ᠭᠤᠷᠪᠠ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠶᠢᠨ 9 ᠲᠦᠷᠦᠯ | 19. ᠬᠤᠲᠠ ᠶᠢᠨ ᠲᠣᠭᠤᠷᠢᠭ ᠤᠨ 50 ᠨᠡᠷᠡᠰ ᠰᠢᠯᠢᠳᠡᠭ ᠪᠠᠭᠰᠢ ᠶᠢ ᠬᠥᠳᠡᠭᠡ ᠲᠣᠰᠬᠤᠨ ᠤ ᠪᠠᠭᠤᠷᠠᠶ ᠰᠤᠷᠭᠠᠭᠤᠯᠢ ᠳᠤ ᠰᠤᠩᠭᠤᠨ ᠲᠣᠮᠢᠯᠠᠵᠤ ᠰᠤᠷᠭᠠᠨ | ᠬᠥᠮᠦᠵᠢᠯ ᠢᠶᠠᠷ ᠬᠠᠪᠰᠤᠷᠤᠨ ᠲᠡᠳᠬᠦᠬᠦ ᠠᠵᠢᠯ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶᠃ | 20. ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠡᠵᠡᠯᠡᠬᠦ ᠬᠠᠷᠢᠴᠠᠯ ᠢ 56% ᠠᠴᠠ ᠳᠡᠭᠡᠭᠰᠢ ᠳᠤ ᠲᠣᠭᠲᠠᠭᠤᠨᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠬᠠᠮᠤᠷᠤᠯᠲᠠ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ | ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶᠃ | 21. ᠬᠢᠴᠢᠶᠡᠯ ᠲᠥᠷᠥᠯ ᠤᠨ ᠳᠠᠯᠳᠠ ᠤᠨᠳᠤᠤᠰᠢᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠢ ᠵᠠᠰᠠᠬᠤ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠣᠯᠪᠠᠰᠤᠷᠠᠭᠤᠯᠤᠯ ᠤᠨ ᠪᠣᠶ ᠪᠥᠬᠦᠶ ᠪᠠᠶᠢᠭᠤᠯᠤᠮᠵᠢ ᠶᠢ ᠪᠥᠬᠦ | ᠤᠯᠤᠰ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠬᠠᠮᠢᠶᠠᠷᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ︶᠃ | 22. ᠬᠤᠰᠢᠭᠤ ᠬᠤᠲᠠ ᠲᠣᠭᠤᠷᠢᠭ ᠨᠢᠭᠡᠪᠦᠷᠢ ᠠᠮᠤᠷ ᠲᠠᠯᠪᠢᠭᠤᠨ ᠰᠣᠪᠢᠯᠠᠬᠤ ᠡᠪᠡᠳᠴᠢᠲᠡᠨ ᠤ ᠲᠣᠭᠤᠷᠢᠭ ᠢ ᠠᠳᠠᠭ ᠲᠠᠭᠠᠨ 1 ᠪᠠᠶᠢᠭᠤᠯᠤᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 23. ︽ᠬᠢᠲᠠᠳ ᠧᠦ᠋ᠷᠣᠫᠠ ᠡᠮᠨᠡᠯᠭᠡ︾ ᠶᠢᠨ ᠡᠮᠨᠡᠨ ᠵᠠᠰᠠᠬᠤ ᠠᠷᠭ᠎ᠠ ᠶᠢ ᠰᠦᠪᠡᠭᠴᠢᠯᠡᠵᠦ᠂ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ︽ᠵᠠᠷᠯᠠᠨ ᠮᠠᠩᠯᠠᠶᠢᠯᠠᠭᠤᠯᠬᠤ︾ ᠲᠥᠷᠥᠯ | ᠵᠦᠢᠯ ᠢ ᠬᠡᠷᠡᠭᠵᠢᠭᠦᠯᠵᠦ᠂ ᠲᠣᠰ ᠭᠠᠵᠠᠷ ᠣᠷᠣᠨ ᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠲᠠᠬᠤᠯ ᠡᠪᠡᠳᠴᠢᠨ ᠤ ᠰᠤᠳᠤᠯᠤᠯ ᠤᠨ ᠣᠨᠴᠠᠯᠢᠭ | ᠰᠢᠨᠵᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 24. ︽ᠤᠯᠠᠭᠠᠨᠮᠥ᠋ᠴᠢᠷ ᠤᠨ ᠲᠦᠮᠡᠨ ᠲᠣᠰᠬᠤᠨ ᠤ ᠲᠣᠭᠯᠠᠯᠲᠠ︾ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ | ᠤᠷᠠᠨ ᠰᠠᠶᠢᠬᠠᠨ ᠤ ᠲᠣᠭᠯᠠᠯᠲᠠ ᠪᠠ ᠦᠨᠳᠦᠰᠦᠨ ᠱᠠᠲᠤᠨ ᠤ ᠦᠢᠯᠡᠴᠢᠯᠡᠭᠡ ᠶᠢ 1000 ᠲᠠᠯᠠᠪᠤᠷ ᠤᠳᠠᠭ᠎ᠠ ᠠᠴᠠ ᠳᠡᠭᠡᠭᠰᠢ ᠬᠠᠩᠭᠠᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶᠃ | 25. ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠭᠡᠬᠦ︾ ᠢᠵᠢ ᠦᠢᠯᠡᠴᠢᠯᠡᠭᠡ ᠶᠢ ᠳᠡᠯᠭᠡᠷᠡᠭᠦᠯᠦᠨ ᠬᠡᠷᠡᠭᠯᠡᠵᠦ᠂ 12345 ᠬᠠᠯᠠᠮᠰᠢᠯ | ᠤᠲᠠᠰᠤᠲᠤ ᠲᠡᠷᠭᠡ ᠨᠡᠭᠦᠯᠭᠡᠬᠦ ᠦᠢᠯᠡᠴᠢᠯᠡᠭᠡᠨ ᠤ ᠴᠢᠳᠠᠮᠵᠢ ᠶᠢ ᠨᠡᠪᠲᠡᠷᠡᠭᠦᠯᠵᠦ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ 150 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶᠃ | 26. ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 8 ᠪᠠ ︽ᠨᠢᠭᠡ ᠥᠷᠲᠡᠭᠡ | ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ 3 ᠪᠠᠶᠢᠭᠤᠯᠤᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃ | 27. ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠯᠥᠨ | ᠪᠤᠶᠢᠷ ᠬᠤᠲᠠ ᠶᠢᠨ ᠲᠣᠰ ᠱᠠᠲᠤ ᠪᠠ 5 ᠬᠤᠰᠢᠭᠤ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠤᠨ | ᠪᠠᠶᠢᠭᠤᠯᠤᠯᠲᠠ ᠶᠢ ᠪᠡᠶᠡᠯᠡᠭᠦᠯᠦᠨ᠂ ᠡᠷᠭᠦᠨ᠎ᠡ ᠬᠤᠲᠠ᠂ ᠰᠢᠨ᠎ᠡ ᠪᠠᠷᠭᠤ ᠵᠡᠭᠦᠨ ᠬᠤᠰᠢᠭᠤ 2 ᠬᠤᠰᠢᠭᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ | ᠨᠡᠪᠲᠡᠷᠡᠭᠦᠯᠭᠡ ᠶᠢᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ ᠃ | ᠲᠦᠷᠪᠡ᠂ ᠤᠯᠠᠨ ᠲᠦᠮᠡᠨ ᠤ ᠤᠷᠤᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠶᠢᠨ 13 ᠲᠦᠷᠦᠯ | 28. ᠬᠠᠯᠠᠭᠤᠨ ᠳᠤᠯᠠᠭᠠᠨ ᠪᠠᠶᠢᠯᠭᠠᠬᠤ ᠢᠨᠵᠧᠨᠧᠷᠢᠩ ᠢ ᠥᠷᠨᠢᠭᠦᠯᠵᠦ᠂ 30 ᠺᠢᠯᠣᠮᠧᠲᠷ ᠤᠨ ᠢᠯᠴᠢ ᠬᠠᠩᠭᠠᠬᠤ ᠬᠤᠭᠤᠯᠠᠶ᠂ 10 ᠺᠢᠯᠣᠮᠧᠲᠷ ᠤᠨ | ᠰᠢᠲᠠᠮᠠᠬᠠᠶ ᠬᠡᠶ ᠶᠢᠨ ᠬᠤᠭᠤᠯᠠᠶ ᠶᠢ ᠰᠢᠨᠡᠳᠬᠡᠨ ᠵᠠᠰᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | 29. ᠪᠦᠬᠦ ᠬᠤᠲᠠ ᠶᠢᠨ ᠮᠠᠯᠴᠢᠨ ᠲᠠᠷᠢᠶᠠᠴᠢᠨ᠂ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠳᠤ ᠲᠤᠰ ᠲᠤᠰ 18.6 ᠲᠦᠮᠡᠨ ᠲᠣᠨ ᠪᠠ | 260 ᠲᠦᠮᠡᠨ ᠲᠣᠨ ᠠᠴᠠ ᠳᠡᠭᠡᠭᠰᠢᠬᠢ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠬᠠᠯᠠᠭᠤᠨ ᠳᠤᠯᠠᠭᠠᠨ | ᠡᠪᠦᠯᠵᠢᠬᠦ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠃ | 30. ᠤᠰᠤ ᠬᠠᠩᠭᠠᠬᠤ᠂ ᠤᠰᠤ ᠲᠠᠲᠠᠷᠠᠭᠤᠯᠬᠤ ᠬᠠᠭᠤᠴᠢᠷᠠᠭᠰᠠᠨ ᠬᠤᠭᠤᠯᠠᠶ ᠶᠢ ᠨᠡᠶᠢᠲᠡ 18 ᠺᠢᠯᠣᠮᠧᠲᠷ ᠦᠭᠡᠷᠡᠴᠢᠯᠡᠨ ᠰᠢᠨᠡᠳᠬᠡᠵᠦ᠂ ᠲᠦᠪ | ᠬᠤᠲᠠ ᠶᠢᠨ ᠲᠣᠭᠤᠷᠢᠭ ᠤᠨ ᠲᠡᠷᠭᠡᠨ ᠵᠣᠭᠰᠣᠭᠠᠯ ᠢ 300 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | 31. ᠬᠤᠲᠠ ᠪᠠᠯᠭᠠᠰᠤᠨ ᠤ 103 ᠬᠠᠭᠤᠴᠢᠨ ᠰᠠᠭᠤᠭᠠᠯᠢ ᠲᠣᠭᠤᠷᠢᠭ᠂ ᠬᠤᠲᠠ ᠶᠢᠨ 227 ᠢᠵᠢ ᠨᠤᠷᠠᠬᠤ ᠠᠶᠤᠯᠲᠠᠢ ᠭᠡᠷ ᠪᠠᠶᠢᠰᠢᠩ᠂ ᠮᠠᠯᠵᠢᠬᠤ | ᠲᠠᠷᠢᠶᠠᠯᠠᠬᠤ ᠣᠷᠣᠨ ᠤ 57 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶᠃ | 32. ᠬᠤᠲᠠ ᠪᠠᠯᠭᠠᠰᠤᠨ ᠤ 4169 ᠡᠷᠦᠬᠡ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠳᠤ ᠲᠦᠷᠢᠶᠡᠰᠦᠨ ᠨᠥᠬᠦᠪᠥᠷᠢ ᠤᠯᠭᠤᠨ᠎ᠠ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶᠃ | 33. 7 ᠬᠥᠮᠦᠨ ᠠᠮᠠ 1000 ᠬᠥᠮᠦᠨ ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ | ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶᠃ | 34. 51 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ 1 ᠬᠥᠮᠦᠨ ᠠᠮᠠ 3000 ᠬᠦᠮᠦᠨ ᠠᠴᠠ ᠳᠡᠭᠡᠭᠰᠢᠬᠢ ᠵᠠᠰᠠᠭ | ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠭᠤᠤᠯᠳᠠᠯᠭ᠎ᠠ ᠲᠠᠢ ᠠᠬᠢᠭᠤᠯᠬᠤ ᠶᠢ ᠪᠡᠶᠡᠯᠡᠬᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶᠃ | 35. ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 7 ᠭᠠᠵᠠᠷ ᠪᠠ ᠲᠠᠷᠠᠬᠠᠢ ᠮᠠᠶ᠋ᠢᠭ ᠤᠨ ᠤᠰᠤ ᠬᠠᠩᠭᠠᠬᠤ | ᠢᠨᠵᠧᠨᠧᠷᠢᠩ ᠢ 50 ᠭᠠᠵᠠᠷ ᠰᠢᠨ᠎ᠡ ᠪᠠᠷ ᠪᠠᠶᠢᠭᠤᠯᠬᠤ ᠪᠠ ᠰᠢᠨᠡᠳᠬᠡᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ︶᠃ | 36. ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ 2561 ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶᠃ | 37. ᠪᠠᠷᠢᠮᠵᠢᠶᠠᠵᠢᠭᠰᠠᠨ ᠲᠣᠰᠬᠤᠨ ᠱᠠᠲᠤᠨ ᠤ ᠢᠯᠡᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 359 | ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶᠃ | 38. 292 ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠡᠷᠦᠬᠡ ᠶᠢᠨ ᠴᠠᠬᠢᠯᠭᠠᠨ ᠲᠤᠤᠷ ᠤᠨ ᠤᠷᠳᠤᠳᠬᠠᠭᠰᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ | ᠪᠠ 5400 ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠡᠷᠦᠬᠡ᠂ 8 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠰᠢᠨ᠎ᠡ ᠡᠨᠧᠷᠭᠢ ᠪᠠᠷ ᠴᠠᠬᠢᠯᠭᠠᠨ | ᠨᠡᠪᠲᠡᠷᠡᠭᠦᠯᠦᠨ ᠲᠠᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶᠃ | 39. 5G ᠰᠦᠯᠵᠢᠶᠡᠨ ᠤ ᠪᠦᠷᠬᠦᠯᠲᠡ ᠶᠢᠨ ᠨᠣᠷᠮ᠎ᠠ ᠶᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ 5G ᠰᠠᠭᠤᠷᠢ ᠥᠷᠲᠡᠭᠡ ᠶᠢ 700 ᠰᠢᠨ᠎ᠡ ᠪᠠᠷ | ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠃ | 40. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 460 ᠺᠢᠯᠣᠮᠧᠲᠷ ᠰᠢᠨ᠎ᠡ ᠪᠠᠷ ᠪᠠᠶᠢᠭᠤᠯᠤᠨ ᠦᠭᠡᠷᠡᠴᠢᠯᠡᠵᠦ ᠰᠢᠨᠡᠳᠬᠡᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶᠃ |