2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 10
ᠨᠡᠶᠢᠲᠡᠯᠡᠭᠰᠡᠨ ᠴᠠᠭ᠄
2024/2/7
       ︵ᠳᠣᠯᠤᠭ᠎ᠠ︶ ᠦᠢᠯᠡᠴᠢᠯᠡᠭᠡ ᠶᠢ ᠰᠢᠯᠢᠳᠡᠭᠵᠢᠬᠦᠯᠦᠨ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠨᠡᠶᠢᠬᠡᠮ ᠤᠨ ᠠᠵᠢᠯ ᠦᠢᠯᠡᠰ ᠢ ᠪᠦᠬᠦ ᠬᠦᠴᠦᠨ ᠢᠶᠠᠷ ᠴᠡᠴᠡᠭᠯᠡᠭᠦᠯᠦᠨ ᠬᠥᠭᠵᠢᠭᠦᠯᠦᠨ᠎ᠡ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ᠪᠦᠲᠦᠮᠵᠢᠲᠡᠶ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠬᠦᠯᠵᠦ᠂ ᠴᠢᠨᠠᠷᠯᠢᠭ ᠣᠯᠠᠨ ᠨᠡᠶᠢᠲᠡ ᠶᠢᠨ ᠦᠢᠯᠡᠴᠢᠯᠡᠬᠡᠨ ᠤ ᠦᠢᠯᠡᠳᠬᠦᠨ ᠤ ᠬᠠᠩᠭᠠᠯᠭ᠎ᠠ ᠶᠢ ᠴᠢᠩᠭᠠᠳᠬᠠᠨ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃       ᠨᠢᠭᠡ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠬᠥᠳᠡᠭᠡ ᠲᠣᠰᠬᠤᠨ ᠤ ᠰᠤᠶᠤᠯ ᠢ ᠬᠥᠭᠵᠢᠭᠦᠯᠦᠨ ᠮᠠᠨᠳᠤᠭᠤᠯᠬᠤ ︽ᠵᠠᠭᠤᠨ ᠲᠣᠰᠬᠤᠨ ᠤ ᠵᠢᠱᠢᠶ᠎ᠡ ᠦᠵᠡᠭᠦᠯᠬᠦ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ︽ᠵᠠᠭᠤᠨ ᠪᠦᠯᠬᠦᠮ ᠮᠢᠩᠭᠠᠨ ᠲᠠᠯᠠᠪᠤᠷ︾ ︽ᠪᠠᠶᠠᠰᠤᠯ ᠬᠦᠷᠭᠡᠬᠦ ᠪᠣᠯᠪᠠᠰᠤᠨ ᠬᠦᠷᠭᠡᠬᠦ︾ ᠵᠡᠷᠭᠡ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢ 1100 ᠲᠠᠯᠠᠪᠤᠷ ᠠᠴᠠ ᠳᠡᠭᠡᠭᠰᠢ ᠦᠷᠨᠢᠬᠦᠯᠦᠨ᠎ᠡ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ︽ᠠᠪᠤ · ᠶᠡᠭᠡ ᠬᠢᠩᠭᠠᠨ︾ ︽ᠡᠷᠡᠯᠬᠡᠭ ᠬᠢᠩᠭᠠᠨ︾ ᠭᠡᠬᠦ ᠲᠣᠭᠤᠷᠢᠨ ᠲᠣᠭᠯᠠᠯᠲᠠ ᠭᠠᠷᠭᠠᠨ᠎ᠠ᠃ ᠬᠥᠯᠥᠨ ᠪᠤᠶᠢᠷ ᠤᠨ ᠤᠳᠬ᠎ᠠ ᠤᠷᠠᠯᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠤᠨ ᠥᠪ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠡᠭᠦᠳᠦᠨ ᠪᠠᠶᠢᠭᠤᠯᠤᠯᠲᠠ ᠶᠢ ︽ᠵᠢᠷᠭᠤᠭᠠᠨ ᠵᠢᠯ ᠳᠠᠷᠠᠭᠠᠯᠠᠨ ᠮᠠᠩᠯᠠᠶᠢᠯᠠᠭᠤᠯᠬᠤ︾ ᠪᠠᠷ ᠴᠢᠷᠮᠠᠶᠢᠨ᠎ᠠ᠃       ᠬᠤᠶᠠᠷ ᠲᠤ ᠠᠷᠠᠳ ᠲᠦᠮᠡᠨ ᠤ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠡᠯ᠎ᠡ ᠬᠢᠴᠢᠶᠡᠯ ᠲᠦᠷᠦᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠵᠢᠴᠢ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 3 ᠰᠢᠨ᠎ᠡ ᠪᠠᠷ ᠪᠠᠶᠢᠭᠤᠯᠬᠤ ᠪᠠ ᠨᠡᠭᠦᠯᠭᠡᠨ ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 56% ᠠᠴᠠ ᠳᠡᠭᠡᠭᠰᠢ ᠳᠤ ᠲᠤᠭᠲᠠᠪᠤᠷᠢᠵᠢᠭᠤᠯᠤᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷᠯᠢᠭ ᠲᠡᠩᠴᠡᠭᠦᠷᠢᠲᠡᠢ ᠰᠢᠶᠠᠨ︾ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠪᠤᠶᠢᠷ ᠪᠠᠭ᠎ᠠ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠶᠢᠯᠠᠷ ᠲᠣᠭᠤᠷᠢᠭ ᠲᠤ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠬᠠᠷᠢᠶᠠᠲᠤ ᠬᠥᠯᠥᠨ ᠪᠤᠶᠢᠷ ᠰᠤᠷᠭᠠᠭᠤᠯᠢ ᠶᠢ ᠡᠬᠢᠯᠡᠨ ᠪᠠᠶᠢᠭᠤᠯᠤᠨ᠎ᠠ᠃ ᠳᠠᠯᠳᠠ ᠤᠨᠳᠤᠤᠰᠢᠭᠰᠠᠨ ᠪᠣᠯᠪᠠᠰᠤᠷᠠᠭᠤᠯᠤᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽3+1+2︾ ᠰᠢᠨ᠎ᠡ ᠤᠯᠤᠰ ᠤᠨ ᠰᠢᠯᠭᠠᠯᠲᠠ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤ ᠶᠢᠨ ᠬᠥᠭᠵᠢᠯᠲᠡ ᠶᠢ ᠠᠬᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ︽ᠬᠤᠤᠰ ᠥᠨᠳᠥᠷ ᠬᠤᠤᠰ ᠴᠢᠨᠠᠷᠯᠢᠭ︾ ︽ᠴᠢᠨᠠᠷᠵᠢᠭᠤᠯᠤᠨ ᠰᠢᠯᠢᠳᠡᠭᠵᠢᠭᠦᠯᠬᠦ︾ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠵᠦ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠰᠤᠷᠭᠠᠭᠤᠯᠢ ᠶᠢ ᠰᠠᠶᠢᠲᠤᠷ ᠡᠷᠬᠢᠯᠡᠨ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠤᠨ ᠪᠤᠳᠠᠳᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃       ᠭᠤᠷᠪᠠ ᠳᠤ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ ᠶᠢ ᠲᠤᠳᠤᠷᠬᠠᠶᠢᠯᠠᠨ ᠬᠤᠯᠪᠤᠭᠠᠯᠠᠵᠤ ᠬᠤᠳᠠᠯᠳᠤᠨ ᠠᠪᠬᠤ ᠬᠥᠯᠥᠨ ᠪᠤᠶᠢᠷ ᠤᠨ ᠲᠤᠰᠬᠠᠢ ᠲᠣᠭᠤᠷᠢᠭ︾ ᠢ ᠰᠦᠪᠡᠭᠴᠢᠯᠡᠨ ᠪᠠᠶᠢᠭᠤᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠠ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾  ᠶᠢ 6 ᠡᠷᠦᠬᠡ ᠰᠢᠨ᠎ᠡ ᠪᠠᠷ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠡᠰ ᠤᠨ ᠡᠮᠴᠢᠯᠡᠭᠡᠨ ᠤ ᠭᠤᠣᠯᠳᠠᠯᠭ᠎ᠠ ᠲᠠᠢ 6 ᠲᠥᠷᠥᠯ ᠤᠨ ᠲᠤᠰᠬᠠᠢ ᠰᠠᠯᠠᠭ᠎ᠠ ᠶᠢ ᠪᠠᠶᠢᠭᠤᠯᠤᠨ᠎ᠠ᠃ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠮᠠᠨᠵᠤᠤᠷ ᠬᠤᠲᠠ᠂ ᠠᠷᠤᠨ ᠬᠤᠰᠢᠭᠤᠨ ᠤ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ ᠪᠠᠶᠢᠭᠤᠯᠬᠤ ᠶᠢ ᠠᠬᠢᠭᠤᠯᠵᠤ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠦᠷᠬᠦᠯᠵᠢᠯᠡᠨ ᠥᠷᠨᠢᠭᠦᠯᠦᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠵᠦ᠂ ᠬᠤᠰᠢᠭᠤ ᠬᠤᠲᠠ ᠲᠣᠭᠤᠷᠢᠭ ᠪᠦᠷᠢ ᠳᠤ ᠠᠳᠠᠭ ᠲᠠᠭᠠᠨ 1 ᠠᠯᠪᠠᠨ ᠠᠴᠠ ᠡᠷᠭᠢᠯᠡᠭᠰᠡᠨ ᠨᠢᠯᠬᠠᠰ ᠰᠠᠭᠠᠲᠠᠭᠤᠯᠬᠤ ᠪᠠᠶᠢᠭᠤᠯᠤᠮᠵᠢ ᠶᠢ ᠪᠠᠶᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬᠠᠰ ᠤᠨ ᠣᠷᠣᠨ ᠲᠤᠭ᠎ᠠ ᠶᠢ 7900 ᠠᠴᠠ ᠳᠡᠭᠡᠭᠰᠢ ᠳᠤ ᠬᠦᠷᠭᠡᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠲᠤᠬᠢᠷᠠᠭᠤᠯᠤᠯᠲᠠ ᠶᠢᠨ ᠬᠠᠷᠢᠴᠠᠯ ᠢ 80% ᠳᠤ ᠬᠦᠷᠭᠡᠨ᠎ᠡ᠃ ᠡᠷᠡᠭᠦᠯ ᠡᠩᠬᠡ ᠬᠥᠯᠥᠨ ᠪᠤᠶᠢᠷ ᠤᠨ ᠠᠵᠢᠯᠯᠠᠭ᠎ᠠ ᠶᠢ ᠪᠠᠲᠤᠲᠠᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃       ᠳᠥᠷᠪᠡ ᠳᠤ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ᠃ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂   ︽ᠠᠷᠪᠢᠴᠢ ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠢ ᠤᠨᠤᠴᠠᠲᠠᠢ ᠰᠠᠶᠢᠲᠤᠷ ᠬᠢᠵᠦ᠂ ᠬᠥᠯᠥᠨ ᠪᠤᠶᠢᠷ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠬᠦᠯᠦᠨ᠎ᠡ᠃ ︽ᠨᠢᠭᠡ ᠴᠤᠭᠯᠠᠭᠠᠨ ᠢ ᠰᠠᠶᠢᠲᠤᠷ ᠡᠷᠬᠢᠯᠡᠨ᠂ ᠨᠢᠭᠡ ᠬᠤᠳᠠ ᠶᠢ ᠳᠡᠭᠡᠭᠰᠢᠯᠡᠬᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠢᠰᠦᠨ ᠶᠡᠭᠡ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠤᠳᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠷᠢᠨ ᠪᠥᠷᠬᠦᠭᠦᠯᠬᠦ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠢ ᠡᠭᠦᠳᠴᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠡᠪᠦᠯ ᠤᠨ ᠤᠯᠠᠷᠢᠯ ᠤᠨ ᠪᠠᠭᠠᠲᠤᠷ ᠵᠣᠷᠢᠭᠲᠠᠳ ᠤᠨ ᠴᠤᠭᠯᠠᠭᠠᠨ᠂ ᠬᠦᠢᠳᠡᠨ ᠲᠦᠢᠯ ᠤᠨ ᠮᠠᠷᠠᠽᠤᠨ᠂ ᠮᠦᠰᠦ ᠴᠠᠰᠤᠨ ᠤ ᠨᠠᠭᠠᠳᠤᠮ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠷᠥᠯ ᠲᠡᠮᠳᠡᠭᠲᠦ ᠶᠢ ᠨᠠᠷᠢᠨ ᠨᠢᠮᠪᠠᠶ ᠡᠭᠦᠳᠴᠦ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷᠯᠢᠭ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠲᠠᠯᠠᠪᠠᠶ ᠣᠷᠳᠣᠨ ᠢ ᠪᠠᠶᠢᠩᠭᠤ ᠬᠠᠮᠠᠭᠠᠯᠠᠨ ᠠᠰᠢᠭᠯᠠᠬᠤ ᠪᠠᠶᠢᠩᠭᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠡᠪᠦᠯ ᠤᠨ ᠴᠤᠭᠯᠠᠭᠠᠨ ᠤ ᠠᠷᠢᠭᠤᠨ ᠭᠠᠯ ᠢᠶᠠᠷ ᠬᠥᠯᠥᠨ ᠪᠤᠶᠢᠷ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠬᠦᠭᠵᠢᠭᠡᠨ᠎ᠡ᠃       ︵ᠨᠠᠢᠮᠠ︶ ᠦᠨᠳᠦᠰᠦ ᠶᠢ ᠪᠠᠲᠤᠯᠠᠨ ᠪᠦᠯᠬᠦᠮᠳᠡᠯ ᠢ ᠠᠬᠢᠭᠤᠯᠬᠤ ᠶᠢ ᠪᠠᠷᠢᠮᠲᠠᠯᠠᠨ᠂ ᠣᠯᠠᠨ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠥᠬᠦ ᠬᠦᠴᠦᠨ ᠢᠶᠠᠷ ᠢᠶᠠᠨ ᠬᠠᠩᠭᠠᠨ᠎ᠠ᠃ ᠴᠢᠳᠠᠯ ᠤᠨ ᠢᠶᠠᠨ ᠬᠢᠷᠢ ᠪᠠᠷ ᠴᠢᠷᠮᠠᠶᠢᠬᠤ᠂ ᠪᠦᠬᠦ ᠬᠦᠴᠦᠨ ᠢᠶᠠᠷ ᠢᠶᠠᠨ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠤᠷᠠᠳᠤ ᠱᠤᠭᠤᠮ ᠢ ᠣᠨᠣᠪᠴᠢᠲᠠᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠥᠷᠭᠡᠨ ᠤᠯᠠᠨ ᠲᠦᠮᠡᠨ ᠳᠤ ᠨᠡᠩ ᠶᠡᠭᠡ ᠬᠤᠪᠢᠷᠠᠯᠲᠠ᠂ ᠨᠡᠩ ᠤᠯᠠᠨ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃       ᠨᠢᠭᠡ ᠳᠤ ᠦᠢᠯᠡᠰ ᠪᠤᠰᠬᠠᠨ ᠠᠵᠢᠯ ᠣᠯᠭᠤᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠩ ᠣᠯᠠᠨ ᠠᠵᠢᠯ ᠤᠯᠭᠤᠬᠤ ᠠᠵᠢᠯ ᠤᠨ ᠪᠠᠶᠢᠷᠢ ᠶᠢ ᠠᠭᠤᠳᠠᠯᠬᠤ ᠪᠠ ᠤᠳᠤᠬᠢ ᠠᠵᠢᠯ ᠤᠯᠭᠤᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠥᠷᠭᠡᠨ ᠣᠯᠠᠨ ᠬᠥᠳᠡᠯᠮᠦᠷᠢᠴᠢᠳ ᠤᠨ ᠲᠤᠬᠠᠶ ᠶᠢᠨ ᠭᠠᠵᠠᠷ ᠲᠠᠭᠠᠨ ᠪᠤᠶᠤ ᠣᠶᠢᠷᠠᠯᠴᠠᠭ᠎ᠠ ᠭᠠᠵᠠᠷ ᠦᠢᠯᠡᠰ ᠪᠤᠰᠬᠠᠵᠤ ᠠᠵᠢᠯ ᠤᠯᠬᠤ ᠶᠢ ᠵᠢᠯᠤᠭᠤᠳᠤᠨ ᠲᠡᠳᠬᠦᠵᠦ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ ᠢ 1 ᠲᠦᠮᠡᠨ ᠬᠦᠮᠦᠨ ᠨᠡᠮᠡᠭᠳᠡᠬᠦᠯᠦᠨ᠎ᠡ᠃ ᠠᠵᠢᠯ ᠣᠯᠭᠤᠯᠲᠠ ᠶᠢ ᠲᠤᠰᠠᠯᠠᠬᠤ ᠰᠠᠷ᠎ᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠷᠰᠠᠷ ᠠᠵᠢᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯ ᠤᠯᠬᠤ ᠳᠤ ᠬᠦᠴᠢᠷᠳᠡᠯᠳᠡᠢ ᠬᠥᠮᠦᠰ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠦᠨᠡᠨ ᠨᠡᠷ᠎ᠡ ᠶᠢᠨ ᠳᠦᠷᠢᠮᠲᠦ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ︽ᠬᠦᠯᠦᠨ ᠪᠤᠶᠢᠷ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠥᠷᠭᠡᠳᠬᠡᠨ᠂ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ