ᠰᠦᠨ ᠱᠣᠤ ᠴᠧᠩ ᠴᠠᠭᠠᠨ ᠰᠠᠷ᠎ᠠ ᠠᠴᠠ ᠡᠮᠦᠨ᠎ᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠣᠯᠣᠨ ᠠᠵᠢᠯᠲᠠᠨ ᠠᠵᠢᠯᠴᠢᠳ ᠢ ᠡᠷᠬᠢᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/2/8
       ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 5 ᠤ ᠡᠳᠦᠷ᠂ ᠰᠦᠨ ᠱᠣᠤ ᠴᠧᠩ ᠬᠥᠬᠡᠬᠤᠲᠠ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠣᠯᠣᠨ ᠢᠯᠴᠢ ᠬᠠᠩᠭᠠᠬᠤ ᠠᠵᠢᠯᠲᠠᠨ ᠠᠵᠢᠯᠴᠢᠳ ᠢ ᠡᠷᠭᠢᠨ ᠦᠵᠡᠵᠦ ᠲᠣᠬᠤᠨᠢᠭᠤᠯᠤᠨ᠂ ᠲᠡᠳᠡᠨᠦᠰ ᠲᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠰᠢᠨ᠎ᠡ ᠵᠢᠯ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃
20240208-1.jpg      
       ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠰᠦᠨ ᠱᠣᠤ ᠴᠧᠩ ᠥᠪᠥᠷ ᠮᠣᠩᠭᠤᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠪᠠᠶᠢᠭᠤᠯᠭ᠎ᠠ ᠳᠤ ᠬᠦᠷᠴᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠤᠭᠴᠢ ᠪᠠᠶᠢᠯᠳᠤᠭᠴᠢᠳ ᠲᠠᠢ ᠳᠣᠲᠣᠨᠤ ᠪᠠᠷ ᠶᠠᠷᠢᠯᠴᠠᠵᠤ᠂ ᠬᠥᠯᠥᠨ ᠪᠤᠶᠢᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠢ ᠬᠠᠮᠠᠭᠠᠯᠠᠬᠤ ᠵᠢᠯᠤᠭᠤᠳᠬᠤ ᠭᠠᠵᠠᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠣᠨ ᠪᠤᠭᠤᠲᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠸᠢᠳᠢᠣ᠋ ᠪᠠᠷ ᠬᠤᠯᠪᠤᠯᠳᠤᠭᠰᠠᠨ ᠪᠥᠭᠡᠳ ᠪᠦᠬᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠪᠠᠶᠢᠳᠠᠯ ᠪᠣᠯᠣᠨ ᠥᠪᠥᠷ ᠮᠣᠩᠭᠤᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠥᠭᠡᠷᠡᠴᠢᠯᠡᠯᠲᠡ ᠬᠦᠭᠵᠢᠯᠲᠡ ᠶᠢᠨ ᠥᠩᠭᠡᠷᠡᠯᠲᠡ ᠶᠢ ᠣᠶᠢᠯᠠᠭᠠᠪᠠ᠃ ᠲᠡᠷᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯ ᠨᠢᠭᠡᠨ ᠣᠨᠴᠠᠭᠠᠢ ᠪᠥᠭᠡᠳ ᠴᠢᠬᠤᠯᠠ ᠡᠩᠨᠡᠭᠡ ᠮᠥᠨ᠂ ᠲᠤᠬᠠᠶᠢᠯᠠᠭᠰᠠᠨ ᠠᠵᠢᠯ ᠤᠨ ᠠᠶᠤᠯ ᠲᠦᠭᠰᠢᠭᠦᠷᠢ ᠶᠢᠨ ᠬᠡᠮᠵᠢᠶ᠎ᠡ ᠦᠨᠳᠦᠷ᠂ ᠰᠠᠬᠢᠯᠭ᠎ᠠ ᠪᠠᠲᠤᠴᠢ ᠴᠢᠨᠠᠷ ᠢᠶᠠᠷ ᠴᠢᠩᠭ᠎ᠠ ᠪᠠᠶᠢᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠴᠢᠬᠤᠯᠠ ᠬᠦᠭᠦᠷᠭᠡ ᠮᠥᠨ᠃ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠨᠥᠬᠦᠳ ᠨᠠᠷ ᠲᠤ ᠤᠷᠢᠳᠴᠢᠯᠡᠨ ᠰᠢᠨ᠎ᠡ ᠵᠢᠯ ᠴᠠᠭᠠᠨ ᠰᠠᠷ᠎ᠠ ᠶᠢᠨ ᠪᠠᠶᠠᠷ ᠬᠦᠷᠭᠡᠬᠦ ᠶᠢᠨ ᠬᠠᠮᠲᠤ ᠡᠨᠡ ᠬᠦ ᠲᠠᠰᠢᠷᠠᠮ ᠢᠶᠠᠷ ᠠᠵᠢᠯ ᠤᠨ ᠡᠮᠦᠨ᠎ᠡ ᠹᠷᠣᠨᠲ ᠲᠤ ᠭᠠᠪᠰᠢᠭᠠᠶᠢᠯᠠᠵᠤ ᠪᠠᠶᠢᠭ᠎ᠠ ᠡᠯ᠎ᠡ ᠠᠵᠢᠯ ᠲᠥᠷᠥᠯ ᠤᠨ ᠨᠥᠬᠦᠳ ᠢ ᠳᠣᠲᠣᠨᠤ ᠪᠠᠷ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠵᠦ᠂ ᠣᠯᠠᠨ ᠤ ᠴᠠᠭᠠᠨ ᠰᠠᠷ᠎ᠠ ᠳᠠᠭᠠᠨ ᠪᠠᠶᠠᠷ ᠬᠦᠷ ᠲᠠᠢ᠂ ᠠᠵᠢᠯ ᠦᠢᠯᠡᠰ ᠠᠮᠵᠢᠯᠲᠠ ᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠦᠩᠨᠡᠪᠡ᠃ ᠰᠦᠨ ᠱᠣᠤ ᠴᠧᠩ᠂ ᠥᠴᠥᠭᠡᠳᠦᠷ ᠠᠴᠠ ᠡᠬᠢᠯᠡᠨ ᠬᠥᠬᠡᠬᠤᠲᠠ ᠳᠤ ᠨᠡᠶᠢᠳᠡᠮ ᠴᠠᠰᠤ ᠣᠷᠣᠵᠤ᠂ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠴᠠᠰᠤ ᠴᠡᠪᠡᠷᠯᠡᠨ ᠶᠠᠭᠠᠷᠠᠯᠲᠠᠢ ᠠᠵᠢᠯᠯᠠᠵᠤ᠂ ᠮᠠᠰᠢ ᠵᠦᠳᠡᠷᠡᠯᠲᠡᠢ ᠪᠠᠶᠢᠨ᠎ᠠ ᠭᠡᠵᠦ ᠲᠡᠳᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠪᠡᠶ᠎ᠡ ᠮᠠᠬᠠᠪᠤᠳ ᠡᠷᠡᠭᠦᠯ ᠴᠢᠬᠢᠷᠠᠭ᠂ ᠠᠵᠢᠯ ᠦᠢᠯᠡᠰ ᠤᠷᠤᠭᠰᠢᠲᠠᠢ ᠪᠠᠶᠢᠬᠤ ᠶᠢ ᠵᠥᠩᠨᠡᠪᠡ᠃
20240208-2.jpg    
             ᠳᠠᠷᠠᠭ᠎ᠠ ᠨᠢ᠂ ᠰᠦᠨ ᠱᠣᠤ ᠴᠧᠩ ᠬᠥᠬᠡᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠴᠧᠩ ᠹᠠ ᠺᠣᠮᠫᠠᠨᠢ ᠶᠢᠨ ᠴᠢᠶᠣᠤ ᠺᠣᠣ ᠬᠤᠪᠢᠶᠠᠷᠢ ᠺᠤᠮᠫᠠᠨᠢ ᠶᠢᠨ ᠵᠢᠯᠤᠭᠤᠳᠤᠨ ᠳᠣᠬᠢᠷᠠᠭᠤᠯᠬᠤ ᠲᠥᠪ ᠲᠤ ᠬᠦᠷᠴᠦ᠂ ᠬᠥᠬᠡᠬᠤᠲᠠ ᠶᠢᠨ ᠳᠤᠯᠠᠭᠠᠯᠠᠭ᠎ᠠ ᠶᠢᠨ ᠪᠠᠲᠤᠯᠠᠭ᠎ᠠ ᠪᠣᠯᠣᠨ ᠲᠤᠯᠠᠭᠠᠯᠠᠭ᠎ᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠣᠯᠠᠨ ᠠᠵᠢᠯᠲᠠᠨ ᠠᠵᠢᠯᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠬᠥᠬᠡᠬᠤᠲᠠ ᠣᠷᠣᠨ ᠤ ᠲᠥᠪ ᠪᠣᠯᠣᠭᠰᠠᠨ ᠤ ᠬᠤᠪᠢ ᠳᠤ᠂ ᠳᠤᠯᠠᠭᠠᠯᠠᠭ᠎ᠠ ᠶᠢᠨ ᠢᠨᠵᠧᠨᠧᠷᠢᠩ ᠢ ᠲᠦᠷᠦᠭᠦᠯᠡᠨ ᠰᠠᠶᠢᠲᠤᠷ ᠠᠳᠬᠤᠵᠤ᠂ ᠬᠤᠭᠤᠯᠠᠢ ᠲᠣᠣᠷ ᠢ ᠥᠭᠡᠷᠡᠴᠢᠯᠡᠨ ᠰᠠᠶᠢᠵᠢᠷᠠᠭᠤᠯᠬᠤ ᠪᠠ ᠬᠤᠯᠪᠤᠯᠳᠤᠨ ᠨᠡᠪᠲᠡᠷᠡᠯᠴᠡᠬᠦ ᠠᠵᠢᠯ ᠢ ᠨᠢᠭᠡᠲᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ ᠣᠯᠠᠨ ᠴᠠᠬᠢᠯᠭᠠᠨ ᠤ ᠦᠢᠯᠡᠳᠪᠦᠷᠢ ᠶᠢᠨ ᠦᠯᠡᠳᠡᠭᠳᠡᠯ ᠢᠯᠴᠢ ᠪᠠᠷ ᠳᠤᠯᠠᠭᠠᠯᠠᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠯᠠᠭ᠎ᠠ ᠶᠢᠨ ᠲᠤᠬᠠᠢ ᠬᠦᠰᠡᠯ ᠱᠠᠭᠠᠷᠳᠠᠯᠭ᠎ᠠ ᠶᠢ ᠦᠨᠡᠨ ᠪᠣᠲᠠᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠯᠤᠰ ᠬᠡᠲᠦ ᠶᠢ ᠪᠣᠳᠣᠯᠬᠢᠯᠠᠨ᠂ ᠢᠯᠴᠢ ᠬᠠᠩᠭᠠᠬᠤ ᠦᠨ᠎ᠡ ᠲᠣᠭᠲᠠᠭᠠᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠣᠷᠣᠯᠭ᠎ᠠ ᠵᠠᠷᠤᠯᠭ᠎ᠠ ᠶᠢ ᠰᠠᠶᠢᠲᠤᠷ ᠲᠡᠩᠴᠡᠭᠦᠯᠵᠦ᠂ ᠰᠠᠶᠢᠨ ᠣᠷᠴᠢᠯ ᠢ ᠪᠤᠢ ᠪᠣᠯᠭᠠᠬᠤ ᠬᠡᠷᠡᠭᠲᠡᠢ ᠭᠡᠵᠡᠢ᠃
20240208-3.jpg    
       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠤ ᠭᠠᠩ᠂ ᠢᠤᠢ ᠯᠢ ᠰᠢᠨ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ  ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ