2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 11
ᠨᠡᠶᠢᠲᠡᠯᠡᠭᠰᠡᠨ ᠴᠠᠭ᠄
2024/2/7
       ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠬᠤᠲᠠ ᠶᠢᠨ ᠱᠠᠲᠤ ᠠᠴᠠ ᠬᠠᠮᠢᠶᠠᠷᠬᠤ ᠶᠢ ᠠᠬᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 1.5 ᠲᠦᠮᠡᠨ ᠬᠥᠮᠦᠨ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠵᠤ ᠲᠠᠩᠰᠠ ᠲᠠᠶᠢᠯᠬᠤ ᠬᠠᠷᠢᠴᠠᠯ ᠢ 65% ᠪᠣᠯᠲᠠᠯ᠎ᠠ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠠᠮᠲᠤᠯᠢᠭ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠦᠯᠦᠪᠯᠡᠨ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃ 900 ᠡᠷᠦᠬᠡ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠤᠬᠢᠷᠠᠭᠤᠯᠬᠤ ᠪᠠᠷ ᠦᠭᠡᠷᠡᠴᠢᠯᠡᠨ ᠰᠢᠨᠡᠳᠬᠡᠬᠦ ᠶᠢ ᠪᠡᠶᠡᠯᠡᠬᠦᠯᠵᠦ᠂ ᠰᠤᠮᠤ ᠰᠢᠶᠠᠩ ᠪᠠᠯᠭᠠᠰᠤ ᠪᠠ ᠲᠤᠰᠬᠤᠨ ᠤ ᠱᠠᠲᠤᠨ ᠤ 43 ᠨᠠᠰᠤᠵᠢᠯ ᠤᠨ ᠦᠢᠯᠡᠴᠢᠯᠡᠭᠡᠨ ᠤ ᠦᠷᠲᠡᠭᠡ ᠶᠢ ᠪᠦᠲᠦᠭᠡᠨ ᠪᠠᠶᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠲᠦᠪᠰᠢᠨ ᠢ ᠳᠡᠭᠡᠭᠰᠢᠯᠡᠭᠦᠯᠦᠨ᠎ᠡ᠃       ᠭᠤᠷᠪᠠ ᠳᠤ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠬᠦᠯᠦᠨ ᠦᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠤ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠬᠦᠯᠦᠨ ᠪᠤᠳᠠᠳᠠᠶᠢᠵᠢᠭᠤᠯᠬᠤ ᠶᠢ ᠠᠬᠢᠭᠤᠯᠤᠨ᠎ᠠ᠃ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠬᠡᠷ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ︽ᠳᠦᠷᠪᠡᠨ ᠵᠠᠭᠤᠨ ᠮᠢᠩᠭᠠᠨ ᠲᠦᠮᠡᠨ︾ ᠢᠨᠵᠧᠨᠧᠷᠢᠩ ᠢ ᠬᠡᠷᠡᠭᠵᠢᠬᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠥᠯᠥᠪᠯᠡᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ︽ᠳᠥᠷᠪᠡᠨ ᠬᠠᠮᠲᠤ︾ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤᠮᠳᠠ ᠵᠢᠱᠢᠶ᠎ᠡ ᠦᠵᠡᠭᠦᠯᠬᠦ ᠪᠠᠷ ᠴᠢᠷᠮᠠᠶᠢᠨ᠎ᠠ᠃       ︵ᠶᠢᠰᠦ︶ ᠠᠮᠤᠷ ᠲᠦᠪᠰᠢᠨ ᠢ ᠬᠦᠴᠦᠯᠡᠨ ᠪᠠᠲᠤᠯᠠᠬᠤ ᠶᠢ ᠪᠠᠷᠢᠮᠳᠠᠯᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨᠲᠦ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠨ᠂ ᠬᠢᠵᠠᠭᠠᠷ ᠱᠤᠭᠤᠮ ᠤᠨ ᠰᠡᠳᠬᠢᠬᠦᠶ ᠪᠠ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠠᠮᠤᠷ ᠠᠮᠤᠭᠤᠯᠠᠩ ᠬᠥᠯᠥᠨ ᠪᠤᠶᠢᠷ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃       ᠨᠢᠭᠡ ᠳᠤ ᠠᠶᠤᠯᠭᠦᠢ ᠦᠢᠯᠡᠳᠪᠦᠷᠢᠯᠡᠯ ᠢ ᠴᠢᠩᠭ᠎ᠠ ᠠᠩᠬᠠᠷᠴᠤ ᠪᠣᠳᠠᠲᠠᠢ ᠠᠳᠬᠤᠨ᠎ᠠ᠃ ᠠᠶᠤᠯᠬᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠥᠷᠨᠢᠭᠦᠯᠵᠦ᠂ ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠪᠠ ᠠᠵᠢᠯᠲᠠᠨ ᠤ ᠨᠥᠭᠡᠴᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠴᠡᠭᠴᠡᠯᠡᠨ ᠰᠠᠶᠢᠵᠢᠷᠠᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠭᠤᠷᠬᠠᠢ᠂ ᠠᠶᠤᠯᠲᠠᠢ ᠬᠢᠮᠢ᠂ ᠪᠠᠷᠢᠯᠭ᠎ᠠ᠂ ᠰᠢᠲᠠᠮᠠᠬᠠᠢ ᠬᠡᠢ ᠵᠡᠷᠭᠡ ᠬᠦᠷᠢᠶ᠎ᠡ ᠴᠠᠷᠠᠭᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠬᠦᠯᠵᠦ᠂ ᠣᠨᠳᠣᠣ ᠭᠠᠵᠠᠷ ᠲᠤ ᠰᠤᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ︾ ᠱᠠᠭᠠᠷᠳᠠᠯᠭ᠎ᠠ ᠶᠢ ᠡᠯ᠎ᠡ ᠱᠠᠲᠤᠨ ᠤ ᠡᠯ᠎ᠡ ᠬᠦᠷᠢᠶ᠎ᠡ ᠴᠠᠷᠠᠭ᠎ᠠ ᠳᠤ ᠨᠠᠶᠢᠳᠠᠪᠤᠷᠢᠵᠢᠭᠤᠯᠤᠨ᠎ᠠ᠃ ᠤᠯᠤᠰ ᠤᠨ ᠲᠠᠰ ᠤᠨ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠳᠤᠮᠳᠠᠳᠤ ᠣᠷᠣᠰ ᠮᠣᠩᠭᠤᠯ ᠤᠨ ᠬᠢᠯᠢ ᠬᠢᠵᠠᠭᠠᠷ ᠣᠷᠣᠨ ᠤ ᠭᠠᠯ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ 1168 ᠺᠢᠯᠣᠮᠧᠲᠷ ᠭᠠᠷᠭᠠᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠵᠦᠢ ᠶᠢᠨ ᠭᠠᠮᠰᠢᠭ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠦᠨ᠂ ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃       ᠬᠤᠶᠠᠷ ᠲᠤ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ + ᠬᠤᠲᠠ ᠶᠢᠨ ᠬᠡᠪᠴᠢᠶᠡᠨ ᠤ ᠵᠠᠰᠠᠯᠲᠠ︾ ᠶᠢᠨ ᠨᠡᠶᠢᠭᠡᠮ ᠤᠨ ᠵᠠᠰᠠᠯᠲᠠ ᠶᠢᠨ ᠲᠥᠷᠥᠯ ᠲᠡᠮᠳᠡᠭᠲᠦ ᠶᠢ ᠭᠦᠨᠵᠡᠭᠡᠶ ᠠᠰᠢᠭᠯᠠᠵᠤ᠂ ᠨᠡᠶᠢᠭᠡᠮ ᠤᠨ ᠵᠠᠰᠠᠯᠲᠠ ᠶᠢᠨ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠦ ᠲᠦᠷᠢᠮ ᠬᠢᠭᠡᠳ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠥᠷᠪᠡᠨ ᠱᠠᠲᠤᠨ ᠤ ︽ᠨᠢᠭᠡ ᠥᠷᠲᠡᠭᠡ ᠮᠠᠶ᠋ᠢᠭ︾ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠠᠬᠢᠭᠤᠯᠤᠨ᠂ ︽ᠵᠢᠷᠭᠤᠭ᠎ᠠ ᠥᠬᠡᠶ︾ ᠰᠢᠶᠠᠩ ᠲᠣᠰᠬᠤᠨ ᠤ ᠣᠳᠣᠨ ᠲᠠᠰ ᠢ ᠡᠭᠦᠳᠦᠨ ᠪᠠᠶᠢᠭᠤᠯᠬᠤ ᠶᠢ ᠥᠷᠨᠢᠭᠦᠯᠵᠦ᠂ ︽ᠪᠣᠭᠤᠮᠲᠠ ᠬᠤᠷᠢᠭ᠎ᠠ ᠶᠢ ᠡᠮᠦᠨᠡᠰᠢᠯᠡᠬᠦᠯᠬᠦ᠂ ᠵᠠᠭᠠᠯᠳᠤᠯᠭ᠎ᠠ ᠬᠢᠬᠦ ᠥᠬᠡᠶ ᠶᠢ ᠤᠷᠢᠳᠠᠪᠠᠷ ᠭᠦᠢᠴᠡᠳᠬᠡᠬᠦ᠂ ᠵᠠᠭᠠᠯᠳᠤᠯᠭ᠎ᠠ ᠶᠢ ᠬᠦᠯᠢᠶᠡᠮᠡᠭᠴᠡ ᠳᠠᠷᠤᠶ ᠳᠤᠨᠢ ᠭᠦᠢᠴᠡᠳᠬᠡᠬᠦ︾ ᠶᠢ ᠪᠡᠶᠡᠯᠡᠭᠦᠯᠦᠨ᠂ ᠡᠯ᠎ᠡ ᠲᠥᠷᠥᠯ ᠤᠨ ᠵᠥᠷᠢᠴᠡᠯ ᠪᠠ ᠠᠰᠠᠭᠤᠳᠠᠯ ᠢ ᠡᠬᠢ ᠡᠭᠦᠰᠦᠯ ᠠᠴᠠ ᠨᠢ ᠲᠣᠬᠢᠲᠠᠶ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠦᠭᠴᠦ ᠰᠡᠷᠬᠡᠶᠢᠯᠡᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃       ᠭᠤᠷᠪᠠ ᠳᠤ ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢ ᠴᠢᠩᠭᠠᠷᠠᠭᠤᠯᠤᠨ᠂ ᠳᠠᠯᠳᠠ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ ᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠪᠠ ᠡᠳ᠋ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠬᠠᠷᠢᠶ᠎ᠠ ᠭᠠᠵᠠᠷ ᠤᠨ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠬᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠲᠦᠭᠰᠢᠭᠦᠷᠢ ᠶᠡᠬᠡᠲᠡᠢ ᠳᠠᠭᠠᠭᠠᠯᠲᠠ ᠶᠢᠨ ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠮᠥᠷᠳᠡᠨ ᠵᠢᠯᠣᠭᠤᠳᠬᠤ ᠶᠢ ᠥᠷᠨᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃       ᠭᠤᠷᠪᠠ᠂ ᠵᠠᠰᠠᠭ ᠤᠨ ᠣᠷᠳᠣᠨ ᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ        ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠨ᠂ ︽ᠠᠷᠪᠠᠨ ᠵᠤᠷᠪᠤᠰ ᠲᠤᠷᠰᠢᠯᠭ᠎ᠠ ᠬᠢᠳᠡᠯ︾ ᠢ ᠬᠡᠷᠡᠭᠯᠡᠵᠦ᠂ ︽ᠲᠠᠪᠤ ᠶᠢ ᠪᠠᠷᠢᠮᠲᠠᠯᠠᠬᠤ ᠪᠠ ᠬᠠᠮᠵᠢᠯᠴᠠᠬᠤ︾ ᠶᠢ ᠡᠵᠡᠮᠰᠢᠵᠦ᠂ ᠦᠨᠡᠨ ᠪᠣᠳᠠᠲᠠᠢ ᠶᠢ ᠲᠡᠷᠢᠭᠦᠨ ᠳᠤ ᠲᠠᠯᠪᠢᠵᠤ᠂ ᠰᠢᠷᠭᠠᠭᠤ ᠠᠵᠢᠯᠯᠠᠬᠤ ᠪᠠᠷ ᠤᠷᠢᠳᠠᠴᠢ ᠪᠤᠯᠭᠠᠨ᠂ ᠠᠷᠠᠳ ᠲᠦᠮᠡᠨ ᠤ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ