2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 12
ᠨᠡᠶᠢᠲᠡᠯᠡᠭᠰᠡᠨ ᠴᠠᠭ᠄
2024/2/7
       ᠨᠢᠭᠡ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠪᠠᠷ ᠵᠢᠯᠣᠭᠤᠳᠤᠮᠵᠢ ᠪᠤᠯᠠᠭᠠᠨ᠂ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ︽ᠬᠤᠶᠠᠷ ᠢ ᠲᠤᠭᠲᠠᠭᠠᠭᠰᠠᠨ︾ ᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠳᠦᠯᠭᠡᠵᠢᠬᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠨᠢᠭᠡᠳᠦᠭᠡᠷ ᠵᠥᠪᠯᠡᠬᠦ ᠰᠡᠳᠦᠪ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠤᠨ ᠲᠡᠷᠢᠭᠦᠨ ᠴᠢᠬᠤᠯᠠ ᠠᠭᠤᠯᠭ᠎ᠠ ᠶᠢᠨ ᠳᠦᠷᠢᠮ ᠢ ᠴᠢᠩᠭ᠎ᠠ ᠬᠡᠷᠡᠭᠵᠢᠬᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ ᠶᠣᠰᠣ ᠳᠦᠷᠢᠮ ᠢ ᠤᠶᠢᠯᠠᠭᠠᠬᠤ᠂ ᠪᠢᠰᠢᠷᠡᠨ ᠵᠢᠷᠦᠬᠡᠰᠢᠶᠡᠬᠦ  ᠶᠢ ᠮᠡᠳᠡᠬᠦ᠂ ᠬᠢᠵᠠᠭᠠᠷ ᠱᠤᠭᠤᠮ ᠢ ᠰᠠᠬᠢᠬᠤ ᠶᠢ ᠪᠠᠷᠢᠮᠲᠠᠯᠠᠵᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠬᠦᠯᠬᠦ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠪᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠠᠰᠤᠷᠤ ᠰᠠᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠬᠦᠯᠦᠨ᠎ᠡ᠃        ᠬᠤᠶᠠᠷ ᠲᠤ ᠠᠷᠠᠳ ᠲᠦᠮᠡᠨ ᠢ ᠳᠤᠲᠤᠨᠤᠴᠢᠯᠠᠨ ᠠᠷᠠᠳ ᠲᠦᠮᠡᠨ ᠤ ᠲᠦᠯᠦᠭᠡ ᠦᠢᠯᠡᠴᠢᠯᠡᠬᠦ ᠶᠢ ᠰᠢᠯᠢᠳᠡᠭᠵᠢᠬᠦᠯᠦᠨ᠎ᠡ᠃ ᠬᠡᠵᠢᠶᠡᠳᠡ ᠠᠷᠠᠳ ᠤᠨ ᠲᠥᠯᠥᠭᠡ ᠵᠢᠳᠬᠦᠵᠦ᠂ ᠠᠷᠠᠳ ᠤᠨ  ᠠᠮᠢᠳᠤᠷᠠᠯ ᠤᠨ ᠪᠤᠳᠠᠳᠤ ᠶᠠᠪᠤᠳᠠᠯ ᠤᠨ ᠨᠠᠷᠢᠨ ᠳᠠᠩᠰᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠲᠠᠢ ᠬᠠᠷᠢᠯᠴᠠᠬᠤ᠂ ᠠᠵᠤ ᠠᠬᠤᠶᠢᠯᠠᠯ ᠢ ᠳᠠᠭᠠᠭᠠᠴᠢᠯᠠᠨ ᠬᠠᠷᠢᠯᠴᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠵᠡᠷᠭᠡ ᠳᠦᠷᠢᠮ ᠢ ᠪᠦᠷᠢᠨᠰᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠠᠰᠠᠭᠤᠳᠠᠯ ᠢ ᠪᠤᠳᠤᠯᠬᠢᠯᠠᠵᠤ᠂ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠭᠦᠢᠴᠡᠳᠬᠡᠵᠦ᠂ ᠠᠷᠠᠳ ᠲᠦᠮᠡᠨ ᠳᠤ ᠦᠢᠯᠡᠴᠢᠯᠡᠬᠦ ᠰᠤᠷᠳᠠᠯ ᠢ ᠪᠤᠳᠠᠳᠤ ᠠᠵᠢᠯᠯᠠᠭᠠᠨ ᠳᠡᠭᠡᠷ᠎ᠡ ᠨᠠᠶᠢᠳᠠᠪᠤᠷᠢᠵᠢᠭᠤᠯᠤᠨ᠎ᠠ᠃ ︽ᠠᠷᠪᠢᠴᠢ ᠭᠠᠮᠲᠠᠢ ᠠᠮᠢᠳᠤᠷᠠᠬᠤ︾ ᠶᠢ ᠳᠠᠳᠬᠠᠯᠰᠢᠵᠦ᠂ ︽ᠵᠠᠰᠠᠭ ᠤᠨ ᠣᠷᠳᠣᠨ ᠤ ᠲᠤᠮᠤ ᠬᠦᠷᠢᠶᠡᠨ ᠳᠤ ᠢᠨᠵᠧᠨᠧᠷᠢᠩ ᠦᠬᠡᠢ ᠣᠨ︾ ᠤ ᠠᠵᠢᠯᠯᠠᠭᠠᠨ ᠢ ᠥᠷᠨᠢᠭᠦᠯᠦᠨ᠂ ︽ᠰᠢᠨ᠎ᠡ ᠳᠦᠷᠢ ᠳᠦᠷᠬᠦ ᠶᠢᠨ ᠢᠨᠵᠧᠨᠧᠷᠢᠩ︾ ᠢ ᠰᠡᠷᠭᠡᠶᠢᠯᠡᠨ ᠵᠠᠰᠠᠵᠤ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠨ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠬᠢᠭᠡᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠨᠠᠩ ᠤᠨᠤᠴᠠᠲᠠᠢ ᠬᠡᠷᠡᠭᠯᠡᠨ᠎ᠡ᠃       ᠭᠤᠷᠪᠠ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠦᠨᠡᠨᠴᠢ ᠢᠲᠡᠭᠡᠮᠵᠢ ᠶᠢ ᠴᠢᠬᠤᠯᠠᠴᠢᠯᠠᠨ᠎ᠠ᠃ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠵᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠨᠤᠲᠠᠯᠠᠯᠲᠠ ᠬᠢᠬᠦ᠂ ᠬᠠᠤᠯᠢ ᠶᠤᠰᠤᠭᠠᠷ ᠬᠢᠨᠠᠨ ᠪᠠᠶᠢᠴᠠᠭᠠᠬᠤ᠂ ᠬᠠᠮᠲᠤ ᠪᠠᠷ ᠢᠶᠠᠨ ᠶᠠᠷᠢᠯᠴᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠴᠤᠪᠤᠷᠠᠯ ᠢ ᠬᠢᠨᠠᠮᠠᠭᠠᠢ ᠭᠦᠢᠴᠡᠳᠬᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠴᠢᠨᠠᠷᠵᠢᠭᠤᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢᠨ ᠠᠵᠢᠯᠯᠠᠭᠠᠨ ᠢ ᠢᠯᠡ ᠲᠤᠳᠤ ᠶᠠᠪᠤᠭᠳᠠᠭᠤᠯᠤᠨ᠎ᠠ᠃ ᠦᠨᠡᠨᠴᠢ ᠢᠲᠡᠭᠡᠮᠵᠢᠳᠡᠢ ᠶᠢ ᠵᠠᠰᠠᠭ ᠶᠠᠪᠤᠭᠤᠯᠬᠤ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠠᠭᠰᠠᠨ ᠭᠡᠷ᠎ᠡ᠂ ᠠᠮᠠᠯᠠᠭᠰᠠᠨ ᠠᠮᠠᠯᠠᠯᠲᠠ᠂ ᠥᠷᠢᠲᠦᠭᠰᠡᠨ ᠬᠠᠭᠤᠴᠢᠨ ᠲᠠᠩᠰᠠ ᠳᠤ ᠭᠡᠷ᠎ᠡ ᠶᠢ ᠴᠢᠩᠭ᠎ᠠ ᠭᠦᠢᠴᠡᠳᠬᠡᠨ᠂ ᠨᠢᠭᠡᠳ ᠨᠢᠭᠡ ᠪᠠᠷ ᠪᠡᠶᠡᠯᠡᠭᠦᠯᠵᠦ᠂ ᠬᠤᠭᠤᠴᠠᠭ᠎ᠠ ᠶᠣᠰᠣᠭᠠᠷ ᠲᠥᠯᠥᠵᠦ᠂ ᠦᠨᠡᠨᠴᠢ ᠢᠲᠡᠭᠡᠮᠵᠢ ᠶᠢ ᠡᠷᠬᠢᠮᠯᠡᠬᠦ ᠳᠦᠷᠢ ᠲᠥᠷᠬᠦ ᠶᠢ ᠡᠷᠡᠰ ᠪᠤᠢ ᠪᠤᠯᠭᠠᠨ᠎ᠠ᠃        ᠲᠦᠷᠪᠡ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠣᠪᠤᠷ ᠰᠤᠷᠲᠠᠯ ᠢᠶᠠᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠦᠷᠨᠢᠬᠦᠯᠬᠦ ᠪᠠᠷ ᠭᠠᠷᠳᠠᠴᠠ ᠪᠣᠯᠭᠠᠵᠤ᠂ ᠪᠦᠬᠦ ᠤᠯᠤᠰ ᠪᠦᠬᠦ ᠣᠷᠣᠨ ᠤ ᠲᠡᠷᠢᠭᠦᠨ ᠤ ᠭᠠᠵᠠᠷ ᠣᠷᠣᠨ ᠯᠤᠭ᠎ᠠ ᠬᠠᠷᠭᠤᠭᠤᠯᠵᠤ᠂ ᠪᠠᠷᠢᠮᠵᠢᠶ᠎ᠠ ᠶᠢ ᠦᠨᠳᠦᠷᠵᠢᠬᠦᠯᠬᠦ᠂ ᠬᠠᠷᠠᠯᠲᠠ ᠪᠠᠨ ᠲᠤᠳᠤᠷᠬᠠᠶᠢᠯᠠᠬᠤ᠂ ᠲᠥᠰᠥᠯ ᠲᠤᠭᠲᠠᠭᠠᠵᠤ᠂ ᠡᠯ᠎ᠡ ᠭᠠᠵᠠᠷ ᠣᠷᠣᠨ ᠡᠯ᠎ᠡ ᠬᠦᠷᠢᠶ᠎ᠡ ᠴᠠᠷᠠᠭᠠᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠᠷ ᠰᠠᠭᠤᠷᠢᠯᠠᠨ᠂ ᠲᠤᠷᠰᠢᠯᠭ᠎ᠠ ᠪᠠᠨ ᠳ᠋ᠦᠩᠨᠡᠵᠦ᠂ ᠬᠢᠳᠡᠯ ᠢ ᠳᠡᠯᠭᠡᠷᠡᠭᠦᠯᠦᠨ᠂ ᠰᠡᠳᠬᠢᠮᠵᠢ ᠪᠠᠨ ᠦᠷᠭᠡᠳᠬᠡᠵᠦ᠂ ᠠᠵᠢᠯ ᠤᠨ ᠭᠦᠢᠴᠡᠳᠬᠡᠬᠦ ᠴᠢᠳᠠᠪᠤᠷᠢ᠂ ᠨᠠᠶᠢᠳᠠᠪᠤᠷᠢᠵᠢᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠪᠠ ᠵᠠᠰᠠᠭ ᠤᠨ ᠣᠷᠳᠣᠨ ᠤ ᠰᠢᠰᠲ᠋ᠧᠮ ᠤᠨ ︽ᠶᠢᠰᠦᠨ ᠲᠠᠯ᠎ᠠ ᠶᠢᠨ ᠱᠠᠭᠠᠷᠳᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠹᠷᠤᠨᠲ ᠤᠨ ᠬᠢᠨ ᠬᠤᠰᠢᠭᠤ ᠬᠤᠲᠠ ᠲᠤᠭᠤᠷᠢᠭ ᠤᠨ ᠤᠯᠠᠷᠢᠯ ᠢᠶᠠᠷ ᠬᠤᠲᠠ ᠶᠢᠨ ᠵᠠᠰᠠᠭ ᠤᠨ ᠤᠷᠳᠤᠨ ᠢᠶᠠᠷ ᠰᠢᠢᠳᠪᠦᠷᠢᠯᠡᠬᠦᠯᠬᠦ ᠴᠢᠬᠤᠯᠠᠳᠠᠢ ᠠᠰᠠᠭᠤᠳᠠᠯ ᠤᠨ ᠨᠠᠷᠢᠨ ᠳᠠᠩᠰᠠ ᠶᠢ ᠡᠮᠬᠢᠯᠡᠨ ᠲᠢᠭᠯᠡᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠳᠤᠷ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠳᠤ ᠬᠤᠯᠪᠣᠭᠳᠠᠬᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠭᠦᠮ ᠦᠵᠡᠭᠦᠯᠬᠦ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠵᠦ᠂ ᠬᠠᠲᠠᠭᠤ ᠪᠡᠷᠬᠡᠰᠢᠶᠡᠯ ᠢ ᠲᠣᠭᠤᠯᠤᠨ ᠳᠠᠪᠠᠭ᠋ᠤ ᠳᠤᠮᠳᠠ ᠰᠢᠨ᠎ᠡ ᠪᠠᠶᠢᠳᠠᠯ ᠢ ᠵᠣᠷᠢᠭᠲᠠᠢ ᠡᠭᠦᠳᠦᠨ᠎ᠡ᠃        ᠲᠠᠪᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠨᠠᠶᠢᠳᠠᠪᠤᠷᠢᠵᠢᠭᠤᠯᠬᠤ ᠤᠪᠤᠷ ᠢᠶᠠᠨ ᠲᠦᠪ ᠪᠤᠯᠠᠭᠠᠨ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠳᠠᠷᠤᠢ ᠳᠤᠨᠢ ᠳᠠᠭᠠᠵᠤ᠂ ᠨᠢᠭᠡᠳ ᠨᠢᠭᠡ ᠪᠠᠷ ᠡᠮᠬᠢᠯᠡᠨ ᠲᠢᠭᠯᠡᠵᠦ᠂ ᠵᠦᠢᠯ ᠳᠠᠷᠠᠭᠠᠯᠠᠨ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ ᠨᠠᠶᠢᠳᠠᠪᠤᠷᠢᠵᠢᠭᠤᠯᠤᠯᠳᠠ ᠶᠢᠨ ᠤᠨᠤᠪᠴᠢ ᠶᠢᠨ ᠬᠡᠮᠵᠢᠶ᠎ᠡ ᠶᠢ ᠳᠡᠭᠡᠭᠰᠢᠯᠡᠬᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠠᠪᠤᠴᠠ ᠶᠢ ᠬᠠᠮᠢᠶᠠᠷᠬᠤ᠂ ᠱᠠᠯᠠᠪᠳᠠᠭᠤᠯᠬᠤ ᠬᠠᠪᠰᠤᠷᠬᠤ ᠶᠢ ᠨᠢᠭᠡ ᠴᠣᠭᠴᠠᠵᠢᠭᠤᠯᠬᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠦᠷ᠎ᠡ ᠪᠦᠲᠦᠭᠡᠯ ᠢ ᠦᠨᠡᠯᠡᠨ ᠵᠢᠱᠢᠬᠦ᠂ ᠳ᠋ᠦᠩᠨᠡᠨ ᠳᠡᠯᠭᠡᠷᠡᠭᠦᠯᠬᠦ᠂ ᠤᠷᠮᠠᠰᠢᠭᠤᠯᠤᠨ ᠱᠠᠭᠠᠷᠳᠠᠬᠤ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠷᠢᠨ ᠳᠠᠩᠰᠠ ᠮᠠᠶ᠋ᠢᠭ ᠤᠨ ᠬᠠᠮᠢᠶᠠᠷᠤᠯᠳᠠ᠂ ᠲᠦᠷᠦᠯ ᠵᠦᠢᠯᠴᠢᠯᠡᠭᠰᠡᠨ ᠨᠠᠶᠢᠳᠠᠪᠤᠷᠢᠵᠢᠭᠤᠯᠤᠯᠳᠠ᠂ ᠢᠨᠵᠧᠨᠧᠷᠢᠩᠴᠢᠯᠡᠭᠰᠡᠨ ᠠᠬᠢᠭᠤᠯᠤᠯᠳᠠ ᠶᠢ ᠬᠡᠷᠡᠭᠵᠢᠬᠦᠯᠵᠦ᠂ ᠭᠠᠷᠳᠠᠴᠠ ᠡᠷᠴᠢᠮᠲᠡᠢ᠂ ᠡᠵᠡᠮᠳᠡᠯ ᠬᠡᠮᠵᠢᠶ᠎ᠡ ᠲᠠᠢ᠂ ᠪᠣᠲᠠᠲᠠᠶᠢᠵᠢᠭᠤᠯᠤᠯᠲᠠ ᠪᠦᠲᠦᠮᠵᠢᠲᠡᠢ ᠪᠠᠶᠢᠯᠭᠠᠨ᠎ᠠ᠃ ᠨᠠᠶᠢᠳᠠᠪᠤᠷᠢᠵᠢᠭᠤᠯᠬᠤ ᠬᠤᠷᠳᠤᠴᠠ ᠪᠠᠨ ᠲᠦᠷᠭᠡᠳᠬᠡᠵᠦ᠂ ᠳᠠᠭᠠᠭᠠᠴᠢᠯᠠᠨ ᠬᠤᠯᠪᠤᠭᠠᠯᠠᠵᠤ ᠬᠠᠮᠲᠤᠪᠠᠷ ᠪᠠᠶᠢᠭᠤᠯᠬᠤ᠂ ᠵᠢᠷᠤᠭ ᠡᠯᠭᠦᠨ ᠪᠠᠶᠢᠯᠳᠤᠬᠤ᠂ ᠨᠠᠷᠢᠨ ᠳᠠᠩᠰᠠ ᠶᠢ ᠨᠠᠶᠢᠳᠠᠪᠤᠷᠢᠵᠢᠭᠤᠯᠬᠤ᠂ ᠶᠠᠪᠠᠭᠠᠨ ᠢᠶᠠᠷ ᠲᠤᠭᠤᠷᠢᠨ ᠪᠠᠶᠢᠴᠠᠭᠠᠬᠤ᠂ ᠨᠢᠭᠡᠳᠦᠬᠡᠷ ᠹᠷᠤᠨᠲ ᠲᠤ ᠠᠵᠢᠯᠯᠠᠬᠤ᠂ ᠠᠬᠤᠢ ᠲᠠᠯᠠᠪᠠᠢ ᠳᠤ ᠬᠤᠷᠠᠯᠳᠤᠬᠤ ᠵᠡᠷᠭᠡ ᠠᠵᠢᠯ ᠤᠨ ᠠᠷᠭ᠎ᠠ ᠶᠢ ᠶᠡᠬᠡᠪᠡᠷ ᠬᠡᠷᠡᠭᠵᠢᠬᠦᠯᠵᠦ᠂ ᠠᠯᠳᠠᠯ ᠦᠭᠡᠢ ᠡᠴᠦᠰ ᠲᠤᠨᠢ ᠲᠤᠯᠳᠠᠯ᠎ᠠ ᠠᠳᠬᠤᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠠᠮᠤᠭ ᠤᠨ ᠲᠡᠷᠢᠭᠦᠨ ᠳᠤ ᠪᠤᠳᠠᠳᠠᠶᠢᠵᠢᠭᠤᠯᠤᠨ ᠪᠦᠲᠦᠮᠵᠢ ᠭᠠᠷᠭᠠᠬᠤ ᠶᠢ ᠪᠠᠲᠤᠯᠠᠨ᠎ᠠ᠃ ᠲᠥᠯᠥᠭᠡᠯᠡᠭᠴᠢᠳ ᠡ᠂ ᠰᠢᠨ᠎ᠡ ᠨᠢᠭᠡᠨ ᠵᠢᠯ ᠳᠤ᠂ ᠪᠢᠳᠡ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠠᠭᠠᠨ ᠲᠠᠬᠢᠨᠲᠠ ᠮᠣᠷᠳᠠᠯ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠰᠢᠭᠳᠠᠢ ᠲᠤᠬᠢᠶᠠᠯ ᠢ ᠠᠮᠵᠢᠨ ᠦᠭᠡᠳᠡᠯᠡᠨ ᠳᠠᠪᠰᠢᠵᠦ᠂ ᠡᠷᠡᠯᠬᠡᠭᠯᠡᠨ ᠤᠷᠤᠭᠰᠢᠯᠠᠵᠤ᠂ ᠬᠥᠯᠥᠨ ᠪᠤᠶᠢᠷ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕       ᠳᠠᠭᠠᠯᠳᠤᠭᠤᠯᠤᠯ᠄        1. ᠬᠦᠯᠦᠨ ᠪᠤᠶᠢᠷ ᠬᠤᠲᠠ ᠶᠢᠨ 2024 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠣ ᠶᠠᠪᠤᠳᠠᠯ ᠤᠨ 40 ᠲᠥᠷᠥᠯ ᠤᠨ ᠨᠠᠷᠢᠨ ᠬᠠᠭᠤᠳᠠᠰᠤ        2. ᠨᠡᠷᠡᠰ ᠤᠨ ᠲᠠᠶᠢᠯᠪᠤᠷᠢ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ