠢᠷᠠᠭᠤᠯᠬᠤ ᠦᠭᠡᠢ᠂ ᠮᠡᠬᠡᠯᠡᠬᠦ ᠦᠭᠡᠢ ᠨᠢᠭᠤᠬᠤ ᠦᠭᠡᠢ᠂ ᠰᠠᠭᠠᠲᠠᠭᠠᠬᠤ ᠦᠭᠡᠢ ᠬᠠᠷᠰᠢᠯᠠᠬᠤ ᠦᠭᠡᠢ᠂ ᠥᠮᠥᠭᠯᠡᠬᠦ ᠦᠭᠡᠢ ᠳᠤᠷ᠎ᠠ ᠪᠠᠷ ᠲᠠᠯᠪᠢᠬᠤ ᠦᠭᠡᠢ︾ ᠶᠢ ᠡᠷᠡᠰ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤᠨ ᠤ ︽ᠵᠠᠭᠠᠯᠳᠤᠯᠭ᠎ᠠ ᠬᠢᠬᠦ ᠦᠭᠡᠢ ᠶᠢ ᠤᠷᠢᠳᠠᠪᠠᠷ ᠭᠦᠢᠴᠡᠳᠬᠡᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠣᠶᠤᠨᠴᠢᠯᠠᠭᠰᠠᠨ ᠰᠢᠰᠲ᠋ᠧᠮ ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠬᠠᠯᠠᠮᠰᠢᠯ ᠤᠲᠠᠰᠤᠨ ᠤ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠭᠦᠢᠴᠡᠳᠬᠡᠬᠦ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃       ︵ᠵᠢᠷᠭᠤᠭ᠎ᠠ︶ ᠳᠤᠲᠠᠭᠤᠳᠠᠯ ᠢ ᠨᠦᠬᠦᠪᠦᠷᠢᠯᠡᠨ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠦᠯᠦᠪᠯᠡᠨ᠂ ᠣᠷᠣᠨ ᠪᠦᠰᠡ ᠶᠢᠨ ᠴᠢᠳᠠᠮᠵᠢ ᠲᠣᠪᠣᠶᠢᠮ᠎ᠠ᠂ ᠬᠤᠲᠠ ᠶᠢᠨ ᠳᠦᠷᠰᠦ ᠪᠠᠶᠢᠳᠠᠯ ᠨᠡᠩ ᠰᠢᠨ᠎ᠡ᠂ ᠰᠢᠶᠠᠨ ᠤ ᠬᠡᠪᠴᠢᠶᠡᠨ ᠤ ᠠᠮᠢᠵᠢᠷᠠᠯ ᠤᠨ ᠬᠦᠴᠦᠨ ᠪᠠᠳᠠᠷᠠᠩᠭᠤᠢ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠲᠤᠭᠲᠠᠮᠵᠢ ᠶᠢ ᠲᠦᠷᠭᠡᠳᠬᠡᠨ ᠪᠠᠶᠢᠭᠤᠯᠤᠨ᠎ᠠ᠃       ᠨᠢᠭᠡ ᠳᠤ ᠬᠠᠯᠠᠭᠤᠨ ᠳᠤᠯᠠᠭᠠᠨ ᠪᠠᠶᠢᠯᠭᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃ ︽ᠲᠠᠪᠤᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠢᠯᠴᠢ ᠬᠠᠩᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠥᠷᠨᠢᠭᠦᠯᠵᠦ᠂ ᠢᠯᠴᠢ ᠬᠠᠩᠭᠠᠬᠤ ᠬᠤᠭᠤᠯᠠᠢ ᠶᠢᠨ ᠦᠭᠡᠷᠡᠴᠢᠯᠡᠨ ᠰᠢᠨᠡᠳᠬᠡᠯᠲᠡ ᠶᠢ ᠲᠦᠷᠭᠡᠳᠬᠡᠨ᠂ ᠬᠤᠰᠢᠭᠤ ᠬᠤᠲᠠ ᠲᠣᠭᠤᠷᠢᠭ ᠨᠢᠭᠡᠪᠦᠷᠢ ᠣᠯᠠᠨ ᠲᠦᠮᠡᠨ ᠤ ᠲᠤᠰᠬᠠᠯ ᠨᠡᠯᠢᠶᠡᠳ ᠲᠥᠪᠯᠡᠷᠡᠭᠰᠡᠨ ᠭᠤᠣᠯᠳᠠᠯᠭ᠎ᠠ ᠲᠠᠢ ᠬᠦᠴᠢᠷᠳᠡᠯᠲᠡᠢ ᠰᠠᠭᠤᠭᠠᠯᠢ ᠲᠣᠭᠤᠷᠢᠭ ᠲᠤ ᠴᠢᠭᠯᠡᠬᠦᠯᠵᠦ ᠲᠥᠪᠯᠡᠷᠡᠭᠦᠯᠦᠨ ᠪᠣᠭᠤᠮᠲᠠ ᠰᠢᠪᠲᠤᠯᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ᠂ ᠨᠥᠬᠦᠪᠦᠷᠢ ᠥᠭᠬᠦ᠂ ᠪᠤᠴᠠᠭᠠᠨ ᠭᠠᠷᠭᠠᠬᠤ ᠵᠡᠷᠭᠡ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠢᠯᠴᠢ ᠬᠠᠩᠭᠠᠯᠭ᠎ᠠ ᠳᠤ ᠬᠡᠷᠡᠭᠰᠡᠬᠦ ᠨᠡᠭᠦᠷᠡᠰᠦᠨ ᠤ ᠪᠠᠲᠤᠯᠠᠭ᠎ᠠ ᠶᠢ ᠴᠢᠩᠭᠠᠳᠬᠠᠨ᠂ ᠣᠯᠠᠨ ᠲᠦᠮᠡᠨ ᠢ ᠦᠨᠡᠨᠬᠦ ᠬᠠᠯᠠᠭᠤᠨ ᠳᠤᠯᠠᠭᠠᠨ ᠰᠠᠭᠤᠯᠭᠠᠨ᠎ᠠ᠃ ᠬᠤᠲᠠ ᠶᠢᠨ ᠣᠷᠣᠰᠢᠨ ᠰᠠᠭᠤᠬᠤ ᠳᠤ ᠲᠠᠭᠠᠯᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠵᠦ᠂ 9.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ 37 ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠴᠢᠳᠠᠮᠵᠢ ᠴᠢᠨᠠᠷ ᠢ ᠦᠷᠬᠦᠯᠵᠢᠯᠡᠨ ᠳᠡᠭᠡᠭᠰᠢᠯᠡᠬᠦᠯᠦᠨ᠎ᠡ︔ ᠲᠥᠪ ᠬᠤᠲᠠ ᠶᠢᠨ ᠲᠣᠭᠤᠷᠢᠭ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠡᠷᠭᠦᠨ᠎ᠡ ᠬᠤᠲᠠ ᠶᠢᠨ ᠤᠯᠠᠮᠵᠢᠯᠠᠯᠲᠤ ᠠᠶᠢᠯ ᠲᠣᠰᠬᠤᠨ ᠢ ᠲᠥᠪᠯᠡᠷᠡᠭᠦᠯᠦᠨ ᠵᠠᠯᠭᠠᠯᠳᠤᠭᠤᠯᠵᠤ ᠬᠠᠮᠠᠭᠠᠯᠠᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠬᠤᠳᠠ ᠪᠠᠯᠭᠠᠰᠤᠨ ᠤ 103 ᠬᠠᠭᠤᠴᠢᠨ ᠰᠠᠭᠤᠭᠠᠯᠢ ᠲᠣᠭᠤᠷᠢᠭ᠂ 11482 ᠡᠷᠦᠬᠡ ᠶᠢ ᠥᠭᠡᠷᠡᠴᠢᠯᠡᠨ ᠰᠢᠨᠡᠳᠬᠡᠵᠦ᠂ 4169 ᠡᠷᠦᠭᠡ ᠳᠤ ᠲᠦᠷᠢᠶᠡᠰᠦᠯᠡᠬᠦ ᠨᠥᠬᠦᠪᠦᠷᠢ ᠤᠯᠭᠤᠨ᠂ ᠬᠤᠳᠠ ᠪᠠᠯᠭᠠᠰᠤᠨ ᠤ ᠳᠤᠮᠳᠠ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯᠳᠡᠢ ᠭᠡᠷ ᠪᠦᠯᠢ ᠪᠠ ᠰᠢᠨ᠎ᠡ ᠬᠤᠳᠠ ᠶᠢᠨ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠬᠤᠳᠠ ᠶᠢᠨ ᠤᠶᠠᠨ ᠬᠠᠳᠠᠨ ᠴᠢᠨᠠᠷ ᠤᠨ ᠲᠦᠪᠰᠢᠨ ᠢ ᠳᠡᠭᠡᠭᠰᠢᠯᠡᠭᠦᠯᠵᠦ᠂ ᠤᠰᠤ ᠬᠠᠩᠭᠠᠬᠤ᠂ ᠤᠰᠤ ᠲᠠᠲᠠᠷᠠᠭᠤᠯᠬᠤ ᠬᠠᠭᠤᠴᠢᠨ ᠬᠤᠭᠤᠯᠠᠢ ᠶᠢ 18 ᠺᠢᠯᠣᠮᠧᠲᠷ᠂ ᠰᠢᠲᠠᠮᠠᠬᠠᠢ ᠬᠡᠢ ᠶᠢᠨ ᠬᠤᠭᠤᠯᠠᠢ ᠶᠢ 10 ᠺᠢᠯᠣᠮᠧᠲᠷ ᠰᠢᠨᠡᠳᠬᠡᠨ ᠵᠠᠰᠠᠵᠤ᠂ ᠬᠤᠳᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ 7 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ︽ᠲᠡᠷᠭᠡ ᠵᠣᠭᠰᠤᠭᠠᠬᠤ ᠳᠤ ᠪᠡᠷᠬᠡ︾᠂ ᠡᠪᠦᠯ ᠤᠨ ᠴᠠᠰᠤ ᠴᠡᠪᠡᠷᠯᠡᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠳᠠ ᠶᠢᠨ ᠤᠶᠤᠨᠴᠢ ᠲᠦᠪᠰᠢᠨ ᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠰᠤ ᠬᠠᠩᠭᠠᠬᠤ᠂ ᠬᠡᠢ ᠬᠠᠩᠭᠠᠬᠤ ᠵᠡᠷᠭᠡ ᠬᠦᠷᠢᠶ᠎ᠡ ᠴᠠᠷᠠᠭᠠᠨ ᠳᠠᠬᠢ ᠣᠶᠤᠨᠴᠢᠯᠠᠭᠰᠠᠨ ᠰᠢᠨᠡᠳᠬᠡᠯᠲᠡ ᠶᠢ ᠲᠦᠷᠭᠡᠳᠬᠡᠨ᠂ ᠨᠡᠩ ᠰᠠᠶᠢᠨ ᠬᠤᠳᠠ ᠶᠢᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃        ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠶᠡᠬᠡᠪᠡᠷ ᠬᠦᠭᠵᠢᠬᠦᠯᠦᠨ᠂ ︽ᠠᠷᠪᠠᠨ ᠨᠢᠭᠡ ᠪᠦᠯᠦᠭ︾ ᠤᠨ ᠨᠡᠶᠢᠲᠡᠯᠢᠭ ᠵᠢᠱᠢᠶ᠎ᠡ ᠶᠢ ᠪᠤᠢ ᠪᠤᠯᠭᠠᠨ᠎ᠠ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠲᠦᠷᠭᠡᠳᠬᠡᠨ ᠬᠡᠷᠡᠭᠵᠢᠭᠦᠯᠵᠦ᠂ ᠣᠷᠴᠣᠨ ᠬᠤᠰᠢᠭᠤᠨ ᠤ ᠮᠦᠯᠢᠭᠡᠷ ᠮᠥᠭᠦ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠮᠤᠷᠢᠨᠳᠠᠪᠠᠭ᠎ᠠ ᠬᠤᠰᠢᠭᠤᠨ ᠤ ᠠᠮᠤ ᠪᠤᠳᠠᠭ᠎ᠠ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ︔ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠥᠷᠭᠡᠳᠬᠡᠨ᠂ ᠪᠣᠷᠤᠯᠠᠭᠤᠯᠭ᠎ᠠ ᠶᠢᠨ ᠲᠤᠭ᠎ᠠ ᠶᠢ 25 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ 7 ᠭᠠᠵᠠᠷ ᠢ ᠦᠭᠡᠷᠡᠴᠢᠯᠡᠨ ᠰᠢᠨᠡᠳᠬᠡᠵᠦ᠂ 120 ᠭᠠᠵᠠᠷ ᠢ ᠵᠠᠰᠠᠨ ᠬᠠᠮᠠᠭᠠᠯᠠᠵᠤ᠂ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ ᠢ 460 ᠺᠢᠯᠣᠮᠧᠲᠷ ᠰᠢᠨᠡᠳᠬᠡᠨ ᠪᠠᠶᠢᠭᠤᠯᠤᠨ᠎ᠠ︔ ︽ᠬᠥᠯᠥᠨ ᠪᠤᠶᠢᠷ ᠬᠤᠲᠠ ᠶᠢᠨ ᠬᠥᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ 2561 ᠰᠢᠨ᠎ᠡ ᠪᠠᠷ ᠪᠠᠶᠢᠭᠤᠯᠵᠤ᠂ ᠪᠠᠶᠢᠭᠤᠯᠤᠯᠲᠠᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠤᠭᠲᠠᠯᠴᠠᠭ᠎ᠠ ᠶᠢᠨ ᠪᠦᠷᠬᠦᠯᠳᠡ ᠶᠢᠨ ᠨᠣᠷᠮ᠎ᠠ ᠶᠢ ᠲᠣᠰ ᠲᠣᠰ 45% ᠪᠠ 80% ᠳᠤ ᠬᠦᠷᠭᠡᠨ᠎ᠡ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠭᠤᠴᠢᠨ ᠪᠠᠷᠭᠤ ᠬᠤᠰᠢᠭᠤᠨ ᠤ ᠮᠠᠯᠵᠢᠬᠤ ᠣᠷᠣᠨ ᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯᠵᠢᠬᠤ ᠣᠷᠣᠨ ᠳᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠯᠬᠤᠮ ᠠᠯᠬᠤᠮ ᠢᠶᠠᠷ ᠲᠡᠯᠭᠡᠷᠡᠭᠦᠯᠦᠨ᠎ᠡ᠃ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠭᠦᠯᠳᠡᠷ ᠪᠣᠶᠢᠵᠢᠭᠤᠯᠬᠤ᠂ ᠲᠡᠵᠢᠭᠡᠨ ᠦᠷᠡᠵᠢᠭᠦᠯᠬᠦ᠂ ᠲᠠᠷᠢᠵᠦ ᠪᠣᠶᠢᠵᠢᠭᠤᠯᠬᠤ ᠵᠡᠷᠭᠡ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠭᠠᠷᠭᠠᠬᠤ ᠶᠢ ᠢᠳᠡᠪᠬᠢᠳᠡᠢ ᠬᠦᠲᠦᠯᠦᠨ ᠵᠢᠯᠤᠭᠤᠳᠤᠨ᠎ᠠ᠃        ᠭᠤᠷᠪᠠ ᠳᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠯᠦᠸᠧ ᠭᠦ᠋ ᠭᠤᠣᠯ ᠠᠴᠠ ᠡᠩᠬᠡᠬᠠᠳᠠ ᠬᠦᠷᠬᠦ᠂ ᠬᠡᠭᠡᠨ ᠭᠤᠣᠯ  ᠠᠴᠠ ᠶᠠᠭᠰᠢ ᠬᠦᠷᠬᠦ᠂ ᠽᠢ ᠭᠧᠦ ᠠᠴᠠ ᠳ᠋ᠠᠰᠢᠩ ᠬᠦᠷᠬᠦ᠂ ᠶᠠᠭᠰᠢ ᠠᠴᠠ ᠬᠠᠶᠢᠯᠠᠷ ᠬᠦᠷᠬᠦ ᠵᠡᠷᠭᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠮᠡᠨᠳᠦ ᠭᠤᠣᠯ᠂ ᠨᠠᠨᠮᠤ ᠰᠢᠭᠤᠶᠢᠲᠤ ᠣᠷᠣᠨ ᠤ ᠭᠠᠯ ᠰᠡᠷᠭᠡᠶᠢᠯᠡᠬᠦ ᠵᠠᠮ ᠢ ᠠᠵᠢᠯ ᠡᠬᠢᠯᠡᠭᠦᠯᠦᠨ ᠪᠠᠶᠢᠭᠤᠯᠵᠤ᠂ 830 ᠺᠢᠯᠣᠮᠧᠲᠷ ᠤᠨ ᠵᠠᠮ ᠢ ᠰᠢᠨ᠎ᠡ ᠪᠠᠷ ᠪᠠᠶᠢᠭᠤᠯᠵᠤ ᠰᠢᠨᠡᠳᠬᠡᠨ ᠵᠠᠰᠠᠨ᠎ᠠ᠃ ᠹᠦ᠋ ᠢᠦᠢ ᠠᠴᠠ ᠵᠠᠭᠳᠠᠴᠢ ᠬᠦᠷᠬᠦ ᠲᠡᠮᠦᠷ ᠵᠠᠮ ᠤᠨ ᠬᠦᠯᠦᠨ ᠪᠤᠶᠢᠷ ᠤᠨ ᠬᠢᠯᠢ ᠳᠤᠳᠤᠷᠠᠬᠢ ᠬᠡᠰᠡᠭ ᠤᠨ ᠪᠦᠲᠦᠭᠡᠨ ᠪᠠᠶᠢᠭᠤᠯᠤᠯᠲᠠ ᠪᠠ ᠷᠠᠰᠢᠶᠠᠨ ᠠᠴᠠ ᠬᠠᠶᠢᠯᠠᠷ ᠬᠦᠷᠬᠦ ᠲᠡᠮᠦᠷ ᠵᠠᠮ ᠤᠨ ᠬᠥᠳᠡᠯᠭᠡᠭᠦᠷᠲᠦ ᠴᠤᠪᠤᠭ᠎ᠠ ᠲᠡᠷᠭᠡ ᠶᠢᠨ ᠰᠢᠨᠡᠳᠬᠡᠯᠳᠡ᠂ ᠮᠠᠩᠭᠦᠢ ᠠᠴᠠ ᠮᠦᠸᠧᠾᠧ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠬᠠᠶᠢᠯᠠᠷ ᠨᠢᠰᠬᠡᠯ ᠤᠨ ᠪᠠᠭᠤᠳᠠᠯ ᠤᠨ ᠪᠡᠯᠡᠳᠬᠡᠮᠵᠢ ᠶᠢᠨ ᠴᠢᠳᠠᠮᠵᠢ ᠶᠢ ᠪᠦᠷᠢᠨᠰᠢᠬᠦᠯᠵᠦ᠂ ᠡᠷᠭᠦᠨ᠎ᠡ ᠶᠢᠨ ᠱᠠᠩᠺᠤᠯᠢ ᠨᠢᠰᠬᠡᠯ ᠤᠨ ᠪᠠᠭᠤᠳᠠᠯ᠂ ᠵᠠᠯᠠᠨ ᠠᠶᠢᠯ ᠤᠨ ᠴᠠᠶᠢᠾᠧ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠴᠢᠮᠡᠭᠡ︾ ᠶᠢᠨ ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠰᠤ ᠬᠠᠩᠭᠠᠬᠤ ᠬᠤᠳᠳᠤᠭ ᠢ 50 ᠰᠠᠤᠷᠢ ᠰᠢᠨ᠎ᠡ ᠪᠠᠷ ᠪᠠᠶᠢᠭᠤᠯᠤᠨ᠎ᠠ︔ 292 ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠡᠷᠦᠭᠡ ᠶᠢᠨ ᠴᠠᠬᠢᠯᠭᠠᠨ ᠲᠤᠤᠷ ᠤᠨ ᠤᠷᠲᠤᠳᠬᠠᠭᠰᠠᠨ ᠴᠠᠬᠢᠯᠭᠠᠨ ᠨᠡᠪᠲᠡᠷᠡᠬᠦᠯᠬᠦ ᠢᠨᠵᠧᠨᠧᠷᠢᠩ ᠪᠠ 5400 ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ᠂ 8 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠰᠢᠨ᠎ᠡ ᠡᠨᠧᠷᠭᠢ ᠶᠢᠨ ᠴᠠᠬᠢᠯᠭᠠᠨ ᠨᠡᠪᠲᠡᠷᠡᠬᠦᠯᠦᠨ ᠳᠡᠰ ᠳᠡᠪᠰᠢᠬᠦᠯᠬᠦ ᠢᠨᠵᠧᠨᠧᠷᠢᠩ ᠢ ᠪᠡᠶᠡᠯᠡᠬᠦᠯᠦᠨ᠎ᠡ︔ 5G ᠰᠠᠭᠤᠷᠢ ᠥᠷᠲᠡᠭᠡ ᠶᠢ 700 ᠰᠢᠨ᠎ᠡ ᠪᠠᠷ ᠪᠠᠶᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ