2024 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 15
ᠨᠡᠶᠢᠲᠡᠯᠡᠭᠰᠡᠨ ᠴᠠᠭ᠄
2024/2/7
ᠳᠠᠭᠠᠯᠳᠤᠭᠤᠯᠤᠯ 2                       ᠨᠡᠷᠡᠰ ᠤᠨ ᠲᠠᠶᠢᠯᠪᠤᠷᠢ       1. ᠪᠣᠬᠢᠷᠲᠤᠯ ᠦᠭᠡᠶ ᠭᠦᠢᠴᠡᠳᠬᠡᠯ ᠲᠤᠭ᠎ᠠ᠄ ᠨᠢᠭᠡ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠶᠠᠰᠤ ᠴᠢᠨᠠᠷ᠂ ᠡᠬᠢ ᠪᠠᠶᠠᠯᠢᠭ ᠤᠨ ᠠᠰᠢᠭᠯᠠᠯᠲᠠ᠂ ᠣᠷᠴᠢᠨ ᠲᠣᠭᠤᠷᠢᠨ ᠤ ᠵᠠᠰᠠᠯᠲᠠ᠂ ᠨᠡᠮᠡᠭᠳᠡᠯ ᠤᠨ ᠶᠠᠰᠤ ᠴᠢᠨᠠᠷ᠂ ᠪᠣᠬᠢᠷᠲᠤᠯ ᠦᠭᠡᠶ ᠠᠮᠢᠳᠤᠷᠠᠯ ᠵᠡᠷᠭᠡ ᠲᠠᠯ᠎ᠠ ᠶᠢᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠵᠢᠭᠠᠵᠤ ᠪᠤᠶ᠂ ᠪᠣᠳᠠᠲᠠᠶ ᠪᠠᠷ ᠬᠡᠯᠡᠪᠡᠯ᠄ ᠨᠢᠭᠡᠴᠢ GDP ᠶᠢᠨ ᠡᠨᠧᠷᠭᠢ ᠶᠢᠨ ᠬᠤᠷᠤᠭᠳᠠᠯ ᠢ ᠪᠠᠭᠤᠷᠠᠭᠤᠯᠬᠤ ᠨᠣᠷᠮ᠎ᠠ᠂ ᠠᠭᠠᠷ ᠤᠨ ᠴᠢᠨᠠᠷ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ᠂ ᠣᠶ ᠰᠢᠭᠤᠶ ᠶᠢᠨ ᠪᠦᠷᠬᠦᠯᠲᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ ᠵᠡᠷᠭᠡ ᠣᠯᠠᠨ ᠵᠦᠢᠯ ᠤᠨ ᠭᠦᠢᠴᠡᠳᠬᠡᠯ ᠲᠤᠭ᠎ᠠ ᠪᠠᠭᠲᠠᠨ᠎ᠠ᠃        2. ᠲᠠᠪᠤ ᠶᠢ ᠲᠦᠢᠯᠪᠤᠷᠢᠲᠠᠢ ᠡᠬᠢᠯᠡᠭᠦᠯᠬᠦ᠄ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠨ ᠥᠷᠨᠢᠭᠦᠯᠦᠭᠰᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠶ᠂ ᠲᠤᠨᠤᠮᠠᠯ ᠪᠠᠯᠠ ᠮᠥᠩᠭᠦ᠂ ︽ᠬᠠᠭᠠᠰ ᠳᠤᠲᠠᠭᠤ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠲᠦᠢᠯᠪᠤᠷᠢᠲᠠᠢ ᠡᠬᠢᠯᠡᠭᠦᠯᠬᠦ ᠠᠵᠢᠯᠯᠠᠭ᠎ᠠ ᠶᠢ ᠵᠢᠭᠠᠵᠤ ᠪᠣᠶ᠂ ᠠᠵᠤ ᠠᠬᠤᠶ ᠶᠢᠨ ᠬᠦᠷᠢᠶ᠎ᠡ ᠴᠠᠷᠠᠭᠠᠨ ᠳᠠᠬᠢ ᠣᠷᠳᠣ ᠬᠤᠭᠤᠴᠠᠭ᠎ᠠ ᠪᠠᠷ ᠤᠷᠤᠰᠢᠭᠰᠠᠭᠠᠷ ᠢᠷᠡᠭᠰᠡᠨ ᠶᠠᠰᠤ ᠴᠢᠨᠠᠷ ᠪᠠ ᠦᠷ᠎ᠡ ᠠᠰᠢᠭ ᠳᠤᠤᠷ᠎ᠠ᠂ ᠰᠤᠯᠠ ᠲᠠᠯᠪᠢᠵᠤ ᠪᠦᠷᠢᠯᠭᠡᠨ ᠰᠦᠢᠳᠭᠡᠬᠦ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠭ᠎ᠠ ᠪᠣᠯᠭᠠᠨ᠎ᠠ᠃        3. ᠰᠢᠭᠤᠳ ᠬᠤᠷᠰᠢᠯᠴᠠᠬᠤ ᠠᠵᠤ ᠠᠬᠤᠶ᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠡᠭᠡᠭᠡᠯᠲᠡ ᠶᠢᠨ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠨ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠵᠣᠷᠢᠯᠭ᠎ᠠ ᠪᠣᠯᠭᠠᠵᠤ᠂ ᠲᠣᠰᠬᠠᠢ ᠲᠣᠭᠲᠠᠭᠰᠠᠨ ᠣᠷᠣᠨ ᠪᠦᠰᠡ ᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠠᠰᠢᠭ ᠬᠦᠷᠲᠡᠨ ᠬᠠᠮᠲᠤ ᠪᠠᠷ ᠢᠯᠠᠯᠲᠠ ᠣᠯᠬᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠬᠦ ᠶᠢ ᠵᠢᠭᠠᠨ᠎ᠠ᠃        4. ᠬᠤᠣᠰ ᠨᠡᠮᠡᠭᠳᠡᠯ ᠬᠤᠣᠰ ᠪᠠᠭᠤᠷᠠᠯ᠄ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠰᠢᠢᠳᠪᠦᠷᠢᠯᠡᠭᠰᠡᠨ ᠲᠤᠭ᠎ᠠ᠂ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠬᠡᠷᠡᠭ ᠭᠠᠷᠤᠭᠰᠠᠨ ᠲᠤᠭ᠎ᠠ᠂ ᠬᠤᠬᠢᠷᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠢ ᠵᠢᠭᠠᠵᠤ ᠪᠠᠶᠢᠨ᠎ᠠ᠃       5. ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠶ ᠢᠯᠡᠷᠡᠬᠦ ᠬᠡᠯᠪᠡᠷᠢ ᠶᠢ ᠵᠢᠭᠠᠵᠤ ᠪᠣᠢ᠂ ︽ᠭᠤᠷᠪᠠᠨ ᠣᠯᠠᠨ︾ ᠪᠣᠯ ᠬᠤᠷᠠᠯ ᠣᠯᠠᠨ᠂ ᠬᠦᠳᠡᠯᠭᠡᠭᠡᠨ ᠣᠯᠠᠨ᠂ ᠭᠠᠳᠠᠭᠰᠢ ᠭᠠᠷᠬᠤ ᠣᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ︽ᠭᠤᠷᠪᠠᠨ ᠤᠳᠠᠭᠠᠨ︾ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭᠠᠨ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠨ᠎ᠠ᠃        6. ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠬᠤᠷᠠᠯ ᠠᠴᠠ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢᠲᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠢᠶᠠᠷ ︽ᠪᠦᠰᠡᠯᠡᠯᠲᠡ ᠰᠢᠪᠲᠤᠯᠬᠤ︾ ᠢᠨᠵᠧᠨᠧᠷᠢᠩ ᠪᠠ ᠴᠢᠯᠥᠭᠡᠲᠦ ᠠᠷᠠᠯᠵᠢᠶᠠᠨ ᠤ ᠲᠤᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠨ᠎ᠠ᠃        7. ᠲᠠᠪᠤᠨ ᠶᠡᠭᠡ ᠡᠭᠦᠷᠭᠡ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠡᠭᠦᠷᠭᠡ ᠶᠢ ᠵᠢᠭᠠᠨ᠎ᠠ᠂ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ᠃        8. ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠪᠦᠭᠡᠮᠨᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠲᠣᠬᠢᠶᠠᠯ ᠢ ᠠᠮᠵᠢᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠵᠢᠭᠠᠨ᠎ᠠ       9. ᠠᠵᠤ ᠦᠢᠯᠡᠳᠪᠦᠷᠢ ᠶᠢᠨ ᠬᠡᠷᠡᠭᠯᠡᠭᠡᠨ ᠤ ᠭᠠᠵᠠᠷ ᠤᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ᠄ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠲᠤ ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂    ︽3+X︾ ᠤᠨ ᠵᠠᠭᠪᠤᠷ ᠢᠶᠠᠷ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠲᠣᠭᠲᠠᠭᠠᠨ ᠭᠡᠷ᠎ᠡ ᠪᠡᠶᠡᠯᠡᠭᠦᠯᠬᠦ ᠪᠠᠷ ᠠᠮᠠᠯᠠᠨ ᠰᠢᠯᠵᠢᠭᠦᠯᠵᠦ ᠦᠭᠭᠦᠭᠰᠡᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ︵︽3︾ ᠭᠡᠳᠡᠭ ᠨᠢ ᠳᠠᠷᠤᠶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠯᠡᠴᠡ᠂ ᠪᠠᠷᠢᠯᠭ᠎ᠠ ᠶᠢᠨ ᠪᠠᠭᠲᠠᠭᠠᠮᠵᠢ ᠶᠢᠨ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠶᠢ ᠵᠢᠭᠠᠵᠤ ᠪᠤᠶ᠂ ︽X︾ ᠭᠡᠳᠡᠭ ᠨᠢ ᠳᠠᠷᠤᠶ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠥᠷᠲᠡᠭ᠂ ᠨᠢᠭᠡᠴᠢ ᠭᠠᠳᠠᠭᠰᠢᠯᠠᠭᠤᠯᠬᠤ ᠪᠠᠷᠢᠮᠵᠢᠶ᠎ᠠ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠪᠠᠷᠢᠮᠵᠢᠶ᠎ᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ᠂ ᠰᠤᠳᠤᠯᠤᠨ ᠨᠡᠭᠡᠭᠡᠬᠦ ᠣᠷᠣᠭᠤᠯᠤᠯᠲᠠ᠂ ᠠᠵᠢᠯ ᠤᠯᠭᠤᠯᠲᠠ᠂ ᠮᠡᠷᠭᠡᠵᠢᠯ᠂ ᠴᠢᠳᠠᠪᠤᠷᠢᠳᠠᠨ᠂ ᠲᠦᠷᠦᠯ ᠳᠡᠮᠳᠡᠭ ᠵᠡᠷᠭᠡ ᠪᠤᠰᠤᠳ ᠬᠢᠵᠠᠭᠠᠷᠯᠠᠬᠤ ᠴᠢᠨᠠᠷᠳᠠᠢ ᠭᠦᠢᠴᠡᠳᠬᠡᠯ ᠲᠤᠭ᠎ᠠ ᠶᠢ ᠵᠢᠭᠠᠨ᠎ᠠ︶᠃       10. ︽ᠭᠤᠷᠪᠠᠨ ᠤᠮᠠᠷᠠᠲᠤ︾ ᠶᠢᠨ ᠢᠨᠵᠧᠨᠧᠷᠢᠩ᠄ ᠳᠤᠮᠳᠠᠳᠤ ᠤᠯᠤᠰ ᠤᠨ ᠭᠤᠷᠪᠠᠨ ᠤᠮᠠᠷᠠᠲᠤ ᠣᠷᠣᠨ ︵ᠪᠠᠷᠠᠭᠤᠨ ᠬᠤᠶᠢᠲᠤ᠂ ᠤᠮᠠᠷᠠᠲᠤ ᠪᠠ ᠵᠡᠭᠦᠨ ᠬᠤᠶᠢᠲᠤ︶ ᠳᠤ ᠪᠦᠲᠦᠭᠡᠨ ᠪᠠᠶᠢᠭᠤᠯᠤᠭᠰᠠᠨ ᠲᠣᠮᠣ ᠬᠡᠯᠪᠡᠷᠢ ᠶᠢᠨ ᠵᠤᠬᠢᠶᠠᠮᠠᠯ ᠣᠢ ᠶᠢᠨ ᠠᠮᠢ ᠠᠬᠤᠢ ᠶᠢᠨ ᠢᠨᠵᠧᠨᠧᠷᠢᠩ ᠢ ᠵᠢᠭᠠᠨ᠎ᠠ᠃        11. ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ᠄ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠠᠵᠤ ᠦᠢᠯᠡᠰ ᠢ ᠲᠣᠭᠲᠠᠭᠠᠬᠤ ᠶᠢ ᠵᠢᠭᠠᠨ᠎ᠠ᠃       12. ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ︽ᠲᠠᠪᠤᠨ ᠪᠣᠭᠤᠮᠲᠠ︾᠄ ᠠᠷᠢᠭᠤᠨ ᠴᠢᠬᠡᠴᠢ ᠶᠢᠨ ᠪᠣᠭᠤᠮᠲᠠ᠂ ᠦᠢᠯᠡᠴᠢᠯᠡᠭᠡᠨ ᠤ ᠪᠣᠭᠤᠮᠲᠠ᠂ ᠢᠲᠡᠭᠡᠯ ᠤᠨ ᠪᠣᠭᠤᠮᠲᠠ᠂ ᠬᠢᠨᠠᠨ ᠬᠠᠮᠢᠶᠠᠷᠬᠤ ᠪᠣᠭᠤᠮᠲᠠ᠂ ᠬᠠᠤᠯᠢ ᠪᠠᠷ ᠵᠠᠰᠠᠬᠤ ᠪᠣᠭᠤᠮᠲᠠ ᠶᠢ ᠵᠢᠭᠠᠨ᠎ᠠ᠃        13. ᠲᠠᠪᠤᠨ ᠠᠵᠢᠯᠯᠠᠭᠠᠨ᠄ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ᠂ ᠢᠯᠴᠢ ᠬᠠᠩᠭᠠᠬᠤ ᠲᠠᠯ᠎ᠠ ᠶᠢᠨ ᠢᠯᠡᠴᠢᠯᠡᠨ ᠵᠠᠭᠠᠯᠳᠤᠯᠭ᠎ᠠ ᠶᠢ ᠰᠢᠯᠤᠭᠤᠳᠬᠠᠬᠤ ᠠᠵᠢᠯᠯᠠᠭᠠᠨ᠂ ᠢᠯᠴᠢ ᠬᠠᠩᠭᠠᠬᠤ ᠲᠠᠯ᠎ᠠ ᠶᠢᠨ ᠢᠯᠡᠴᠢᠯᠡᠭᠰᠡᠨ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠠᠵᠢᠯᠯᠠᠭᠠᠨ᠂ ᠢᠯᠴᠢ ᠬᠠᠩᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭᠠᠨ᠂ ᠢᠯᠴᠢ ᠬᠠᠩᠭᠠᠬᠤ ᠪᠠᠲᠤᠯᠠᠭ᠎ᠠ ᠶᠢ ᠬᠢᠨᠠᠨ ᠬᠠᠮᠢᠶᠠᠷᠬᠤ ᠠᠵᠢᠯᠯᠠᠭᠠᠨ ᠢ ᠵᠢᠭᠠᠨ᠎ᠠ᠃        14. ︽ᠠᠷᠪᠠᠨ ᠨᠢᠭᠡ ᠪᠦᠯᠦᠭ︾ ᠨᠡᠶᠢᠲᠡᠯᠢᠭ ᠵᠢᠱᠢᠶ᠎ᠡ᠄ ᠨᠢᠭᠡ ᠪᠦᠯᠦᠭ ᠠᠮᠤ ᠪᠤᠳᠠᠭ᠎ᠠ ᠲᠣᠰᠤᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠨᠡᠶᠢᠲᠡᠯᠢᠭ ᠵᠢᠱᠢᠶ᠎ᠡ᠂ ᠨᠢᠭᠡ ᠪᠦᠯᠦᠭ ᠠᠯᠠᠰᠢᠨ ᠦᠬᠡᠷ ᠬᠤᠨᠢᠨ ᠤ ᠠᠰᠢᠭ ᠰᠢᠮ᠎ᠡ ᠶᠢ ᠨᠡᠮᠡᠭᠳᠡᠭᠦᠯᠬᠦ ᠨᠡᠶᠢᠲᠡᠯᠢᠭ ᠵᠢᠱᠢᠶ᠎ᠡ᠂ ᠨᠢᠭᠡ ᠪᠦᠯᠦᠭ ᠲᠡᠵᠢᠭᠡᠯ ᠡᠪᠡᠰᠦ ᠲᠠᠷᠢᠵᠦ ᠦᠷᠡᠵᠢᠭᠦᠯᠬᠦ ᠨᠡᠶᠢᠲᠡᠯᠢᠭ ᠵᠢᠱᠢᠶ᠎ᠡ᠂ ᠨᠢᠭᠡ ᠪᠦᠯᠦᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠨᠡᠶᠢᠲᠡᠯᠢᠭ ᠵᠢᠱᠢᠶ᠎ᠡ᠂ ᠨᠢᠭᠡ ᠪᠦᠯᠦᠭ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠤᠨ ᠨᠡᠶᠢᠲᠡᠯᠢᠭ ᠵᠢᠱᠢᠶ᠎ᠡ᠂ ᠨᠢᠭᠡ ᠪᠦᠯᠦᠭ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠨᠡᠶᠢᠲᠡᠯᠢᠭ ᠵᠢᠱᠢᠶ᠎ᠡ᠂ ᠨᠢᠭᠡ ᠪᠦᠯᠦᠭ ᠨᠡᠶᠢᠭᠡᠮᠴᠢᠯᠡᠭᠰᠡᠨ ᠦᠢᠯᠡᠴᠢᠯᠡᠭᠡᠨ ᠤ ᠨᠡᠶᠢᠲᠡᠯᠢᠭ ᠵᠢᠱᠢᠶ᠎ᠡ᠂ ᠨᠢᠭᠡ ᠪᠦᠯᠦᠭ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠨᠡᠶᠢᠲᠡᠯᠢᠭ ᠵᠢᠱᠢᠶ᠎ᠡ᠂ ᠨᠢᠭᠡ ᠪᠦᠯᠦᠭ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ᠂ ᠨᠢᠭᠡ ᠪᠦᠯᠦᠭ ᠭᠠᠴᠠᠭ᠎ᠠ ᠲᠣᠰᠬᠤᠨ ᠤ ᠵᠠᠰᠠᠯᠲᠠ ᠶᠢᠨ ᠨᠡᠶᠢᠲᠡᠯᠢᠭ ᠵᠢᠱᠢᠶ᠎ᠡ ᠶᠢ ᠵᠢᠭᠠᠵᠤ ᠪᠣᠢ᠂ ᠡᠯ᠎ᠡ ᠲᠥᠷᠥᠯ ᠤᠨ ᠨᠡᠶᠢᠲᠡᠯᠢᠭ ᠵᠢᠱᠢᠶ᠎ᠡ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠂ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠶᠢ ᠪᠤᠶ ᠪᠣᠯᠭᠠᠨ᠎ᠠ᠃        15. ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠄ ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ ᠬᠠᠮᠲᠤᠷᠠᠯᠴᠠᠭ᠎ᠠ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠯᠲᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠵᠢᠭᠠᠨ᠎ᠠ᠃       16. ︽3+1+2︾ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ᠄ ︽3︾ ᠪᠣᠯ ᠪᠥᠬᠦ ᠤᠯᠤᠰ ᠤᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠤᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠪᠣᠯᠤᠨ᠎ᠠ︔ ︽1︾ ᠪᠠ ︽2︾ ᠪᠣᠯ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠪᠠᠶᠢᠵᠤ᠂ ᠡᠭᠦᠨ ᠳᠤ ︽1︾ ᠨᠢ ᠰᠢᠯᠭᠠᠭᠤᠯᠤᠭᠴᠢ ᠹᠢᠽᠢᠺ᠂ ᠲᠡᠦᠬᠡ 2 ᠬᠢᠴᠢᠶᠡᠯ ᠲᠥᠷᠥᠯ ᠤᠨ ᠳᠣᠲᠣᠷ᠎ᠠ ᠠᠴᠠ 1 ᠲᠥᠷᠥᠯ ᠢ ᠰᠣᠩᠭᠤᠵᠤ᠂ ︽2︾ ᠨᠢ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠵᠡᠷᠭᠡ 4 ᠬᠢᠴᠢᠶᠡᠯ ᠲᠥᠷᠥᠯ ᠤᠨ ᠳᠣᠲᠣᠷ᠎ᠠ ᠠᠴᠠ 2 ᠲᠥᠷᠥᠯ ᠢ ᠰᠣᠩᠭᠤᠨ᠎ᠠ᠃        17. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾᠄ ᠣᠷᠣᠨ ᠪᠦᠰᠡ ᠶᠢᠨ ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠨᠡᠶᠢᠯᠡᠭᠦᠯᠬᠦ᠂ ᠬᠠᠮᠲᠤᠷᠠᠬᠤ᠂ ᠨᠠᠶᠢᠳᠠᠨ ᠬᠠᠮᠢᠶᠠᠷᠤᠭᠤᠯᠬᠤ᠂ ᠪᠦᠯᠦᠭᠵᠢᠨ ᠰᠤᠷᠭᠠᠭᠤᠯᠢ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠢᠭᠡ ᠪᠦᠯᠦᠭ ︽ᠬᠤᠭᠤᠰᠣᠨ᠂ ᠪᠠᠭ᠎ᠠ᠂ ᠲᠠᠷᠠᠬᠠᠶ᠂ ᠪᠠᠭᠤᠷᠠᠶ︾ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠡᠮᠬᠢᠯᠡᠨ ᠨᠡᠶᠢᠯᠡᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠵᠢᠭᠠᠨ᠎ᠠ᠃        18. ᠬᠤᠣᠰ ᠥᠨᠳᠥᠷ ᠬᠤᠣᠰ ᠰᠢᠯᠢᠳᠡᠭ᠄ ︽ᠬᠤᠣᠰ ᠥᠨᠳᠥᠷ︾ ᠭᠡᠳᠡᠭ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠥᠨᠳᠥᠷ ᠲᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠦᠯᠦᠭᠵᠢᠯ︾ ᠤᠨ ᠪᠦᠲᠦᠭᠡᠨ ᠪᠠᠶᠢᠭᠤᠯᠬᠤ ᠲᠥᠯᠥᠪᠯᠡᠭᠡ ᠶᠢ ᠵᠢᠭᠠᠵᠤ︔ ︽ᠬᠤᠤᠰ ᠰᠢᠯᠢᠳᠡᠭ︾ ᠭᠡᠳᠡᠭ ᠨᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ︾ ᠢ ᠪᠥᠲᠥᠭᠡᠨ ᠪᠠᠶᠢᠭᠤᠯᠬᠤ ᠲᠥᠯᠥᠪᠯᠡᠭᠡ ᠶᠢ ᠵᠢᠭᠠᠨ᠎ᠠ᠃        19. ᠶᠢᠰᠦᠨ ᠶᠡᠭᠡ ᠢᠨᠵᠧᠨᠧᠷᠢᠩ᠄ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠳᠤ ᠳᠠᠭᠠᠭᠠᠬᠤ ᠴᠢᠨᠠᠷ ᠤᠨ ᠲᠤᠷᠰᠢᠯᠲᠠ ᠶᠢᠨ ᠢᠨᠵᠧᠨᠧᠷᠢᠩ᠂ ᠮᠥᠰᠥ ᠴᠠᠰᠤᠨ ᠤ ᠲᠤᠨᠤᠭᠯᠠᠯ ᠦᠢᠯᠡᠳᠬᠦ ᠶᠢ ᠲᠠᠰ ᠳᠡᠪᠰᠢᠭᠦᠯᠬᠦ ᠢᠨᠵᠧᠨᠧᠷᠢᠩ᠂ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠦᠷᠬᠡᠨ ᠳᠡᠯᠭᠡᠷ ᠳᠦᠭᠡᠭᠡᠮᠡᠯᠵᠢᠭᠦᠯᠬᠦ ᠢᠨᠵᠧᠨᠧᠷᠢᠩ᠂ ᠮᠥᠰᠥ ᠴᠠᠰᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠬᠤ ᠢᠨᠵᠧᠨᠧᠷᠢᠩ᠂ ᠬᠦᠬᠡ ᠠᠭᠤᠯᠠ ᠬᠥᠬᠡᠮᠳᠦᠭ ᠤᠰᠤ ᠶᠢ ᠰᠠᠬᠢᠨ ᠬᠠᠮᠠᠭᠠᠯᠠᠬᠤ ᠢᠨᠵᠧᠨᠧᠷᠢᠩ᠂ ᠮᠥᠰᠥ ᠴᠠᠰᠤᠨ ᠤ ᠴᠢᠳᠠᠪᠤᠷᠢᠲᠠᠨ ᠤ ᠬᠥᠮᠦᠵᠢᠯ ᠢ ᠳᠡᠭᠡᠭᠰᠢᠯᠡᠭᠦᠯᠬᠦ ᠢᠨᠵᠧᠨᠧᠷᠢᠩ᠂ ᠬᠤᠲᠠ ᠶᠢᠨ ᠰᠠᠭᠤᠷᠢ ᠪᠡᠯᠡᠳᠬᠡᠮᠵᠢ ᠶᠢ ᠰᠢᠨᠡᠳᠬᠡᠬᠦ ᠢᠨᠵᠧᠨᠧᠷᠢᠩ᠂ ᠲᠤᠭᠠᠵᠢᠯᠲᠤ ᠵᠠᠰᠠᠯᠲᠠ ᠳᠤ ᠡᠨᠧᠷᠭᠢ ᠣᠯᠭᠤᠬᠤ ᠢᠨᠵᠧᠨᠧᠷᠢᠩ ᠢ ᠵᠢᠭᠠᠨ᠎ᠠ᠃        20. ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠬᠡᠷ ᠬᠦᠷᠢᠶᠡᠯᠡᠩ᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠤᠰ ᠵᠠᠭᠤᠨ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ᠂ ᠣᠷᠣᠨ ᠨᠤᠲᠤᠭ ᠠᠵᠤ ᠠᠬᠤᠶᠢᠯᠠᠯ ᠬᠤᠯᠪᠣᠭᠠᠯᠠᠨ ᠪᠠᠶᠢᠭᠤᠯᠵᠤ ᠬᠠᠮᠲᠤ ᠪᠠᠷ ᠡᠭᠦᠳᠬᠦ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ  ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠤᠢ︔ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠵᠢᠭᠠᠵᠤ ᠪᠤᠢ ︔ ︽ᠨᠢᠭᠡ ᠭᠡᠷ ᠬᠦᠷᠢᠶᠡᠯᠡᠩ︾ ᠭᠡᠳᠡᠭ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠵᠣᠯ ᠵᠢᠷᠭᠠᠯᠲᠤ ᠡᠶ᠎ᠡ ᠵᠣᠬᠢᠴᠠᠩᠭᠤᠢ ᠭᠡᠷ ᠬᠦᠷᠢᠶᠡᠯᠡᠩ ᠪᠠᠶᠢᠭᠤᠯᠬᠤ ᠶᠢ ᠵᠢᠭᠠᠨ᠎ᠠ᠃        21. ᠳᠥᠷᠪᠡᠨ ᠵᠠᠭᠤᠨ ᠮᠢᠩᠭᠠᠨ ᠲᠦᠮᠡᠨ ᠢᠨᠵᠧᠨᠧᠷᠢᠩ᠄ ᠵᠠᠭᠤᠨ ᠨᠡᠷᠡᠰ ᠱᠦᠵᠢ ᠨᠠᠮ ᠤᠨ ᠬᠢᠴᠢᠶᠡᠯ ᠤᠷᠤᠬᠤ᠂ ᠮᠢᠩᠭᠠᠨ ᠲᠠᠯᠠᠪᠤᠷ ᠰᠠᠭᠤᠳᠠᠯ ᠤᠨ ᠬᠤᠷᠠᠯ ᠢᠶᠠᠷ ᠪᠦᠯᠬᠦᠮᠳᠡᠯ ᠢ ᠶᠠᠷᠢᠯᠴᠠᠬᠤ᠂ ᠲᠦᠮᠡᠨ ᠨᠡᠷᠡᠰ ᠨᠠᠮ ᠤᠨ ᠭᠡᠰᠢᠭᠦᠨ ᠭᠠᠴᠠᠭ᠎ᠠ ᠲᠣᠰᠬᠤᠨ ᠳᠤ ᠤᠷᠤᠬᠤ︔ ᠵᠠᠭᠤᠨ ᠪᠦᠯᠬᠦᠮ ᠤᠨ ᠲᠣᠭᠯᠠᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠮᠢᠩᠭᠠᠨ ᠡᠩᠨᠡᠭᠡ ᠤᠬᠠᠭᠤᠯᠭ᠎ᠠ ᠬᠢᠬᠦ᠂ ᠲᠦᠮᠡᠨ ᠺᠠᠳ᠋ᠷ ᠤᠨ ᠶᠡᠭᠡ ᠪᠤᠯᠪᠠᠰᠤᠷᠠᠭᠤᠯᠤᠯ ᠬᠢᠬᠦ︔ ᠠᠷᠠᠳ ᠢᠷᠭᠡᠳ ᠣᠷᠤᠭ ᠪᠠᠷᠢᠯᠳᠤᠨ ᠪᠦᠯᠬᠦᠮᠳᠡᠯ ᠢ ᠠᠬᠢᠭᠤᠯᠬᠤ᠂ ᠮᠢᠩᠭᠠᠨ ᠡᠷᠦᠬᠡ ᠬᠠᠪᠰᠤᠷᠤᠯᠴᠠᠭ᠎ᠠ ᠪᠠᠶᠢᠭᠤᠯᠤᠨ ᠴᠢᠨᠡᠭᠡᠯᠢᠭ ᠨᠡᠶᠢᠭᠡᠮ ᠳᠤ ᠤᠷᠤᠬᠤ᠂ ᠲᠦᠮᠡᠨ ᠡᠷᠦᠬᠡ ᠬᠠᠮᠲᠤ ᠪᠠᠷ ᠪᠦᠯᠬᠦᠮᠳᠡᠯ ᠤᠨ ᠴᠡᠴᠡᠭ ᠢ ᠳᠡᠯᠭᠡᠷᠡᠭᠦᠯᠬᠦ︔ ᠵᠠᠭᠤᠨ ᠬᠠᠷᠠᠭᠤᠯ ᠤᠨ ᠦᠷᠲᠡᠭᠡ ᠤᠮᠠᠷᠠᠲᠤ ᠬᠢᠯᠢ ᠶᠢ ᠪᠠᠬᠢᠵᠢᠬᠦᠯᠬᠦ᠂ ᠮᠢᠩᠭᠠᠨ ᠮᠠᠯᠴᠢᠨ ᠤᠯᠤᠰ ᠤᠨ ᠬᠢᠯᠢ ᠶᠢ ᠴᠠᠭᠳᠠᠬᠤ᠂ ᠲᠦᠮᠡᠨ ᠴᠡᠷᠢᠭ ᠠᠷᠠᠳ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠵᠢᠭᠠᠨ᠎ᠠ᠃        22. ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ︽ᠭᠤᠷᠪᠠᠨ ᠲᠥᠯᠥᠪᠯᠡᠭᠡ︾᠄ ︽ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠂  ︽ᠡᠯ᠎ᠡ ᠦᠨᠳᠦᠰᠦᠲᠡᠨ ᠤ ᠣᠯᠠᠨ ᠲᠦᠮᠡᠨ ᠤ ᠬᠠᠷᠢᠯᠴᠠᠨ ᠰᠢᠭᠢᠳᠬᠡᠯᠳᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾᠂ ︽ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ︾ ᠶᠢ ᠵᠢᠭᠠᠨ᠎ᠠ᠃       23. ᠳᠥᠷᠪᠡᠨ ᠬᠠᠮᠲᠤ᠄ ᠮᠠᠨ ᠤ ᠥᠷᠭᠡᠨ ᠠᠭᠤᠳᠠᠮ ᠬᠢᠯᠢ ᠬᠢᠵᠠᠭᠠᠷ ᠣᠷᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠤᠶᠢᠵᠢᠭᠤᠯᠤᠭᠰᠠᠨ ᠶᠤᠮ᠃        24. ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ᠄ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ ᠵᠢᠭᠠᠨ᠎ᠠ᠃        25. ︽ᠵᠢᠷᠭᠤᠭ᠎ᠠ ᠦᠭᠡᠢ︾ ᠰᠢᠶᠠᠩ ᠲᠣᠰᠬᠤᠨ᠄ ᠠᠮᠢᠨ ᠬᠡᠷᠡᠭ ᠦᠭᠡᠢ᠂ ᠪᠡᠭᠡᠵᠢᠩ ᠪᠠ ᠣᠷᠤᠨ ᠳᠤ ᠬᠦᠷᠴᠦ ᠵᠠᠬᠢᠳᠠᠯ ᠰᠣᠷᠪᠤᠯᠵᠢᠯᠠᠭ᠎ᠠ ᠦᠭᠡᠢ᠂ ᠴᠠᠬᠢᠯᠭᠠᠨ ᠬᠤᠯᠪᠤᠭᠠᠨ ᠤ ᠮᠡᠬᠡᠯᠡᠯ ᠦᠭᠡᠢ᠂ ᠵᠠᠭᠠᠯᠳᠤᠯᠭ᠎ᠠ ᠦᠭᠡᠢ᠂ ᠭᠠᠵᠢᠭᠤ ᠨᠣᠮᠯᠠᠯ ᠦᠭᠡᠢ᠂ ᠬᠤᠣᠷᠲᠤ ᠡᠳ᠋ ᠦᠭᠡᠢ ᠰᠢᠶᠠᠩ ᠲᠣᠰᠬᠤᠨ ᠢ ᠵᠢᠭᠠᠨ᠎ᠠ᠃        26. ᠠᠷᠪᠠᠨ ᠵᠤᠷᠪᠤᠰ ᠲᠤᠷᠰᠢᠯᠭ᠎ᠠ ᠬᠢᠳᠡᠯ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠠᠷᠪᠠᠨ ᠲᠠᠯ᠎ᠠ ᠶᠢᠨ ᠲᠤᠷᠰᠢᠯᠭ᠎ᠠ ᠬᠢᠳᠡᠯ ᠢ ᠵᠢᠭᠠᠨ᠎ᠠ᠂ ᠨᠢᠭᠡ ᠳᠤ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ︔ ᠬᠤᠶᠠᠷ ᠲᠤ ᠦᠵᠡᠯ ᠰᠠᠨᠠᠭ᠎ᠠ ᠪᠠᠨ ᠴᠢᠯᠥᠭᠡᠯᠡᠨ ᠦᠵᠡᠯᠲᠡ ᠪᠠᠨ ᠬᠤᠪᠢᠷᠠᠭᠤᠯᠤᠨ᠎ᠠ︔ ᠭᠤᠷᠪᠠ ᠳᠤ ᠲᠤᠭᠲᠠᠯ ᠬᠦᠴᠦᠨ ᠢᠶᠠᠨ ᠪᠠᠷᠢᠮᠲᠠᠯᠠᠵᠤ ᠭᠤᠶᠢᠪᠢᠬᠤ ᠦᠭᠡᠢ︔ ᠳᠥᠷᠪᠡ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠨ᠎ᠠ︔ ᠲᠠᠪᠤ ᠳᠤ ᠳᠠᠪᠠᠭᠤᠯᠢᠭ ᠢᠶᠠᠨ ᠪᠠᠳᠠᠷᠠᠭᠤᠯᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ︔ ᠵᠢᠷᠭᠤᠭ᠎ᠠ ᠳᠤ ᠡᠷᠴᠢ ᠵᠣᠷᠢᠭ ᠢᠶᠠᠨ ᠬᠦᠪᠴᠢᠯᠡᠨ ᠰᠢᠨ᠎ᠡ ᠶᠢ ᠡᠭᠦᠳᠬᠦ ᠶᠢ ᠡᠷᠬᠢᠮᠯᠡᠨ᠎ᠡ︔ ᠲᠤᠯᠤᠭ᠎ᠠ ᠳᠤ ᠦᠨᠡᠨ ᠬᠦ ᠠᠳᠬᠤᠵᠤ ᠪᠣᠳᠠᠲᠠᠢ ᠠᠵᠢᠯᠯᠠᠵᠤ ᠲᠡᠷᠢᠭᠦᠨ ᠳᠤᠨᠢ ᠣᠷᠤᠬᠤ ᠪᠠᠷ ᠴᠢᠷᠮᠠᠶᠢᠨ᠎ᠠ︔ ᠨᠠᠢᠮᠠ ᠳᠤ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ︔ ᠶᠢᠰᠦ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠣᠳᠠᠲᠤ ᠪᠦᠲᠦᠮᠵᠢ ᠶᠢ ᠡᠷᠬᠢᠮᠯᠡᠨ᠎ᠡ︔ ᠠᠷᠪᠠ ᠳᠤ ᠴᠢᠬᠡᠴᠢ ᠰᠤᠷᠲᠠᠯ ᠲᠥᠪ ᠣᠪᠣᠷ ᠢᠶᠠᠷ ᠪᠠᠲᠤᠯᠠᠭ᠎ᠠ ᠶᠢ ᠴᠢᠩᠭᠠᠷᠠᠭᠤᠯᠤᠨ᠎ᠠ᠃       27. ︽ᠲᠠᠪᠤ ᠶᠢ ᠪᠠᠷᠢᠮᠲᠠᠯᠠᠬᠤ ᠪᠠ ᠬᠠᠮᠵᠢᠯᠴᠠᠬᠤ︾᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠵᠠᠷᠴᠢᠮ ᠤᠨ ᠱᠠᠭᠠᠷᠳᠠᠯᠭ᠎ᠠ ᠶᠢ ᠵᠢᠭᠠᠵᠤ ᠪᠤᠢ᠂ ᠨᠢᠭᠡ ᠳᠤ ︽ᠲᠣᠭᠲᠠᠭᠤᠨ ᠢᠶᠠᠷ ᠤᠷᠤᠭᠰᠢᠯᠠᠭᠤᠯᠬᠤ︾ ᠪᠠ ︽ᠰᠢᠯᠢᠳᠡᠭᠵᠢᠭᠦᠯᠦᠨ ᠠᠬᠢᠭᠤᠯᠬᠤ︾ ᠶᠢ ᠨᠢᠭᠡᠳᠦᠯᠲᠡᠢ ᠲᠦᠯᠦᠪᠯᠡᠬᠦ ᠶᠢ ᠪᠠᠷᠢᠮᠲᠠᠯᠠᠵᠤ᠂ ᠲᠣᠭᠲᠠᠭᠤᠨ ᠶᠠᠪᠤᠭᠳᠠᠯ ᠪᠠ ᠴᠢᠨᠠᠷ ᠢ ᠳᠡᠭᠡᠭᠰᠢᠯᠡᠭᠦᠯᠦᠨ ᠪᠦᠲᠦᠮᠵᠢ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠤᠨ᠎ᠠ︔ ᠬᠤᠶᠠᠷ ᠲᠤ ︽ᠤᠷᠢᠳᠠᠪᠠᠷ ᠲᠤᠭᠲᠠᠭᠠᠬᠤ︾ ᠪᠠ ︽ᠳᠠᠷᠠᠭ᠎ᠠ ᠳᠤᠨᠢ ᠰᠢᠪᠲᠤᠯᠬᠤ︾ ᠶᠢ ᠬᠠᠷᠢᠯᠴᠠᠨ ᠵᠣᠯᠭᠠᠭᠤᠯᠬᠤ ᠶᠢ ᠪᠠᠷᠢᠮᠲᠠᠯᠠᠵᠤ᠂ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠠᠮᠵᠢᠯᠴᠠᠨ ᠠᠬᠢᠭᠤᠯᠤᠨ᠎ᠠ︔ ᠭᠤᠷᠪᠠ ᠳᠤ ︽ᠬᠠᠩᠭᠠᠯᠭ᠎ᠠ︾ ᠪᠠ ︽ᠬᠡᠷᠡᠭᠴᠡᠭᠡ︾ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠪᠦᠲᠦᠴᠡ ᠶᠢ ᠰᠢᠯᠢᠳᠡᠭᠵᠢᠭᠦᠯᠬᠦ ᠪᠠ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠶᠢ ᠬᠠᠮᠵᠢᠯᠴᠠᠨ ᠠᠬᠢᠭᠤᠯᠤᠨ᠎ᠠ︔ ᠳᠥᠷᠪᠡ ᠳᠤ ︽ᠳᠣᠲᠣᠭᠠᠳᠤ ᠳᠠᠭᠠᠨ︾ ᠪᠠ ︽ᠭᠠᠳᠠᠭᠠᠳᠤ ᠳᠤ︾ ᠬᠠᠷᠢᠯᠴᠠᠨ ᠨᠡᠪᠲᠡᠷᠡᠯᠴᠡᠬᠦ ᠶᠢ ᠪᠠᠷᠢᠮᠲᠠᠯᠠᠵᠤ᠂ ᠤᠮᠠᠷᠠᠰᠢ ᠨᠡᠭᠡᠭᠡᠯᠲᠡ ᠬᠢᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠠᠮᠵᠢᠯᠴᠠᠨ ᠠᠬᠢᠭᠤᠯᠤᠨ᠎ᠠ︔ ᠲᠠᠪᠤ ᠳᠤ ︽ᠪᠦᠬᠦᠯᠢ ᠴᠣᠭᠴᠠ︾ ᠪᠠ ︽ᠬᠡᠰᠡᠭ ᠲᠠᠯ᠎ᠠ︾ ᠶᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠪᠥᠬᠦ ᠬᠡᠪᠴᠢᠶᠡᠨ ᠳᠤ ᠭᠢᠯᠠᠯᠵᠠᠭᠰᠠᠨ ᠪᠦᠲᠦᠮᠵᠢ ᠣᠯᠬᠤ ᠪᠠ ᠭᠤᠤᠯᠳᠠᠯᠭ᠎ᠠ ᠲᠠᠢ ᠰᠢᠪᠲᠤᠯᠤᠯᠲᠠ ᠭᠠᠷᠭᠠᠬᠤ ᠶᠢ ᠬᠠᠮᠵᠢᠯᠴᠠᠨ ᠠᠬᠢᠭᠤᠯᠤᠨ᠎ᠠ᠃       28. ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠶ ᠶᠢᠨ ᠲᠠᠯᠠᠪᠠᠢ ᠳᠤ ᠠᠯᠪᠠᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠨ᠎ᠠ᠃        29. ᠭᠤᠷᠪᠠ ᠶᠢ ᠪᠠᠲᠤᠯᠠᠬᠤ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ